ᠪᠣᠷᠣᠬᠤᠲᠠ ᠲᠣᠭᠤᠷᠢᠭ ᠤᠨ ︽ᠲᠣᠭᠤᠷᠢᠯ ᠵᠠᠮ ᠤᠨ  1 ᠨᠣᠮᠧᠷᠲᠤ ᠱᠤᠭᠤᠮ︾ ᠨᠡᠶᠢᠲᠡ ᠶᠢᠨ ᠮᠠᠰᠢᠨ ᠲᠡᠷᠭᠡ ᠵᠢᠩᠬᠢᠨᠢ ᠪᠠᠷ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2024/11/19
     11 ᠰᠠᠷ᠎ᠠ ᠶᠢᠨ 18 ᠤ ᠡᠳᠦᠷ᠂ ᠪᠣᠷᠣᠬᠤᠲᠠ ᠲᠣᠭᠤᠷᠢᠭ ᠤᠨ ︽ᠲᠣᠭᠤᠷᠢᠯ ᠵᠠᠮ ᠤᠨ 1 ᠨᠣᠮᠧᠷᠲᠤ ᠱᠤᠭᠤᠮ︾  ᠨᠡᠶᠢᠲᠡ ᠶᠢᠨ ᠮᠠᠰᠢᠨ ᠲᠡᠷᠭᠡ ᠵᠢᠩᠬᠢᠨᠢ ᠪᠠᠷ ᠲᠡᠷᠭᠡ ᠨᠡᠪᠲᠡᠷᠡᠪᠡ᠃      ᠪᠣᠷᠣᠬᠤᠲᠠ ᠲᠣᠭᠤᠷᠢᠭ ᠤᠨ ︽ᠲᠣᠭᠤᠷᠢᠯ ᠵᠠᠮ ᠤᠨ 1  ᠨᠣᠮᠧᠷᠲᠦ ᠱᠤᠭᠤᠮ︾  ᠨᠡᠶᠢᠲᠡ ᠶᠢᠨ ᠮᠠᠰᠢᠨ ᠲᠡᠷᠭᠡ   ᠶᠢᠨ ᠡᠬᠢᠯᠡᠯᠳᠡ ᠲᠡᠭᠦᠰᠬᠡᠯ ᠤᠨ ᠴᠢᠭ ᠨᠢ ᠣᠩᠨᠢᠭᠤᠳ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ  ᠡᠮᠨᠡᠯᠭᠡ ᠶᠢᠨ  ᠬᠤᠷᠢᠶ᠎ᠠ ᠪᠤᠯᠤᠨ᠎ᠠ᠃  ᠲᠡᠷᠡ ᠨᠢ  ᠭᠤᠤᠯᠳᠠᠭᠤ ᠪᠣᠷᠣᠬᠤᠲᠠ ᠵᠠᠮ᠂ ᠭᠥ᠋ ᠴᠧᠩ ᠵᠡᠭᠡᠯᠢ᠂ ᠬᠤᠩᠱᠠᠨ ᠵᠠᠮ᠂ ᠰᠢᠶᠠᠩ ᠶᠠᠩ ᠵᠡᠭᠡᠯᠢ ᠵᠡᠷᠭᠡ  ᠵᠠᠮ ᠵᠡᠭᠡᠯᠢ  ᠶᠢ ᠬᠤᠯᠪᠤᠨ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠪᠣᠷᠣᠬᠤᠲᠠ  ᠲᠠᠪᠤᠳᠤᠭᠠᠷ ᠪᠠᠭ᠎ᠠ ᠰᠤᠷᠭᠠᠭᠤᠯᠢ᠂ ᠪᠣᠷᠣᠬᠤᠲᠠ  ᠳᠥᠷᠪᠡᠳᠦᠭᠡᠷ ᠳᠤᠮᠳᠠᠳᠤ ᠰᠤᠷᠭᠠᠭᠤᠯᠢ᠂ ᠪᠣᠷᠣᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠵᠢᠴᠢ  ᠮᠠᠰᠢ ᠣᠯᠠᠨ ᠰᠠᠭᠤᠭᠠᠯᠢ ᠲᠣᠭᠤᠷᠢᠭ ᠢ  ᠳᠠᠮᠵᠢᠨ ᠦᠩᠭᠡᠷᠡᠨ᠎ᠡ᠃ ᠪᠦᠬᠦ  ᠵᠠᠮ ᠱᠣᠭᠤᠮ ‍ᠤᠨ‌ᠣᠷᠳᠣ ᠨᠢ 8.5  ᠺᠢᠯᠤᠮᠧᠲᠷ ᠪᠠᠶᠢᠳᠠᠭ᠃     ᠲᠤᠰ ᠬᠤᠲᠠ ᠲᠣᠭᠤᠷᠢᠭᠰᠠᠨ ᠨᠡᠶᠢᠲᠡ ᠶᠢᠨ ᠮᠠᠰᠢᠨ ᠲᠡᠷᠭᠡ   ᠶᠢ ᠨᠡᠪᠲᠡᠷᠡᠭᠦᠯᠦᠭᠰᠡᠨ ᠨᠢ ᠬᠤᠲᠠ ᠶᠢᠨ ᠪᠦᠲᠥᠭᠡᠨ ᠪᠠᠶᠢᠭᠤᠯᠤᠯᠳᠠ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠤ ᠶᠠᠪᠤᠵᠤ  ᠰᠠᠭᠤᠬᠤ   ᠳᠤ  ᠨᠡᠩ ᠲᠦᠭᠦᠮ ᠨᠦᠬᠦᠴᠡᠯ ᠢ ᠠᠪᠴᠢᠷᠠᠬᠤ ᠪᠤᠯᠤᠨ᠎ᠠ᠃᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号