ᠲᠡᠷᠢᠭᠦᠨ ᠨᠢᠭᠤᠷ - ᠵᠠᠰᠠᠭ ᠤᠨ ᠣᠷᠳᠣᠨ ᠤ ᠠᠯᠪᠠᠨ ᠮᠡᠳᠡᠭᠡ - ᠠᠯᠪᠠᠨ ᠪᠢᠴᠢᠭ - 2024 ᠣᠨ - 18 ᠳ᠋ᠤᠭᠠᠷ | ᠬᠤᠭᠤᠴᠠᠭ᠎ᠠ ︵ᠶᠡᠷᠦᠩᠬᠡᠢ 423 ᠳ᠋ᠤᠭᠠᠷ ᠬᠤᠭᠤᠴᠠᠭ᠎ᠠ︶ | | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾᠂ ︽ | ᠪᠡᠯᠡᠳᠭᠡᠮᠵᠢᠳᠤ ᠮᠠᠯ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ | ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | | | | ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ | ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ | | | | ᠪᠥᠬᠦ ᠣᠷᠣᠨ ᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠬᠡᠪᠴᠢᠶ᠎ᠡ ᠪᠠᠭ᠎ᠠ᠂ ᠬᠠᠲᠠᠭᠤ ᠲᠤᠨᠤᠭ | ᠪᠡᠯᠡᠳᠬᠡᠮᠵᠢ ᠠᠨᠠᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠᠭᠤᠷᠠᠶ᠂ ᠡᠵᠡᠩᠨᠡᠯᠲᠡ ᠶᠢᠨ | ᠦᠷ᠎ᠡ ᠠᠰᠢᠭ ᠳᠣᠤᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ ᠪᠡᠯᠡᠳᠭᠡᠮᠵᠢᠳᠤ | ᠲᠠᠷᠢᠶᠠᠯᠠᠩ ᠤᠨ ᠲᠠᠯᠠᠪᠠᠶ ᠶᠢ ᠨᠡᠮᠡᠭᠳᠡᠭᠦᠯᠦᠭᠡᠳ 280 ᠲᠦᠮᠡᠡ ᠮᠥ ᠠᠴᠠ ᠳᠡᠭᠡᠭᠰᠢ ᠪᠣᠯᠭᠠᠬᠤ᠂ 2030 ᠣᠨ | ᠪᠣᠯᠬᠤ ᠳᠤ ᠣᠷᠣᠨ ᠪᠦᠰᠡ ᠶᠢᠨ ᠪᠠᠶᠢᠷᠢᠰᠢᠭᠤᠯᠤᠯᠲᠠ ᠨᠠᠩ ᠵᠣᠬᠢᠰᠲᠠᠶ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠨᠥᠬᠦᠴᠡᠯ ᠢᠯᠡᠳᠲᠡ ᠰᠠᠶᠢᠵᠢᠷᠠᠭᠰᠠᠨ᠂ ᠬᠥᠭᠵᠢᠯᠲᠡ ᠶᠢᠨ ᠶᠠᠰᠤ ᠴᠢᠨᠠᠷ | ᠦᠷ᠎ᠡ ᠠᠰᠢᠭ ᠪᠠ ᠥᠷᠢᠰᠦᠯᠳᠦᠬᠦ ᠬᠦᠴᠦᠨ ᠨᠢ ᠲᠠᠰᠤᠷᠠᠯᠲᠠ ᠥᠬᠡᠶ ᠴᠢᠩᠭᠠᠷᠠᠭᠰᠠᠨ ᠣᠲᠣ ᠦᠶ᠎ᠡ ᠶᠢᠨ | ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠪᠠᠶᠢᠷᠢᠰᠢᠯ ᠢ ᠴᠤᠭᠴᠠᠯᠠᠬᠤ ᠶᠢ ᠴᠢᠷᠮᠠᠶᠢᠨ ᠪᠡᠶᠡᠯᠡᠭᠦᠯᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠪᠡᠯᠡᠳᠭᠡᠮᠵᠢᠳᠤ ᠲᠠᠷᠢᠶᠠᠯᠠᠩ ᠢ ᠬᠡᠪᠴᠢᠶᠡᠵᠢᠬᠦᠯᠦᠨ ᠬᠥᠭᠵᠢᠭᠦᠯᠬᠦ ᠶᠢ ᠳᠡᠮᠵᠢᠨ᠎ᠡ | ᠬᠤᠲᠠ ᠶᠢᠨ ᠡᠷᠬᠢᠨ ᠲᠣᠭᠤᠷᠢᠨ ᠤ ︽ᠢᠳᠡᠰᠢᠨ ᠨᠣᠭᠤᠭ᠎ᠠ︾ ᠶᠢᠨ ᠰᠠᠭᠤᠷᠢᠨ ᠭᠠᠵᠠᠷ ᠪᠠ ᠪᠡᠯᠡᠳᠭᠡᠮᠵᠢᠳᠤ | ᠲᠠᠷᠢᠶᠠᠯᠠᠩ ᠤᠨ ᠬᠥᠭᠵᠢᠯᠲᠡ ᠶᠢᠨ ᠳᠠᠪᠠᠭᠤᠯᠢᠭ ᠣᠷᠣᠨ ᠳᠤ᠂ ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ | ᠨᠥᠬᠦᠪᠥᠷᠢᠯᠡᠬᠦ ᠠᠷᠭ᠎ᠠ ᠮᠠᠶ᠋ᠢᠭ ᠢᠶᠠᠷ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠵᠦ᠂ ᠡᠩ ᠤᠨ ᠨᠠᠷᠠᠨ ᠬᠦᠯᠡᠮᠵᠢ ᠶᠢ | 500 ᠮᠥ ᠠᠴᠠ ᠳᠡᠭᠡᠭᠰᠢ᠂ ᠰᠦᠯᠢᠶᠣᠣ ᠬᠦᠢᠲᠡᠨ ᠪᠥᠷᠬᠡ ᠶᠢ 1000 ᠮᠥ ᠠᠴᠠ ᠳᠡᠭᠡᠭᠰᠢ᠂ ᠲᠠᠩ ᠴᠣᠭᠴᠠᠲᠤ | ᠤᠶᠤᠨᠴᠢ ᠬᠦᠯᠡᠮᠵᠢ ᠶᠢ 50 ᠮᠥ ᠠᠴᠠ ᠳᠡᠭᠡᠭᠰᠢ ᠰᠢᠨ᠎ᠡ ᠪᠠᠷ ᠪᠠᠶᠢᠭᠤᠯᠬᠤ ᠵᠢᠴᠢ 1000 ᠮᠥ ᠠᠴᠠ ᠳᠡᠭᠡᠭᠰᠢ | ᠡᠩ ᠤᠨ ᠨᠠᠷᠠᠨ ᠬᠦᠯᠡᠮᠵᠢ ᠶᠢ ᠲᠥᠪᠯᠡᠷᠡᠭᠦᠯᠦᠨ ᠵᠠᠯᠭᠠᠯᠳᠤᠭᠤᠯᠵᠤ ᠦᠭᠡᠷᠡᠴᠢᠯᠡᠨ ᠰᠢᠨᠡᠳᠭᠡᠵᠦ᠂ ᠰᠢᠨ᠎ᠡ ᠪᠠᠷ | ᠪᠠᠶᠢᠭᠤᠯᠬᠤ ᠳᠤ ᠡᠩ ᠤᠨ ᠨᠠᠷᠠᠨ ᠬᠦᠯᠡᠮᠵᠢ ᠮᠥ ᠪᠦᠷᠢ 20000 ᠲᠥ᠋ᠭᠦᠷᠢᠭ᠂ ᠰᠦᠯᠢᠶᠣᠣ ᠬᠦᠢᠲᠡᠨ ᠪᠥᠷᠬᠡ ᠮᠥ | ᠪᠦᠷᠢ 2000 ᠲᠥᠭᠦᠷᠢᠭ᠂ ᠤᠶᠤᠨᠴᠢ ᠬᠦᠯᠡᠮᠵᠢ ᠲᠡᠭᠰᠢ ᠳᠥᠷᠪᠡᠯᠵᠢᠨ ᠮᠧᠲᠷ ᠪᠦᠷᠢ 100 ᠲᠥᠭᠦᠷᠢᠭ᠂ | ᠦᠭᠡᠷᠡᠴᠢᠯᠡᠵᠦ ᠰᠢᠨᠡᠳᠭᠡᠨ ᠰᠠᠶᠢᠵᠢᠷᠠᠭᠤᠯᠬᠤ ᠡᠩ ᠤᠨ ᠨᠡᠷᠡᠨ ᠬᠦᠯᠡᠮᠵᠢ ᠮᠥ ᠪᠦᠷᠢ 10000 ᠲᠥᠭᠦᠷᠢᠭ ᠤᠨ | ᠪᠠᠷᠢᠮᠵᠢᠶ᠎ᠠ ᠶᠣᠰᠣᠭᠠᠷ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠳᠤ ᠨᠡᠮᠡᠭᠦᠷᠢ ᠣᠯᠭᠤᠨ᠎ᠠ᠃ ᠮᠢᠩᠭᠠᠨ | ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠪᠥᠭᠡᠳ ᠲᠦᠪᠯᠡᠷᠡᠭᠦᠯᠦᠨ | ᠵᠠᠯᠭᠠᠯᠳᠤᠭᠤᠯᠤᠭᠰᠠᠨ ᠨᠢ ᠲᠦᠮᠡᠨ ᠮᠦ ᠠᠴᠠ ᠳᠡᠭᠡᠭᠰᠢ ᠳᠤ ᠬᠦᠷᠦᠭᠰᠡᠨ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ | ᠲᠣᠭᠤᠷᠢᠭ ᠤᠨ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠳᠤ 500 ᠲᠦᠮᠡᠨ ᠲᠥᠭᠦᠷᠢᠭ | ᠱᠠᠩᠨᠠᠵᠤ᠂ 2000 ᠮᠦ ᠨᠡᠮᠡᠭᠳᠡᠭᠦᠯᠬᠦ ᠪᠦᠷᠢ ᠳᠠᠬᠢᠵᠤ 100 ᠲᠦᠮᠡᠨ ᠲᠥᠭᠦᠷᠢᠭ ᠱᠠᠩᠨᠠᠵᠤ᠂ ᠬᠠᠮᠤᠭ ᠤᠨ | ᠥᠨᠳᠥᠷ ᠲᠤ ᠪᠠᠨ 1000 ᠲᠦᠮᠡᠨ ᠲᠥᠭᠦᠷᠢᠭ ᠠᠴᠠ ᠳᠠᠪᠠᠭᠤᠯᠬᠤ ᠥᠬᠡᠶ ᠪᠠᠶᠢᠯᠭᠠᠵᠤ᠂ ᠪᠥᠬᠦ ᠠᠵᠤ ᠦᠢᠯᠡᠰ ᠤᠨ | ᠬᠡᠯᠬᠢᠶᠡᠨ ᠤ ᠬᠥᠭᠵᠢᠯᠲᠡ ᠶᠢ ᠵᠣᠷᠢᠬᠵᠢᠭᠤᠯᠤᠨ᠂ ᠱᠠᠩᠨᠠᠯ ᠤᠨ ᠪᠠᠯᠠ ᠮᠥᠩᠭᠦ ᠶᠢ ᠬᠡᠪᠴᠢᠶ᠎ᠡ ᠪᠠᠨ ᠥᠷᠭᠡᠳᠬᠡᠬᠦ ᠪᠠ | ᠰᠠᠶᠢᠵᠢᠷᠠᠭᠤᠯᠤᠨ ᠦᠭᠡᠷᠡᠴᠢᠯᠡᠵᠦ ᠰᠢᠨᠡᠳᠭᠡᠬᠦ ᠵᠢᠴᠢ ᠦᠷ᠎ᠡ ᠴᠢᠬᠢ ᠨᠦᠬᠦᠵᠦ ᠪᠤᠶᠢᠵᠢᠭᠤᠯᠬᠤ᠂ ᠤᠶᠤᠨᠴᠢᠯᠠᠨ | ᠡᠵᠡᠮᠳᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠥᠮᠥᠷᠭᠡᠯᠡᠨ ᠬᠠᠳᠠᠭᠠᠯᠠᠬᠤ᠂ ᠬᠦᠢᠳᠡᠨ ᠬᠡᠯᠬᠢᠶᠡᠲᠦ ᠪᠠᠷᠠᠭᠠᠨ ᠤ | ᠭᠦᠢᠯᠭᠡᠭᠡ᠂ ᠲᠤᠰᠬᠠᠶ ᠵᠠᠬ᠎ᠠ ᠳᠡᠯᠭᠡᠭᠦᠷ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠥᠬᠦᠪᠥᠷᠢᠯᠡᠬᠦ ᠳᠤ | ᠭᠤᠤᠯᠳᠠᠯᠭ᠎ᠠ ᠲᠠᠢ ᠬᠡᠷᠡᠭᠯᠡᠵᠦ᠂ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ﹇ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ﹈ | ᠬᠤᠶᠠᠷ᠂ ᠲᠠᠷᠢᠶᠠᠯᠠᠩ ᠤᠨ ᠪᠡᠯᠡᠳᠭᠡᠮᠵᠢ ᠶᠢᠨ ᠥᠮᠴᠢᠯᠡᠯ ᠤᠨ ᠡᠷᠬᠡ ᠶᠢᠨ ᠪᠡᠯᠡ ᠲᠣᠬᠢᠷᠠᠭᠤᠯᠭ᠎ᠠ ᠶᠢᠨ ᠡᠷᠬᠡ | ᠴᠢᠳᠠᠪᠬᠢ ᠶᠢ ᠳᠡᠭᠡᠭᠰᠢᠯᠡᠭᠦᠯᠦᠨ᠎ᠡ | ᠪᠥᠬᠦ ᠣᠷᠣᠨ ᠤ ᠬᠡᠪᠴᠢᠶᠡᠨ ᠳᠤ ᠲᠠᠷᠢᠶᠠᠯᠠᠩ ᠤᠨ ᠪᠡᠯᠡᠳᠭᠡᠮᠵᠢ ᠶᠢᠨ ᠡᠷᠬᠡ ᠶᠢ ᠨᠤᠲᠠᠯᠠᠨ ᠳᠡᠩᠰᠡᠯᠡᠵᠦ | ᠦᠨᠡᠮᠯᠡᠯ ᠣᠯᠭᠤᠬᠤ ᠶᠢ ᠬᠡᠷᠡᠭᠵᠢᠭᠦᠯᠵᠦ᠂ ᠦᠨᠡᠮᠯᠡᠯ ᠣᠯᠭᠤᠬᠤ ᠶᠢᠨ ᠣᠨᠣᠪᠴᠢ ᠶᠢᠨ ᠬᠡᠮᠵᠢᠶ᠎ᠡ ᠪᠠ ᠬᠠᠮᠤᠷᠬᠤ | ᠬᠡᠪᠴᠢᠶ᠎ᠡ ᠶᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠲᠠᠷᠢᠶᠠᠯᠠᠩ ᠤᠨ | ᠪᠡᠯᠡᠳᠭᠡᠮᠵᠢ ᠶᠢᠨ ᠪᠣᠳᠠᠰ ᠤᠨ ᠡᠷᠬᠡ ᠶᠢᠨ ᠦᠨᠡᠮᠯᠡᠯ᠂ ᠡᠵᠡᠩᠨᠡᠯᠲᠡ ᠶᠢᠨ ᠡᠷᠬᠡ ᠶᠢᠨ ᠦᠨᠡᠮᠯᠡᠯ ᠵᠡᠷᠭᠡ ᠶᠢᠨ | ᠪᠠᠷᠢᠴᠠᠭᠠᠲᠤ ᠵᠢᠭᠡᠯᠡᠯᠭᠡ ᠶᠢ ᠰᠢᠨ᠎ᠡ ᠡᠭᠦᠳᠦᠯᠲᠡ ᠲᠠᠢ ᠪᠠᠷ ᠥᠷᠨᠢᠭᠦᠯᠬᠦ ᠶᠢ ᠠᠬᠢᠭᠤᠯᠤᠨ᠎ᠠ᠃ ﹇ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ﹈ | ᠭᠤᠷᠪᠠ᠂ ᠮᠥᠩᠭᠦᠨ ᠭᠦᠢᠯᠭᠡᠭᠡᠨ ᠤ ᠳᠡᠮᠵᠢᠯᠭᠡ ᠳᠤ ᠰᠢᠨ᠎ᠡ ᠶᠢ ᠡᠭᠦᠳᠦᠨ᠎ᠡ | ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠤᠨ | ᠵᠢᠭᠡᠯᠡᠯᠭᠡ ᠳᠤ ᠳᠡᠮ ᠬᠦᠤ ᠮᠦᠩᠭᠦ ᠶᠢᠨ ᠳᠡᠮᠵᠢᠯᠭᠡ ᠶᠢ ᠬᠡᠷᠡᠭᠵᠢᠭᠦᠯᠵᠦ᠂ ᠨᠢᠭᠡᠨᠲᠡ ᠪᠠᠶᠢᠭ᠎ᠠ ᠳᠠᠮ ᠬᠦᠤ ᠮᠦᠩᠭᠦ ᠶᠢᠨ | ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ | ᠵᠠᠰᠠᠭ ᠠᠴᠠ ᠳᠠᠬᠢᠵᠤ 10% — 20% ᠶᠢᠨ ᠳᠠᠮ ᠬᠦᠤ ᠥᠭᠴᠦ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠠᠴᠠ ᠥᠭᠬᠦ ᠳᠠᠮ ᠬᠦᠤ ᠮᠥᠩᠭᠦ ᠶᠢ ᠨᠡᠶᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ | ᠦᠨ᠎ᠡ ᠶᠢᠨ ᠬᠦᠤ ᠮᠦᠩᠭᠦᠨ ᠤ ᠨᠣᠷᠮ᠎ᠠ ︵LPR︶ ᠶᠢᠨ 90% ᠠᠴᠠ ᠥᠨᠳᠥᠷ ᠪᠠᠶᠢᠯᠭᠠᠬᠤ ᠥᠬᠡᠶ ᠮᠥᠷᠲᠡᠭᠡᠨ | ᠵᠢᠭᠡᠯᠡᠯᠭᠡ ᠶᠢᠨ ᠬᠦᠤ ᠶᠢᠨ ᠨᠤᠷᠮ᠎ᠠ ᠶᠢᠨ 3% ᠠᠴᠠ ᠳᠠᠪᠠᠭᠤᠯᠬᠤ ᠦᠭᠡᠢ ︵ᠪᠣᠳᠠᠲᠠᠶ ᠬᠦᠤ ᠮᠦᠩᠭᠦᠨ ᠤ | ᠨᠣᠷᠮ᠎ᠠ ᠨᠢ LPR ᠠᠴᠠ ᠳᠤᠤᠷ᠎ᠠ ᠪᠠᠶᠢᠬᠤ ᠶᠢ ᠨᠢ ᠪᠤᠲᠠᠲᠠᠢ ᠬᠦᠦ ᠮᠦᠩᠭᠦᠨ ᠤ ᠨᠤᠷᠮ᠎ᠠ ᠪᠠᠷ ᠨᠢ ᠪᠤᠳᠤᠨ᠎ᠠ︶ | ᠪᠠᠶᠢᠯᠭᠠᠨ᠎ᠠ᠃ ᠪᠡᠯᠡᠳᠭᠡᠮᠵᠢᠲᠦ ᠲᠠᠷᠢᠶᠠᠯᠠᠩ ᠤᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢ | 1% ᠠᠴᠠ ᠥᠨᠳᠥᠷ ᠪᠠᠶᠢᠯᠭᠠᠬᠤ ᠦᠭᠡᠢ᠃ ᠪᠡᠯᠡᠳᠭᠡᠮᠵᠢᠳᠤ ᠲᠠᠷᠢᠶᠠᠯᠠᠩ ᠤᠨ ᠳᠠᠭᠠᠳᠬᠠᠯ ᠳᠤ ᠣᠷᠣᠯᠴᠠᠬᠤ | ᠬᠡᠪᠴᠢᠶ᠎ᠡ ᠶᠢ ᠥᠷᠭᠡᠳᠬᠡᠵᠦ᠂ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠳᠤ ᠳᠠᠭᠠᠳᠬᠠᠯ ᠤᠨ ᠨᠡᠶᠢᠳᠡᠮ | ᠬᠠᠮᠤᠷᠤᠯᠲᠠ ᠶᠢ ᠬᠡᠷᠡᠭᠵᠢᠭᠦᠯᠬᠦ ᠶᠢ ᠵᠣᠷᠢᠬᠵᠢᠭᠤᠯᠵᠤ᠂ ᠢᠯᠭᠠᠪᠤᠷᠢᠯᠠᠨ ᠨᠡᠮᠡᠭᠦᠷᠢ ᠣᠯᠭᠤᠬᠤ ᠲᠥᠷᠥ ᠶᠢᠨ | ᠪᠣᠳᠣᠯᠭ᠎ᠠ ᠶᠢ ᠨᠡᠶᠢᠲᠡᠯᠡᠨ᠎ᠡ᠃ ﹇ᠥ ᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ | ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ︵ᠬᠦ᠋ᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ﹈ | ᠳᠥᠷᠪᠡ᠂ ᠪᠡᠯᠡᠳᠭᠡᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠰᠢᠨ᠎ᠡ ᠶᠢ ᠡᠭᠦᠳᠬᠦ ᠪᠠᠨ ᠴᠢᠩᠭᠠᠳᠬᠠᠨ᠎ᠠ | ᠪᠡᠯᠡᠳᠭᠡᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠵᠠᠭᠪᠤᠷ᠂ ᠤᠰᠤ ᠪᠣᠷᠳᠣᠭᠤᠷ ᠢ | ᠨᠢᠭᠡ ᠴᠤᠭᠴᠠᠵᠢᠭᠤᠯᠬᠤ᠂ ᠣᠷᠴᠢᠨ ᠲᠣᠭᠤᠷᠢᠨ ᠤ ᠣᠶᠤᠨᠴᠢ ᠬᠠᠮᠢᠶᠠᠷᠤᠯᠲᠠ᠂ ᠭᠤᠪᠢ ᠶᠢᠨ ᠪᠡᠯᠡᠳᠭᠡᠮᠵᠢᠲᠦ | ᠲᠠᠷᠢᠶᠠᠯᠠᠩ᠂ ᠬᠠᠭᠤᠴᠢᠨ ᠬᠦᠯᠡᠮᠵᠢ ᠶᠢ ᠥᠭᠡᠷᠡᠴᠢᠯᠡᠨ ᠰᠢᠨᠡᠳᠭᠡᠵᠦ ᠰᠠᠶᠢᠵᠢᠷᠠᠭᠤᠯᠬᠤ ᠵᠡᠷᠭᠡ ᠰᠢᠨ᠎ᠡ ᠵᠠᠭᠪᠤᠷ᠂ | ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠢ ᠰᠤᠳᠤᠯᠤᠨ ᠰᠢᠨ᠎ᠡ ᠶᠢ ᠡᠭᠦᠳᠬᠦ ᠪᠠ ᠣᠷᠣᠭᠤᠯᠤᠨ ᠠᠪᠴᠢᠷᠠᠵᠤ | ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ ᠪᠤᠶᠤ ᠠᠵᠤ | ᠠᠬᠤᠶᠢᠯᠠᠯ ᠳᠤ ᠲᠦᠰᠢᠭᠯᠡᠨ ᠪᠡᠯᠡᠳᠭᠡᠮᠵᠢᠳᠤ ᠲᠠᠷᠢᠶᠠᠯᠠᠩ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠵᠤ᠂ | ᠣᠷᠣᠨ ᠤ ᠳᠣᠲᠣᠷ᠎ᠠ ᠭᠠᠳᠠᠨᠠᠬᠢ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠨ ᠳᠠᠬᠢ ᠳᠡᠭᠡᠳᠦ ᠲᠠᠰ ᠳᠠᠪᠬᠤᠷᠭ᠎ᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠪᠡᠯᠡᠳᠭᠡᠮᠵᠢᠳᠤ | ᠲᠠᠷᠢᠶᠠᠯᠠᠩ ᠤᠨ ᠲᠠᠯ᠎ᠠ ᠪᠠᠷ ᠬᠢ ᠨᠤᠲᠤᠭ ᠣᠷᠣᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ | ᠡᠷᠴᠢᠮ ᠢᠶᠠᠨ ᠴᠢᠩᠭᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠮᠧᠬᠠᠨᠢᠬᠵᠢᠭᠤᠯᠬᠤ ᠳᠤ ᠲᠣᠬᠢᠷᠠᠮᠵᠢᠲᠠᠢ | ᠪᠣᠯᠭᠠᠬᠤ ᠲᠠᠯ᠎ᠠ ᠳᠠᠬᠢ ᠳᠤᠲᠠᠭᠤᠳᠠᠯ ᠪᠠ ᠪᠠᠭᠤᠷᠠᠶ ᠲᠠᠯ᠎ᠠ ᠳᠤ ᠴᠢᠭᠯᠡᠭᠦᠯᠦᠨ᠂ ᠨᠠᠩ ᠣᠯᠠᠨ ᠪᠡᠯᠡᠳᠭᠡᠮᠵᠢᠳᠤ | ᠲᠠᠷᠢᠶᠠᠯᠠᠩ ᠤᠨ ᠮᠧᠬᠠᠨᠢᠬᠵᠢᠭᠤᠯᠤᠭᠰᠠᠨ ᠲᠣᠨᠤᠭ ᠲᠥᠬᠦᠭᠡᠷᠦᠮᠵᠢ ᠶᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠨᠡᠮᠡᠭᠦᠷᠢ ᠶᠢᠨ ᠬᠡᠪᠴᠢᠶᠡᠨ ᠳᠤ ᠣᠷᠣᠭᠤᠯᠤᠨ᠎ᠠ᠃ ᠢᠳᠡᠰᠢᠨ ᠨᠣᠭᠤᠭ᠎ᠠ᠂ ᠭᠤᠸ᠎ᠠ ᠵᠢᠮᠢᠰ ᠵᠡᠷᠭᠡ ᠶᠢᠨ ᠰᠢᠨ᠎ᠡ | ᠡᠭᠦᠯᠳᠡᠷ ᠢ ᠡᠮᠦᠨ᠎ᠡ ᠣᠷᠣᠨ ᠳᠤ ᠦᠷᠡᠵᠢᠭᠦᠯᠵᠦ ᠰᠤᠩᠭᠤᠨ ᠪᠤᠶᠢᠵᠢᠭᠤᠯᠬᠤ ᠲᠠᠢ ᠬᠠᠮᠢᠶᠠᠳᠠᠭᠰᠠᠨ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ﹇ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠠᠮᠵᠢᠯᠴᠠᠨ᠎ᠠ﹈ | ᠲᠠᠪᠤ᠂ ᠬᠦᠷᠢᠶᠡᠨ ᠠᠵᠤ ᠠᠬᠤᠶ ᠶᠢ ᠶᠡᠭᠡ ᠪᠠᠷ ᠬᠥᠭᠵᠢᠭᠦᠯᠦᠨ᠎ᠡ | ᠲᠠᠷᠢᠶᠠᠴᠢᠳ ᠤᠨ ᠭᠡᠷ ᠪᠠᠶᠢᠰᠢᠩ ᠤᠨ ᠢᠶᠠᠨ ᠡᠮᠦᠨ᠎ᠡ ᠠᠷᠤ ᠵᠡᠷᠭᠡ ᠳᠤ ᠰᠤᠯᠠ ᠲᠠᠯᠪᠢᠭᠳᠠᠵᠤ ᠪᠠᠶᠢᠭ᠎ᠠ | ᠬᠦᠷᠢᠶ᠎ᠡ ᠬᠠᠰᠢᠶᠠᠨ ᠤ ᠣᠷᠣᠨ ᠵᠠᠶ ᠪᠠᠨ ᠠᠰᠢᠬᠯᠠᠨ᠂ ᠪᠡᠯᠡᠳᠬᠡᠮᠵᠢᠲᠦ ᠲᠠᠷᠢᠮᠠᠯ ᠵᠢᠴᠢ ᠪᠡᠯᠡᠳᠭᠡᠮᠵᠢᠭᠦᠯᠵᠦ | ᠲᠦᠪᠯᠡᠷᠡᠭᠦᠯᠦᠭᠰᠡᠨ ᠭᠡᠷ ᠪᠦᠯᠢ ᠶᠢᠨ ᠦᠢᠯᠡᠳᠪᠦᠷᠢ᠂ ᠭᠠᠷ ᠦᠢᠯᠡᠳᠬᠡᠯ ᠤᠨ ᠭᠠᠵᠠᠷ᠂ ᠣᠨᠴᠠᠯᠢᠭᠲᠤ ᠰᠣᠶᠣᠯ | ᠡᠭᠦᠳᠦᠯᠲᠡ ᠶᠢᠨ ᠪᠦᠲᠦᠭᠡᠭᠳᠡᠬᠦᠨ ᠤ ᠬᠦᠷᠢᠶᠡᠯᠡᠩ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ | ᠲᠣᠬᠢᠷᠠᠭᠤᠯᠤᠨ ᠬᠥᠭᠵᠢᠭᠦᠯᠬᠦ ᠶᠢ ᠨᠢ ᠵᠣᠷᠢᠬᠵᠢᠭᠤᠯᠤᠨ᠎ᠠ᠃ ᠪᠥᠬᠦ ᠣᠷᠣᠨ ᠳᠤ ᠵᠡᠭᠦᠨ᠂ ᠳᠤᠮᠳᠠ᠂ ᠪᠠᠷᠠᠭᠤᠨ | ᠬᠡᠰᠡᠭ ᠤᠨ ᠣᠷᠣᠨ ᠲᠠᠷᠬᠠᠯᠲᠠ ᠪᠠᠷ᠂ ᠪᠦᠬᠦ ᠲᠣᠰᠬᠤᠨ ᠢᠶᠠᠷ ᠢᠶᠠᠨ ᠬᠦᠷᠢᠶᠡᠨ ᠠᠵᠤ ᠠᠬᠤᠢ ᠶᠢ ᠬᠥᠭᠵᠢᠭᠦᠯᠦᠭᠰᠡᠨ | ᠵᠢᠱᠢᠶ᠎ᠡ ᠦᠵᠡᠭᠦᠯᠬᠦ ᠲᠤᠰᠬᠤᠨ ᠢ ᠵᠢᠯ ᠪᠦᠷᠢ 150 ᠰᠢᠯᠢᠳᠡᠭᠴᠢᠯᠡᠨ ᠰᠤᠩᠭᠤᠵᠤ᠂ ᠪᠦᠬᠦ ᠲᠣᠰᠬᠤᠨ ᠪᠤᠶᠤ ᠪᠦᠬᠦ | ᠰᠢᠶᠠᠩ ᠢᠶᠠᠷ ᠨᠢᠭᠡᠴᠢ ᠪᠣᠯᠭᠠᠵᠤ ᠲᠥᠷᠥᠯ ᠵᠦᠢᠯ ᠤᠨ ᠬᠠᠮᠢᠶᠠᠷᠤᠯᠲᠠ ᠶᠣᠰᠣᠭᠠᠷ ᠲᠡᠳᠬᠦᠨ ᠳᠡᠮᠵᠢᠬᠦ ᠪᠠᠯᠠ ᠮᠥᠩᠭᠦ | ᠭᠤᠶᠤᠴᠢᠯᠠᠨ ᠮᠡᠳᠡᠭᠦᠯᠵᠦ᠂ ᠣᠨᠴᠠᠯᠢᠭᠲᠤ ᠲᠠᠷᠢᠮᠠᠯ᠂ ᠰᠡᠯᠡᠭᠦᠴᠡᠯ ᠵᠤᠭᠠᠴᠠᠯ᠂ ᠡᠯᠧᠺᠲᠷᠣᠨ ᠬᠤᠳᠠᠯᠳᠤᠭᠠᠨ ᠤ | ᠦᠢᠯᠡᠴᠢᠯᠡᠭᠡ᠂ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠵᠡᠷᠭᠡ ᠣᠯᠠᠨ ᠲᠥᠷᠥᠯ ᠬᠡᠯᠪᠡᠷᠢ ᠶᠢᠨ ᠬᠦᠷᠢᠶᠡᠨ | ᠠᠵᠤ ᠠᠬᠤᠶ ᠶᠢ ᠳᠡᠮᠵᠢᠨ ᠬᠥᠭᠵᠢᠭᠦᠯᠦᠨ᠎ᠡ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶ ᠠᠴᠠ ᠬᠠᠷᠢᠭᠤᠴᠠᠨ᠎ᠠ﹈ | ᠵᠢᠷᠭᠤᠭ᠎ᠠ᠂ ᠪᠡᠯᠡᠳᠭᠡᠮᠵᠢᠳᠤ ᠲᠠᠷᠢᠶᠠᠯᠠᠩ ᠤᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ | ᠪᠣᠬᠢᠷᠲᠤᠯ ᠦᠭᠡᠶ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠳᠤ ᠴᠢᠭᠯᠡᠭᠦᠯᠦᠨ᠂ ᠣᠷᠣᠨ ᠪᠦᠰᠡ ᠶᠢᠨ ᠪᠡᠯᠡᠳᠬᠡᠮᠵᠢ ᠶᠢᠨ ᠣᠨᠴᠠᠯᠢᠭᠲᠤ ᠠᠵᠤ ᠦ᠋ᠯᠡᠰ ᠤᠨ | ᠬᠥᠭᠵᠢᠯᠲᠡ ᠶᠢ ᠳᠡᠮᠵᠢᠵᠦ᠂ ᠪᠡᠯᠡᠳᠬᠡᠮᠵᠢᠲᠦ ᠴᠡᠴᠡᠭ ᠡᠪᠡᠰᠦ᠂ ᠭᠤᠸ᠎ᠠ ᠵᠢᠮᠢᠰ᠂ ᠡᠮ ᠤᠨ ᠮᠠᠲ᠋ᠧᠷᠢᠶᠠᠯ᠂ ᠵᠤᠯᠵᠠᠭ᠎ᠠ | ᠮᠣᠳᠣ᠂ ᠢᠳᠡᠰᠢᠨ ᠮᠥᠭᠦ ᠵᠡᠷᠭᠡ ᠥᠨᠳᠥᠷ ᠨᠡᠮᠡᠯᠲᠡ ᠥᠷᠲᠡᠭ ᠪᠦᠬᠦᠢ ᠣᠨᠴᠠᠯᠢᠭᠲᠤ ᠠᠵᠤ ᠦᠢᠯᠡᠰ ᠢ | ᠵᠣᠷᠢᠬᠵᠢᠭᠤᠯᠤᠨ ᠬᠥᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢᠨ ᠬᠢᠨ ᠤ ᠥᠨᠳᠥᠷ ᠪᠦᠲᠦᠮᠵᠢᠲᠡᠶ ᠲᠠᠷᠢᠵᠤ ᠤᠷᠭᠤᠭᠤᠯᠬᠤ᠂ ᠤᠰᠤ ᠪᠣᠷᠳᠣᠭᠤᠷ ᠢ ᠨᠢᠭᠡ | ᠴᠤᠭᠴᠠᠵᠢᠭᠤᠯᠬᠤ᠂ ᠨᠢᠭᠡᠳᠦᠯᠲᠡᠶ ᠰᠡᠷᠭᠡᠶᠢᠯᠡᠨ ᠨᠢᠭᠡᠲᠦᠯᠲᠡᠢ ᠵᠠᠰᠠᠬᠤ ᠵᠡᠷᠭᠡ ᠪᠠᠷᠢᠮᠵᠢᠶᠠᠵᠢᠭᠤᠯᠤᠭᠰᠠᠨ ᠪᠦᠭᠡᠳ | ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠶᠢ ᠨᠢ ᠵᠣᠷᠢᠬᠵᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠵᠢᠯᠴᠠᠨ᠎ᠠ﹈ | ᠳᠣᠯᠤᠭ᠎ᠠ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ | ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠠᠯᠠ ᠮᠥᠩᠭᠦ᠂ ᠭᠠᠵᠠᠷ ᠰᠢᠷᠣᠶ ᠶᠢᠨ | ᠭᠦᠢᠴᠡᠳᠬᠡᠯ ᠲᠤᠭ᠎ᠠ ᠶᠢᠨ ᠠᠷᠠᠯᠵᠢᠶᠠᠨ ᠤ ᠣᠷᠣᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠣᠷᠣᠭᠤᠯᠤᠯᠲᠠ ᠶᠢᠨ ᠪᠠᠯᠠ ᠮᠥᠩᠭᠦ ᠵᠡᠷᠭᠡ ᠪᠠᠷ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠢ ᠤᠷᠢᠳ ᠢᠶᠠᠷ | ᠳᠡᠮᠵᠢᠨ᠎ᠡ᠃ ᠨᠥᠬᠦᠴᠡᠯ ᠲᠠᠢ ᠪᠠᠶᠢᠭ᠎ᠠ ᠭᠤᠪᠢ᠂ ᠴᠦᠯ᠂ ᠬᠤᠵᠢᠷᠯᠢᠬ ᠠᠲᠠᠷ ᠭᠠᠵᠠᠷ ᠵᠡᠷᠭᠡ ᠣᠷᠣᠨ ᠪᠦᠰᠡ ᠳᠤ | ᠪᠡᠯᠡᠳᠭᠡᠮᠵᠢᠳᠤ ᠲᠠᠷᠢᠶᠠᠯᠠᠩ ᠢ ᠬᠥᠭᠵᠢᠭᠦᠯᠬᠦ ᠶᠢ ᠳᠡᠮᠵᠢᠨ᠎ᠡ᠃ ︽ᠤᠰᠤ ᠪᠠᠷ ᠭᠠᠵᠠᠷ ᠢ ᠲᠣᠭᠲᠠᠭᠠᠬᠤ︾ ᠤᠷᠢᠲᠠᠯ | ᠳᠣᠤᠷ᠎ᠠ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠤᠰᠤ ᠶᠢ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠪᠣᠬᠢᠷᠲᠤᠯ ᠥᠬᠡᠶ ᠡᠷᠭᠢᠯᠳᠦᠨ ᠬᠥᠭᠵᠢᠬᠦ ᠶᠢ ᠳᠡᠮᠵᠢᠵᠦ᠂ | ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠶᠢ ᠠᠰᠢᠬᠯᠠᠨ ᠳᠤᠯᠠᠭᠠᠯᠠᠨ ᠬᠡᠷᠡᠯᠲᠦᠭᠦᠯᠬᠦ᠂ ᠭᠠᠵᠠᠷ ᠤᠨ ᠢᠯᠴᠢ ᠪᠠ | ᠠᠵᠤ ᠦᠢᠯᠡᠳᠪᠦᠷᠢ ᠶᠢᠨ ᠬᠠᠶᠠᠭᠳᠠᠮᠠᠯ ᠢᠯᠴᠢ᠂ ᠬᠠᠶᠠᠭᠳᠠᠮᠠᠯ ᠬᠡᠶ ︵ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ︶ | ᠵᠡᠷᠭᠡ ᠶᠢ ᠭᠦᠢᠴᠡᠳ ᠠᠰᠢᠬᠯᠠᠨ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠳᠤ ᠳᠠᠬᠢᠨᠳᠠ ᠠᠰᠢᠬᠯᠠᠬᠤ ᠶᠢ | ᠵᠣᠷᠢᠬᠵᠢᠭᠤᠯᠤᠨ᠎ᠠ᠃ ﹇ᠥ ᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ | ᠴᠠᠬᠢᠯᠭᠠᠨ ᠬᠦᠴᠦᠨ ︵ᠪᠦ᠋ᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ﹈ | ᠡᠯ᠎ᠠ ᠭᠠᠵᠡᠷ ᠣᠷᠣᠨ ᠨᠢ ︽ᠢᠳᠡᠰᠢᠨ ᠨᠣᠭᠤᠭ᠎ᠠ︾ ᠶᠢᠨ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ | ᠳᠥᠷᠢᠮ ᠢ ᠴᠢᠩᠭ᠎ᠠ ᠭᠡᠷᠡᠭᠵᠢᠬᠦᠯᠵᠦ᠂ ᠪᠡᠯᠡᠳᠭᠡᠮᠵᠢᠳᠤ ᠳᠡᠷᠢᠶᠡᠯᠡᠩ ᠢ ᠢᠳᠡᠪᠬᠢᠳᠡᠢ ᠪᠠᠷ ᠬᠦᠭᠵᠢᠬᠦᠯᠦᠨ᠂ ᠲᠣᠰ | ᠠᠷᠭ᠎ᠠ ᠭᠡᠮᠵᠢᠶ᠎ᠠ ᠳᠤ ᠬᠤᠯᠪᠤᠠᠠᠳ᠋ᠬᠠᠰᠠᠨ ᠲᠣᠰᠬᠠᠢ ᠳᠡᠮᠵᠢᠯᠬᠡ ᠶᠢᠨ ᠪᠡᠯᠡ ᠮᠦᠡᠭᠬᠦ ᠶᠢ ᠴᠦᠮ ︽ᠤᠷᠢᠳ ᠢᠶᠠᠷ | ᠪᠠᠶᠢᠭᠤᠯᠵᠤ ᠳᠠᠷᠠᠭ᠎ᠠ ᠳᠤ ᠨᠢ ᠨᠦᠬᠦᠪᠦᠷᠢᠯᠡᠬᠦ᠂ ᠱᠠᠳᠣ ᠬᠤᠪᠢᠶᠡᠨ ᠡᠬᠦᠷᠭᠡᠯᠡᠬᠦ᠂ ᠪᠣᠳᠠᠲᠠᠶ ᠪᠠᠶᠢᠳᠠᠯ ᠢ ᠨᠢ | ᠦᠨᠳᠦᠰᠦᠯᠡᠨ ᠨᠡᠮᠡᠭᠦᠷᠢ ᠣᠯᠭᠤᠬᠤ᠂ ᠳᠠᠷᠠᠭᠠᠯᠠᠨ ᠭᠡᠷᠡᠭᠵᠢᠬᠦᠯᠬᠦ︾ ᠠᠷᠭ᠎ᠠ ᠮᠠᠶ᠋ᠢᠭ ᠢᠶᠠᠷ ᠰᠠᠯᠭᠠᠨ ᠦᠭᠴᠥ᠂ ᠡᠯ᠎ᠠ | ᠲᠦᠷᠦᠭᠦᠯᠡᠨ ᠬᠠᠷᠢᠭᠤᠴᠠᠬᠤ ᠰᠠᠯᠠᠭ᠎ᠠ ᠮᠦᠴᠢᠷ ᠨᠢ ᠪᠤᠳᠡᠳᠡᠢ ᠭᠡᠷᠡᠭᠵᠢᠬᠦᠯᠬᠦ ᠨᠠᠷᠢᠨ ᠳᠥᠷᠢᠮ ᠲᠣᠠᠠᠳᠠᠭᠠᠵᠦ᠂ ᠬᠠᠮᠢᠶ᠎ᠠ | ᠪᠦᠬᠦᠢ ᠪᠡᠷᠢᠮᠵᠢᠶ᠎ᠠ᠂ ᠭᠤᠶᠤᠴᠢᠯᠠᠨ ᠮᠡᠳᠡᠬᠦᠯᠬᠦ ᠳᠡᠰ ᠳᠡᠷᠡᠭᠠᠯᠠᠯ᠂ ᠪᠦᠳᠦᠭᠡᠨ ᠪᠠᠶᠢᠭᠤᠯᠬᠤ ᠠᠭᠤᠯᠭ᠎ᠠ᠂ ᠰᠢᠯᠭᠠᠨ | ᠬᠢᠨᠡᠵᠦ ᠰᠢᠯᠭᠠᠨ ᠬᠤᠷᠢᠶᠠᠬᠤ ᠵᠡᠷᠭᠡ ᠶᠢ ᠲᠤᠳᠤᠷᠬᠠᠢᠢᠯᠠᠬᠤ ᠬᠡᠷᠡᠭᠲᠡᠢ᠃ | | | | ᠪᠡᠯᠡᠳᠬᠡᠮᠵᠢᠲᠦ ᠮᠠᠯ ᠠᠵᠤ ᠠᠬᠤᠶ ᠶᠢᠨ ᠬᠥᠭᠵᠢᠯᠲᠡ ᠶᠢ | ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ | | | | ᠪᠦᠬᠦ ᠣᠷᠣᠨ ᠤ ᠪᠡᠯᠡᠳᠬᠡᠮᠵᠢᠲᠦ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠦᠳᠦᠭᠦᠯᠢᠭ | ᠂ ᠪᠤᠷᠳᠤᠭᠰᠠᠨ ᠬᠤᠪᠢ ᠶᠢᠨ ᠵᠢᠩ ᠬᠠᠷᠢᠴᠠᠩᠭᠤᠢ ᠳᠣᠤᠷ᠎ᠠ᠂ ᠡᠵᠡᠩᠨᠡᠯᠲᠡ ᠶᠢᠨ ᠦᠷ᠎ᠡ ᠠᠰᠢᠭ ᠥᠨᠳᠥᠷ ᠪᠤᠰᠤ | ᠪᠠᠶᠢᠬᠤ ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠦᠭᠰᠡᠨ | ᠬᠡᠪᠴᠢᠶᠡᠵᠢᠯ ᠤᠨ ᠨᠣᠷᠮ᠎ᠠ ᠶᠢ 78% ᠠᠴᠠ ᠳᠡᠭᠡᠭᠰᠢ ᠳᠤ ᠬᠦᠷᠦᠭᠦᠯᠦᠨ᠂ ᠣᠳᠣ ᠦᠶ᠎ᠡ ᠶᠢᠨ ᠪᠡᠯᠡᠳᠬᠡᠮᠵᠢᠲᠦ ᠮᠠᠯ | ᠠᠵᠤ ᠠᠬᠤᠶ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ᠂ ᠭᠠᠷᠤᠯᠲᠠ ᠶᠢᠨ ᠶᠠᠰᠤ ᠴᠢᠨᠠᠷ ᠪᠠ ᠳᠠᠶᠢᠴᠢᠯᠠᠬᠤ | ᠦᠢᠯᠡᠳᠦᠯ ᠤᠨ ᠢᠯᠡᠷᠬᠡᠶ ᠳᠡᠭᠡᠭᠰᠢᠯᠡᠬᠦ ᠶᠢ ᠴᠢᠷᠮᠠᠶᠢᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠪᠡᠯᠡᠳᠭᠡᠮᠵᠢᠳᠤ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ | ᠠᠬᠢᠭᠤᠯᠤᠨ᠎ᠠ | ᠬᠠᠰᠢᠶᠠᠯᠠᠨ ᠲᠡᠵᠢᠭᠡᠬᠦ ᠶᠢ ᠶᠡᠭᠡ ᠪᠠᠷ ᠠᠬᠢᠭᠤᠯᠵᠤ᠂ ᠵᠢᠯ ᠳᠤ ᠪᠤᠲᠠᠲᠠᠢ ᠲᠡᠵᠢᠭᠡᠯ ᠠᠴᠠ ᠭᠠᠷᠭᠠᠭᠰᠠᠨ | ᠪᠤᠷᠳᠤᠭᠰᠠᠨ ᠠᠯᠠᠰᠢᠨ ᠦᠬᠡᠷ 500 ᠲᠤᠯᠤᠭᠠᠢ ᠪᠤᠶᠤ ᠠᠯᠠᠰᠢᠨ ᠬᠤᠨᠢ 3000 ᠲᠤᠯᠤᠭᠠᠢ ᠠᠴᠠ ᠳᠡᠭᠡᠭᠰᠢᠬᠢ | ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ | ᠪᠣᠯᠬᠤ ᠮᠦᠷᠲᠡᠭᠡᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠢᠳᠤᠯᠤᠭᠰᠠᠨ ᠪᠦᠭᠡᠳ ᠭᠠᠷᠤᠯᠲᠠ ᠶᠢᠨ ᠣᠷᠣᠨ ᠤ | ᠬᠢᠵᠢᠭ ᠪᠠᠶᠢᠴᠠᠭᠠᠭᠰᠠᠨ ᠭᠡᠷᠡᠴᠢ ᠲᠠᠢ ᠪᠠᠶᠢᠪᠠᠯ᠂ ᠲᠡᠵᠢᠭᠡᠯ ᠠᠴᠠ ᠭᠠᠷᠭᠠᠭᠰᠠᠨ ᠠᠯᠠᠰᠢᠨ ᠦᠬᠡᠷ ᠤᠨ ᠲᠤᠯᠤᠭᠠᠢ | ᠪᠦᠷᠢ ᠳᠤ 300 ᠲᠥᠭᠦᠷᠢᠭ᠂ ᠠᠯᠠᠰᠢᠨ ᠬᠤᠨᠢ ᠶᠢᠨ ᠲᠤᠯᠤᠭᠠᠢ ᠪᠦᠷᠢ ᠳᠤ 60 ᠲᠥᠭᠦᠷᠢᠭ ᠢᠶᠠᠷ ᠱᠠᠩᠨᠠᠨ᠎ᠠ᠃ | ᠱᠠᠩᠨᠠᠯ ᠤᠨ ᠪᠡᠯᠡ ᠮᠥᠩᠭᠦ ᠶᠢ ᠭᠤᠣᠯᠳᠠᠭᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠰᠢᠭᠡᠭ | ᠰᠠᠩᠭᠠᠰᠤ ᠰᠢᠢᠳᠪᠦᠷᠢᠯᠡᠬᠦ ᠪᠡᠯᠡᠳᠭᠡᠮᠵᠢ ᠶᠢ ᠢᠵᠢ ᠪᠦᠷᠢᠳᠦᠭᠦᠯᠬᠦ ᠵᠢᠴᠢ ᠤᠳᠤ ᠦᠶ᠎ᠡ ᠶᠢᠨ ᠲᠡᠵᠢᠭᠡᠨ ᠦᠷᠡᠵᠢᠭᠦᠯᠬᠦ | ᠪᠡᠯᠡᠳᠭᠡᠮᠵᠢ ᠲᠥᠬᠦᠭᠡᠷᠦᠮᠵᠢ ᠶᠢ ᠲᠡᠰ ᠳᠡᠪᠰᠢᠭᠦᠯᠦᠨ ᠦᠭᠡᠷᠡᠴᠢᠯᠡᠨ ᠰᠢᠨᠡᠳᠭᠡᠬᠦ ᠳᠤ ᠵᠠᠷᠤᠴᠠᠭᠤᠯᠵᠤ᠂ ᠦᠬᠡᠷ ᠬᠤᠨᠢ | ᠪᠣᠷᠳᠤᠬᠤ ᠶᠢᠨ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠣᠶᠣᠨᠴᠢᠯᠠᠭᠰᠠᠨ ᠲᠦᠪᠰᠢᠨ ᠢ | ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠣᠬᠢᠬᠤ ᠬᠡᠪᠴᠢᠶ᠎ᠡ ᠪᠠᠷ | ᠦᠬᠡᠷ ᠬᠤᠨᠢ ᠪᠠᠨ ᠪᠣᠷᠳᠤᠬᠤ ᠶᠢ ᠨᠢ ᠬᠥᠭᠵᠢᠭᠦᠯᠦᠨ᠎ᠡ᠃ ᠲᠠᠬᠢᠶ᠎ᠠ᠂ ᠨᠤᠭᠤᠰᠤ᠂ ᠭᠠᠯᠠᠭᠤ ᠶᠢᠨ | ᠬᠡᠪᠴᠢᠶᠡᠵᠢᠭᠦᠯᠦᠭᠰᠡᠨ ᠥᠨᠳᠥᠷ ᠦᠷ᠎ᠡ ᠠᠰᠢᠭᠲᠤ ᠪᠡᠯᠡᠳᠭᠡᠮᠵᠢᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ᠃ ᠠᠳᠤᠭᠤ᠂ ᠡᠯᠵᠢᠭᠡ᠂ ᠲᠡᠮᠡᠭᠡ᠂ ᠪᠤᠭᠤ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ | ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢ ᠵᠣᠷᠢᠬᠵᠢᠭᠤᠯᠬᠤ ᠪᠠ ᠬᠥᠲᠥᠯᠥᠨ ᠵᠢᠯᠣᠭᠤᠳᠴᠤ᠂ ᠣᠨᠴᠠᠯᠢᠭᠲᠤ | ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠬᠡᠯᠬᠢᠶ᠎ᠡ ᠶᠢ ᠤᠷᠲᠤᠳᠬᠠᠨ᠎ᠠ᠃ ﹇ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠦ᠋ᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ﹈ | ᠬᠤᠶᠠᠷ᠂ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ | ᠬᠦᠴᠦᠷᠭᠡᠭᠵᠢᠭᠦᠯᠦᠨ᠎ᠡ | ᠠᠵᠤ ᠠᠬᠤᠶᠢᠯᠠᠯ ᠤᠨ ᠣᠳᠣ ᠦᠶ᠎ᠡ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ | ᠲᠣᠭᠤᠷᠢᠭ ᠪᠠᠶᠢᠭᠤᠯᠬᠤ ᠶᠢ ᠳᠡᠮᠵᠢᠵᠦ᠂ ᠴᠠᠷᠭᠠᠰᠤ᠂ ᠬᠢᠶᠠᠭ᠂ ᠨᠣᠬᠠᠶ ᠶᠢᠨ ᠬᠤᠰᠢᠭᠤ ᠵᠡᠷᠭᠡ ᠲᠡᠵᠢᠭᠡᠯ ᠡᠪᠡᠰᠦᠨ ᠤ | ᠲᠠᠷᠢᠮᠠᠯ ᠤᠨ ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠣᠲᠣ ᠶᠢᠨ ᠪᠠᠶᠢᠭ᠎ᠠ ᠲᠥᠷᠥ ᠶᠢᠨ | ᠪᠣᠳᠣᠯᠭ᠎ᠠ ᠶᠢᠨ ᠶᠣᠰᠣᠭᠠᠷ ᠱᠠᠩᠨᠠᠨ ᠬᠥᠬᠢᠭᠦᠯᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ | ᠲᠡᠵᠢᠭᠡᠯ ᠡᠪᠡᠰᠦ ᠳᠠᠷᠢᠬᠤ ᠲᠠᠯᠠᠪᠠᠶ ᠶᠢ ᠦᠷᠭᠡᠳᠭᠡᠨ᠂ ᠣᠯᠠᠨ ᠶᠠᠩᠵᠤ ᠶᠢᠨ ᠲᠡᠵᠢᠭᠡᠯ ᠡᠪᠡᠰᠦ ᠪᠣᠷᠳᠣᠭᠠᠨ ᠤ | ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠲᠡᠵᠢᠭᠡᠯ ᠡᠪᠡᠰᠦ ᠬᠤᠷᠢᠶᠠᠨ ᠬᠠᠳᠠᠭᠠᠯᠠᠵᠤ ᠡᠳ᠋ᠰᠢᠭᠦᠯᠬᠦ ᠪᠡᠯᠡᠳᠬᠡᠮᠵᠢ | ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠤᠨ᠂ ᠡᠪᠡᠰᠦᠨ ᠦᠷ᠎ᠡ ᠪᠦᠢᠵᠢᠭᠤᠯᠬᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠨ ᠨᠡᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ﹇ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠠᠴᠠ ᠬᠠᠷᠢᠭᠤᠴᠠᠨ᠎ᠠ﹈ | ᠭᠤᠷᠪᠡ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠤᠨᠤᠭ ᠳᠥᠬᠦᠭᠡᠷᠦᠮᠵᠢ ᠶᠢᠨ ᠢᠵᠢ ᠪᠦᠷᠢᠳᠦᠬᠦᠯᠬᠦ | ᠴᠢᠳᠡᠪᠦᠷᠢ ᠶᠢ ᠴᠢᠩᠭᠠᠷᠡᠭᠤᠯᠥᠨ᠎ᠠ | ᠪᠡᠯᠡᠳᠭᠡᠮᠵᠢᠳᠤ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠡᠵᠢᠭᠡᠯ ᠡᠪᠡᠰᠦ ᠪᠣᠷᠳᠤᠭ᠎ᠠ᠂ ᠰᠠᠶᠢᠨ ᠡᠭᠦᠯᠳᠡᠷ ᠦᠷᠡᠵᠢᠭᠦᠯᠦᠨ | ᠪᠤᠶᠢᠵᠢᠭᠤᠯᠬᠤ᠂ ᠨᠠᠷᠢᠯᠢᠬ ᠭᠦᠨ ᠡᠳ᠋ᠰᠢᠭᠦᠯᠦᠨ ᠪᠣᠯᠪᠠᠰᠤᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠵᠡᠷᠭᠡ ᠬᠦᠷᠢᠶ᠎ᠡ ᠴᠠᠷᠠᠭᠠᠨ ᠳᠠᠬᠢ ᠰᠤᠳᠤᠯᠤᠯ ᠰᠢᠨ᠎ᠡ ᠡᠭᠦᠳᠦᠯᠲᠡ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ | ᠠᠵᠢᠯ ᠢ ᠥᠷᠨᠢᠭᠦᠯᠦᠨ᠎ᠡ᠃ ᠨᠥᠬᠦᠴᠡᠯ ᠳᠤ ᠨᠡᠶᠢᠴᠡᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠴᠢᠨ | ᠮᠠᠯᠴᠢᠳ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠬᠤᠳᠠᠯᠳᠤᠨ ᠠᠪᠤᠭᠰᠠᠨ | ᠲᠠᠷᠮᠠᠭᠤᠷ᠂ ᠪᠦᠷᠢᠨ ᠬᠤᠯᠢᠮᠠᠭ ᠡᠳᠦᠷ ᠲᠤ ᠠᠮᠤ ᠬᠦᠨᠡᠰᠦ ᠦᠢᠯᠡᠳᠬᠦ ᠮᠠᠰᠢᠨ᠂ ᠢᠯᠭᠠᠳᠠᠰᠤ ᠴᠡᠪᠡᠷᠯᠡᠬᠦ ᠮᠠᠰᠢᠨ | ᠵᠡᠷᠭᠡ 16 ᠲᠠᠸᠠᠷ ᠤᠨ ᠲᠦᠷᠦᠯ ᠳᠤ᠂ ᠲᠥᠪ ᠤᠨ ᠡᠳ᠋ ᠤᠨ ᠵᠠᠰᠠᠭ ᠤᠨ ᠲᠣᠭᠲᠠᠭᠰᠠᠨ ᠨᠤᠷᠮᠠᠲᠤ ᠨᠡᠮᠡᠭᠦᠷᠢ ᠶᠢᠨ | ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠨᠡᠮᠡᠵᠦ | ᠨᠥᠬᠦᠪᠥᠷᠢᠯᠡᠨ᠎ᠡ᠂ ᠨᠡᠮᠡᠭᠦᠷᠢ ᠥᠭᠬᠦ ᠲᠤᠭ᠎ᠠ ᠶᠢ ᠲᠥᠪ ᠤᠨ ᠡᠳ᠋ ᠤᠨ ᠵᠠᠰᠠᠭ ᠤᠨ ᠲᠣᠭᠲᠠᠭᠰᠠᠨ ᠨᠤᠷᠮᠠᠲᠤ | ᠨᠡᠮᠡᠭᠦᠷᠢ ᠶᠢᠨ 1/3 ᠠᠴᠠ ᠳᠠᠪᠠᠭᠤᠯᠬᠤ ᠦᠭᠡᠶ᠃ ᠲᠥᠪ ᠤᠨ ᠡᠳ᠋ ᠤᠨ ᠵᠠᠰᠠᠭ ᠤᠨ ᠨᠡᠮᠡᠭᠦᠷᠢ ᠥᠭᠬᠦ ᠬᠡᠪᠴᠢᠶᠡᠨ ᠳᠤ | ᠵᠢᠭᠰᠠᠭᠠᠨ ᠣᠷᠤᠭᠤᠯᠤᠭᠠᠳᠤᠢ᠂ ᠲᠠᠷᠢᠶᠠᠴᠢᠨ ᠮᠠᠯᠴᠢᠳ ᠤᠨ ᠦᠢᠯᠡᠳᠪᠦᠷᠢᠯᠡᠯ ᠳᠤ ᠪᠠᠴᠢᠮ ᠬᠡᠷᠡᠭᠰᠡᠬᠦ ᠮᠠᠯ ᠠᠵᠤ | ᠠᠬᠤᠶ ᠶᠢᠨ ᠮᠧᠬᠠᠨᠢᠭ ᠢ ᠪᠣᠯ ᠥᠪᠡᠷᠲᠡᠭᠡᠨ ᠵᠠᠰᠠᠬᠤ ᠣᠷᠣᠨ ᠤ ᠲᠣᠳᠣᠷᠬᠠᠶᠢᠯᠠᠭᠰᠠᠨ ᠮᠠᠰᠢᠨ ᠪᠠᠭᠠᠵᠢ ᠶᠢᠨ | ᠬᠡᠪᠴᠢᠶᠡᠨ ᠳᠣᠲᠣᠷ᠎ᠠ᠂ ᠳᠡᠭᠡᠷ᠎ᠡ ᠵᠢᠯ ᠤᠨ ᠪᠣᠷᠣᠯᠠᠭᠤᠯᠤᠨ ᠬᠤᠳᠠᠯᠳᠤᠭᠰᠠᠨ ᠳᠤᠮᠳᠠᠴᠢ ᠦᠨ᠎ᠡ ᠬᠠᠩᠰᠢ ᠶᠢᠨ | 30% ᠠᠴᠠ ᠥᠨᠳᠥᠷ ᠪᠠᠶᠢᠯᠭᠠᠬᠤ ᠦᠭᠡᠶ ᠬᠠᠷᠢᠴᠠᠯ ᠢᠶᠠᠷ ᠲᠥᠰᠦᠭᠡᠯᠡᠨ ᠪᠣᠳᠣᠵᠤ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠲᠣᠭᠲᠠᠭᠰᠠᠨ ᠨᠤᠷᠮ᠎ᠠ ᠪᠠᠷ ᠨᠦᠬᠦᠪᠦᠷᠢᠯᠡᠨ᠎ᠡ᠃ ﹇ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠮᠵᠢᠯᠴᠠᠨ᠎ᠠ﹈ | ᠳᠥᠷᠪᠡ᠂ ᠮᠦᠡᠭᠬᠦᠨ ᠬᠦᠢᠯᠬᠡᠬᠡᠡ ᠤ ᠲᠠᠭᠠᠳᠬᠠᠯ ᠤᠨ ᠦᠢᠯᠡᠴᠢᠯᠡᠭᠡᠨ ᠳᠤ ᠰᠢᠨ᠎ᠡ ᠶᠢ ᠡᠬᠦᠳᠣᠨ᠎ᠠ | ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠮᠠᠯ ᠠᠵᠤ ᠠᠬᠤᠶ ᠶᠢᠨ ᠲᠥᠷᠥᠯ ᠵᠦᠢᠯ ᠤᠨ | ᠵᠢᠭᠡᠯᠡᠯᠭᠡ ᠳᠤ ᠳᠠᠮ ᠬᠦᠦ ᠮᠦᠩᠭᠦ ᠶᠢᠨ ᠳᠡᠮᠵᠢᠯᠭᠡ ᠶᠢ ᠬᠡᠷᠡᠭᠵᠢᠭᠦᠯᠵᠦ᠂ ᠨᠢᠭᠡᠨᠲᠡ ᠪᠠᠶᠢᠭ᠎ᠠ ᠳᠠᠮ ᠬᠦᠦ ᠮᠦᠩᠭᠦ ᠶᠢᠨ | ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ | ᠵᠠᠰᠠᠭ ᠳᠠᠬᠢᠵᠤ 10% - 20% ᠶᠢᠨ ᠳᠠᠮ ᠬᠦᠦ ᠥᠭᠴᠦ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠠᠴᠠ ᠥᠭᠬᠦ ᠳᠠᠮ ᠬᠦᠤ ᠮᠥᠩᠭᠦ ᠶᠢ ᠨᠡᠶᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ | ᠦᠨ᠎ᠡ ᠶᠢᠨ ᠬᠦᠤ ᠮᠦᠩᠭᠦᠨ ᠤ ᠨᠣᠷᠮ᠎ᠠ ︵LPR︶ ᠶᠢᠨ 90% ᠠᠴᠠ ᠥᠨᠳᠥᠷ ᠪᠠᠶᠢᠯᠭᠠᠬᠤ ᠥᠬᠡᠶ ᠮᠥᠷᠲᠡᠭᠡᠨ | ᠵᠢᠭᠡᠯᠡᠯᠭᠡ ᠶᠢᠨ ᠬᠦᠤ ᠮᠥᠩᠭᠦ ᠶᠢᠨ ᠨᠤᠷᠮ᠎ᠠ ᠶᠢᠨ 3% ᠠᠴᠠ ᠳᠠᠪᠠᠭᠤᠯᠬᠤ ᠦᠭᠡᠢ ︵ᠪᠣᠳᠠᠲᠠᠶ ᠬᠦᠤ ᠮᠦᠩᠭᠦᠨ ᠤ | ᠨᠣᠷᠮ᠎ᠠ ᠨᠢ LPR ᠠᠴᠠ ᠳᠤᠤᠷ᠎ᠠ ᠪᠠᠶᠢᠪᠠᠯ ᠪᠤᠲᠠᠲᠠᠢ ᠬᠦᠦ ᠮᠦᠩᠭᠦᠨ ᠤ ᠨᠤᠷᠮ᠎ᠠ ᠪᠠᠷ ᠪᠤᠳᠤᠨ᠎ᠠ︶ ᠪᠠᠶᠢᠯᠭᠠᠨ᠎ᠠ᠃ | ᠮᠥᠩᠭᠦᠨ ᠭᠦᠢᠯᠭᠡᠭᠡᠨ ᠢᠶᠠᠷ ᠠᠯᠠᠰᠢᠨ ᠦᠬᠡᠷ ᠤᠨ ᠠᠵᠤ ᠦᠢᠯᠡᠰ ᠢ ᠳᠡᠮᠵᠢᠬᠦ ᠬᠠᠮᠵᠢᠯᠴᠠᠭᠠᠨ ᠤ ᠲᠣᠭᠲᠠᠴᠠ ᠶᠢ | ᠪᠠᠶᠢᠭᠤᠯᠵᠤ᠂ ᠪᠠᠲᠤᠯᠠᠭ᠎ᠠ ᠶᠢᠨ ᠳᠠᠭᠠᠭᠠᠯᠲᠠ᠂ ᠳᠠᠭᠠᠳᠬᠠᠯ ᠤᠨ ᠪᠠᠲᠤᠯᠠᠭ᠎ᠠ᠂ ᠪᠠᠩᠬᠢ ᠶᠢᠨ ᠢᠲᠡᠭᠡᠮᠵᠢᠲᠦ | ᠵᠢᠭᠡᠯᠡᠯᠭᠡ ᠶᠢᠨ ᠬᠤᠯᠪᠣᠭᠠᠯᠠᠨ ᠬᠥᠳᠡᠯᠦᠯᠴᠡᠬᠦ ᠵᠠᠭᠪᠤᠷ ᠢ ᠪᠠᠶᠢᠭᠤᠯᠵᠤ᠂ ᠠᠮᠢᠲᠠᠨ ᠢᠶᠠᠷ ᠪᠠᠷᠢᠴᠠᠭ᠎ᠠ ᠪᠣᠯᠭᠠᠭᠰᠠᠨ | ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠪᠡᠯᠡᠳᠬᠡᠮᠵᠢᠲᠦ ᠮᠠᠯ ᠠᠵᠤ ᠠᠬᠤᠶ ᠶᠢᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ | ᠨᠣᠷᠮ᠎ᠠ ᠶᠢ 1% ᠠᠴᠠ ᠥᠨᠳᠥᠷ ᠪᠠᠶᠢᠯᠭᠠᠵᠤ ᠪᠣᠯᠬᠤ ᠦᠭᠡᠶ᠃ ᠠᠯᠠᠰᠢᠨ ᠦᠬᠡᠷ ᠠᠯᠠᠰᠢᠨ ᠬᠤᠨᠢᠨ ᠤ ᠣᠷᠣᠨ | ᠨᠤᠲᠤᠭ ᠤᠨ ᠳᠠᠪᠠᠭᠤᠯᠢᠭ ᠤᠨᠴᠠᠯᠢᠭᠳᠤ ᠳᠠᠭᠠᠳᠬᠠᠯ ᠢ ᠠᠯᠠᠰᠢᠨ ᠦᠬᠡᠷ᠂ ᠠᠯᠠᠰᠢᠨ ᠬᠤᠨᠢ ᠶᠢ ᠬᠡᠪᠴᠢᠶᠡᠵᠢᠭᠦᠯᠦᠨ | ᠲᠡᠵᠢᠭᠡᠨ ᠦᠷᠡᠵᠢᠭᠦᠯᠬᠦ ᠲᠡᠶᠢᠰᠢ ᠬᠡᠯᠪᠠᠶᠢᠯᠭᠡᠬᠦ ᠶᠢ ᠠᠬᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠦ᠋ᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ | ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ | ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ﹈ | ᠲᠠᠪᠤ᠂ ᠦᠢᠯᠡᠳᠪᠦᠷᠢᠯᠡᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ | ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠡᠯᠡ ᠮᠥᠩᠭᠦ᠂ ᠭᠠᠵᠠᠷ ᠰᠢᠷᠣᠶ ᠶᠢᠨ | ᠭᠦᠢᠴᠡᠳᠭᠡᠯ ᠲᠤᠭ᠎ᠠ ᠶᠢᠨ ᠠᠷᠠᠯᠵᠢᠶᠠᠨ ᠤ ᠣᠷᠣᠯᠭ᠎ᠠ ᠵᠡᠷᠭᠡ ᠪᠠᠷ ᠪᠡᠯᠡᠳᠬᠡᠮᠵᠢᠲᠦ ᠮᠠᠯ ᠠᠵᠤ ᠠᠬᠤᠶ ᠶᠢᠨ ᠲᠥᠷᠥᠯ | ᠵᠦᠢᠯ ᠢ ᠤᠷᠢᠳ ᠢᠶᠠᠷ ᠳᠡᠮᠵᠢᠬᠦ ᠬᠡᠷᠡᠭᠲᠡᠶ᠃ ᠨᠥᠬᠦᠴᠡᠯ ᠲᠠᠢ ᠪᠠᠶᠢᠭ᠎ᠠ ᠭᠤᠪᠢ᠂ ᠴᠦᠯ᠂ ᠬᠤᠵᠢᠷᠯᠢᠬ ᠭᠠᠵᠠᠷ ᠵᠡᠷᠭᠡ | ᠣᠷᠣᠨ ᠪᠦᠰᠡ ᠳᠤ ᠪᠡᠯᠡᠳᠬᠡᠮᠵᠢᠲᠦ ᠮᠠᠯ ᠠᠵᠤ ᠠᠬᠤᠶ ᠶᠢ ᠬᠥᠭᠵᠢᠭᠦᠯᠬᠦ ᠶᠢ ᠳᠡᠮᠵᠢᠨ᠎ᠡ᠃ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠶᠣᠰᠣᠭᠠᠷ ᠬᠠᠮᠢᠶᠠᠷᠤᠨ᠎ᠠ᠃ ︽ᠤᠰᠤ ᠪᠠᠷ ᠲᠦᠷᠪᠡ ᠶᠢ ᠲᠣᠭᠲᠠᠭᠠᠬᠤ︾ ᠤᠷᠢᠲᠠᠯ ᠳᠣᠣᠷ᠎ᠠ᠂ ᠮᠠᠯ | ᠠᠵᠤ ᠠᠬᠤᠶ ᠳᠤ ᠬᠡᠷᠡᠭᠯᠡᠬᠦ ᠤᠰᠤ ᠶᠢ ᠪᠠᠲᠤᠯᠠᠬᠤ ᠬᠡᠷᠡᠭᠲᠡᠢ᠃ ᠪᠡᠯᠡᠳᠬᠡᠮᠵᠢᠲᠦ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ ﹇ᠥ ᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦ᠋ᠯᠦᠭᠯᠡᠯ︶ | ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ | ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶﹈ | ᠵᠢᠷᠭᠤᠭ᠎ᠠ᠂ ᠨᠡᠶᠢᠲᠡᠯᠢᠭ ᠢᠶᠠᠷ ᠵᠢᠱᠢᠶ᠎ᠡ ᠦᠵᠡᠭᠦᠯᠬᠦ ᠶᠢ ᠳᠡᠯᠭᠡᠷᠡᠭᠦᠯᠬᠦ ᠪᠠᠨ ᠴᠢᠩᠭᠠᠷᠠᠭᠤᠯᠤᠨ᠎ᠠ | ᠵᠢᠯ ᠪᠦᠷᠢ 1 - 3 ᠬᠤᠰᠢᠭᠤ ᠰᠢᠶᠠᠨ ︵ᠬᠤᠲᠠ᠂ ᠲᠣᠭᠤᠷᠢᠭ︶ ᠢ ᠰᠢᠯᠢᠳᠡᠭᠴᠢᠯᠡᠨ ᠰᠤᠩᠭᠤᠵᠤ | ᠪᠡᠯᠡᠳᠭᠡᠮᠵᠢᠳᠤ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ | ᠦᠷᠨᠢᠭᠦᠯᠦᠨ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠪᠦᠷᠢ ᠳᠤ 1000 ᠲᠦᠮᠡᠨ ᠲᠥᠭᠦᠷᠢᠭ ᠱᠠᠩᠨᠠᠨ᠎ᠠ᠃ ᠵᠢᠯ | ᠪᠦᠷᠢ 2 - 5 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠮᠠᠯ ᠠᠵᠤ ᠠᠬᠤᠶ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠲᠤᠷᠰᠢᠯᠲᠠ ᠶᠢ ᠥᠷᠨᠢᠭᠦᠯᠵᠦ᠂ ᠲᠡᠳᠡᠨ ᠤ ᠪᠡᠯᠡᠳᠬᠡᠮᠵᠢᠲᠦ ᠮᠠᠯ ᠠᠵᠤ ᠠᠬᠤᠶ ᠶᠢᠨ ᠵᠢᠱᠢᠶ᠎ᠡ | ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠨᠢ ᠡᠩ ᠲᠡᠷᠢᠭᠦᠨ ᠳᠤ ᠳᠡᠮᠵᠢᠵᠦ᠂ ᠱᠠᠩᠨᠠᠬᠤ ᠪᠠᠷ | ᠨᠦᠬᠦᠪᠦᠷᠢ ᠶᠢ ᠣᠷᠤᠯᠠᠬᠤ᠂ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ | ᠳᠠᠮᠵᠢᠭᠤᠯᠤᠨ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠦᠨ ᠪᠣᠯᠪᠠᠰᠤᠷᠠᠭᠤᠯᠬᠤ᠂ ᠨᠠᠷᠢᠯᠢᠬ ᠣᠨᠣᠴᠠᠲᠠᠶ ᠲᠡᠵᠢᠭᠡᠨ | ᠠᠷᠠᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ᠂ ᠦᠷ᠎ᠡ ᠡᠭᠦᠯᠳᠡᠷ ᠢ ᠰᠠᠶᠢᠵᠢᠷᠠᠭᠤᠯᠬᠤ ᠵᠡᠷᠭᠡ | ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠲᠤᠷᠰᠢᠯᠲᠠ ᠪᠦᠷᠢ ᠳᠤ ᠠᠳᠠᠭ ᠲᠤ ᠪᠠᠨ 10 ᠲᠦᠮᠡᠨ ᠬᠤᠨᠢᠨ | ᠨᠢᠭᠡᠴᠢ ᠠᠴᠠ ᠳᠡᠭᠡᠭᠰᠢᠬᠢ ᠮᠠᠯ ᠢ ᠬᠠᠮᠤᠷᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠶᠡᠭᠡ ᠳᠡᠭᠡᠳᠦ | ᠰᠤᠷᠭᠠᠭᠤᠯᠢ ᠳᠤ ᠲᠦᠰᠢᠭᠯᠡᠨ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠰᠢᠨ᠎ᠡ ᠮᠡᠷᠭᠡᠵᠢᠯ᠂ | ᠰᠢᠨ᠎ᠡ ᠵᠠᠭᠪᠤᠷ ᠤᠨ ᠬᠡᠷᠡᠭᠯᠡᠯᠲᠡ ᠶᠢ ᠳᠡᠯᠭᠡᠷᠡᠭᠦᠯᠬᠦ ᠪᠣᠯᠪᠠᠰᠤᠷᠠᠭᠤᠯᠤᠯ ᠢ ᠥᠷᠨᠢᠭᠦᠯᠦᠨ᠂ ᠴᠢᠳᠠᠪᠤᠷᠢᠲᠠᠨ ᠤ | ᠪᠠᠲᠤᠯᠠᠭ᠎ᠠ ᠶᠢ ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ﹇ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠨᠢ ᠲᠦᠷᠦᠭᠦᠯᠡᠨ ᠬᠠᠷᠢᠭᠤᠴᠠᠵᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠠᠮᠵᠢᠯᠴᠠᠨ᠎ᠠ﹈ | ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠲᠤᠰᠬᠠᠶ ᠳᠡᠮᠵᠢᠯᠭᠡ ᠶᠢᠨ ᠪᠠᠯᠠ ᠮᠥᠩᠭᠦ ᠶᠢ ᠴᠥᠮ ︽ | ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠥᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠶ | ᠪᠠᠶᠢᠳᠠᠯ ᠢ ᠨᠢ ᠦᠨᠳᠦᠰᠦᠯᠡᠨ ᠨᠡᠮᠡᠭᠦᠷᠢ ᠣᠯᠭᠤᠬᠤ᠂ ᠳᠠᠷᠠᠭᠠᠯᠠᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ | ᠥᠭᠭᠦᠨ᠎ᠡ᠃ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ | ᠲᠣᠭᠲᠠᠭᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ᠂ ᠪᠦᠲᠦᠭᠡᠨ ᠪᠠᠶᠢᠭᠤᠯᠬᠤ | ᠠᠭᠤᠯᠭ᠎ᠠ᠂ ᠰᠢᠯᠭᠠᠨ ᠬᠢᠨᠠᠵᠤ ᠰᠢᠯᠭᠠᠨ ᠬᠤᠷᠢᠶᠠᠬᠤ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃ | | | | |