ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/15
       11 ᠰᠠᠷ᠎ᠠ ᠶᠢᠨ 14 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ  ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ  ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ  ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠾᠧᠦ ᠭᠦᠸᠧ ᠵᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ  ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠶᠢᠩ ᠬᠤᠷᠠᠯ ᠳᠤ ᠣᠷᠣᠯᠴᠠᠪᠠ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠭᠤᠤᠯ ᠡᠭᠦᠷᠭᠡ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽12  ᠲᠦᠷᠥᠯ ᠳᠡᠭᠡᠷ᠎ᠡ ᠨᠡᠮᠡᠨ ᠪᠠᠶᠢᠴᠠᠭᠠᠬᠤ︾  ᠠᠷᠭ᠎ᠠ ᠬᠡᠯᠪᠡᠷᠢ ᠪᠠ ︽ᠳᠥᠷᠪᠡᠨ  ᠮᠡᠳᠡᠭᠳᠡᠬᠦ ᠦᠭᠡᠢ ᠬᠤᠶᠠᠷ ᠰᠢᠭᠤᠳ ᠪᠠᠶᠢᠴᠠᠭᠠᠬᠤ︾ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠮᠠᠶ᠋ᠢᠭ ᠢ ᠶᠡᠷᠦᠩᠬᠡᠶᠢᠯᠡᠨ  ᠠᠰᠢᠭᠯᠠᠬᠤ ᠬᠡᠷᠡᠭᠳᠡᠢ᠃  ᠤᠬᠠᠮᠰᠠᠷ ᠠᠴᠠ ᠪᠠᠨ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ᠂ ᠬᠠᠮᠤᠭ ᠤᠨ ᠰᠢᠨ᠎ᠡ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠬᠤ ᠬᠡᠷᠡᠭᠳᠡᠢ᠃ ᠲᠣᠭᠤᠷᠢᠨ ᠪᠠᠶᠢᠴᠠᠭᠠᠬᠤ ᠠᠵᠢᠯ ᠤᠨ ᠬᠦᠴᠦᠯᠡᠬᠦ ᠴᠡᠭ ᠪᠠ ᠵᠠᠩᠭᠢᠯᠠᠭ᠎ᠠ ᠶᠢᠨ ᠴᠡᠭ ᠢ ︽ᠬᠤᠶᠠᠷ ᠢ ᠲᠣᠭᠲᠠᠭᠠᠬᠤ︾ ᠶᠢ  ᠰᠢᠳᠤᠷᠭᠤ ᠪᠠᠷ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠳᠡᠭᠡᠷ᠎ᠡ ᠨᠢᠭᠡᠳᠬᠡᠵᠦ᠂ ︽ᠳᠥᠷᠪᠡᠨ  ᠲᠦᠪᠯᠡᠷᠡᠯ︾ ᠤᠨ ᠲᠣᠭᠤᠷᠢᠨ ᠳᠤ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠢᠭᠡᠳᠦᠭᠡᠷ ᠭᠠᠷ︾ ᠪᠠ  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ᠂ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠬᠦᠷᠢᠶ᠎ᠡ ᠶᠢ ᠴᠢᠩᠭ᠎ᠠ ᠠᠩᠬᠠᠷᠴᠤ᠂ ᠨᠠᠷᠢᠯᠢᠭ ᠣᠨᠣᠴᠠᠲᠠᠶ ᠪᠠᠷ ᠬᠢᠨᠠᠯᠲᠠ ᠲᠠᠯᠪᠢᠬᠤ ᠬᠡᠷᠡᠭᠲᠡᠶ ᠭᠡᠵᠡᠢ᠃     ᠬᠤᠷᠠᠯ ᠠᠴᠠ᠂ ᠲᠤᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠬᠦᠨ  ᠱᠠᠭᠠᠷᠳᠠᠯᠭ᠎ᠠ ᠶᠢ ᠳᠠᠭᠠᠵᠤ᠂ ᠠᠰᠠᠭᠤᠳᠠᠯ ᠢ  ᠳᠠᠯᠳᠠᠯᠠᠬᠤ ᠦᠭᠡᠢ᠂ ᠵᠥᠷᠢᠴᠡᠯ ᠠᠴᠠ ᠵᠠᠶᠢᠯᠠᠬᠤ ᠦᠭᠡᠢ ᠪᠠᠶᠢᠬᠤ ᠬᠡᠷᠡᠭᠳᠡᠢ᠃  ᠲᠤᠭᠤᠷᠢᠨ ᠪᠠᠶᠢᠴᠠᠭᠠᠬᠤ ᠳᠤᠭᠤᠶᠢᠯᠠᠩ ᠤᠨ ᠲᠣᠳᠣᠷᠬᠠᠶᠢᠯᠠᠬᠤ ᠪᠠᠷ ᠱᠠᠭᠠᠷᠳᠠᠭᠰᠠᠨ ᠠᠰᠠᠭᠤᠳᠠᠯ ᠪᠤᠶᠤ ᠬᠠᠩᠭᠠᠭᠰᠠᠨ ᠮᠠᠲ᠋ᠧᠷᠢᠶᠠᠯ ᠢ ᠦᠨᠡᠨ ᠪᠣᠳᠠᠲᠠᠶ ᠪᠠᠷ ᠲᠤᠰᠬᠠᠬᠤ ᠪᠤᠶᠤ ᠬᠠᠩᠭᠠᠵᠤ᠂ ᠨᠢᠭᠤᠵᠤ ᠳᠠᠷᠤᠭᠠᠳ ᠮᠡᠳᠡᠭᠦᠯᠬᠦ ᠥᠬᠡᠶ᠂ ᠵᠣᠷᠢᠭᠤᠳᠠ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ ᠪᠠᠶᠢᠳᠠᠯ ᠭᠠᠷᠬᠤ ᠶᠢ ᠶᠠᠭᠠᠬᠢᠭᠰᠠᠨ ᠴᠤ ᠵᠥᠪᠰᠢᠶᠡᠷᠡᠬᠦ ᠥᠬᠡᠶ  ᠮᠦᠷᠲᠡᠭᠡᠨ ᠬᠠᠷᠢᠭᠤᠴᠠᠯᠭ᠎ᠠ ᠨᠡᠬᠡᠮᠵᠢᠯᠡᠨ᠎ᠡ ᠭᠡᠵᠡᠢ᠃    ᠲᠣᠰ ᠤᠳᠠᠭᠠᠨ ᠤ ᠡᠭᠡᠯᠵᠢ ᠶᠢᠨ  ᠲᠤᠭᠤᠷᠢᠨ ᠪᠠᠶᠢᠴᠠᠭᠠᠯᠲᠠ ᠳᠤ ︽ ᠵᠤᠷᠰᠢᠯ ᠤᠨ ᠪᠠ ᠲᠤᠰᠬᠠᠶ  ᠲᠦᠷᠥᠯ︾  ᠢ ᠤᠶᠠᠯᠳᠤᠭᠤᠯᠬᠤ  ᠠᠷᠭ᠎ᠠ ᠬᠡᠯᠪᠡᠷᠢ ᠶᠢ ᠠᠪᠴᠤ᠂  ᠬᠤᠰᠢᠭᠤᠨ ᠤ ᠡᠪᠯᠡᠯ ᠤᠨ ᠬᠤᠷᠢᠶ᠎ᠠ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠂ ᠤᠯᠠᠭᠠᠨᠬᠠᠳᠠ ᠬᠤᠲᠠ ᠶᠢᠨ ᠬᠠᠰ ᠯᠤᠤ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠯᠪᠠᠨ ᠬᠡᠷ ᠵᠡᠷᠭᠡ 6 ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ  ᠲᠤᠭᠤᠷᠢᠨ ᠪᠠᠶᠢᠴᠠᠭᠠᠯᠲᠠ ᠬᠢᠵᠦ᠂ ᠡᠯᠡᠰᠦ ᠶᠢ ᠰᠡᠷᠭᠡᠶᠢᠯᠡᠵᠦ  ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠳᠤ ︽ᠲᠤᠰᠬᠠᠶ  ᠲᠤᠭᠤᠷᠢᠨ ᠪᠠᠶᠢᠴᠠᠭᠠᠯᠲᠠ︾  ᠬᠢᠬᠦ ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号