| | ᠮᠠᠨ ᠤ ᠣᠷᠣᠨ ᠤ ︽ᠭᠠᠵᠠᠷ ᠰᠢᠷᠣᠶ ᠶᠢᠨ ᠬᠡᠲᠦ ᠳᠡᠯᠭᠡᠭᠦᠷ︾ ᠨᠢ ᠲᠥᠪᠯᠡᠷᠡᠩᠭᠦᠢ ᠨᠡᠭᠡᠬᠡᠯᠳᠡᠲᠦ | ᠴᠢᠨᠠᠷ ᠲᠠᠢ᠂ ᠢᠯᠡ ᠲᠣᠳᠣ ᠪᠠ ᠰᠦᠢᠳᠭᠡᠯ ᠬᠤᠷᠢᠶᠠᠬᠤ ᠥᠬᠡᠶ ᠪᠠᠷ ᠦᠢᠯᠡᠴᠢᠯᠡᠬᠦ ᠶᠢ ᠨᠢᠭᠡ ᠴᠣᠭᠴᠠᠵᠢᠭᠤᠯᠤᠭᠰᠠᠨ | ᠭᠠᠵᠠᠷ ᠰᠢᠷᠣᠶ ᠶᠢᠨ ᠲᠠᠨᠢᠯᠴᠠᠭᠤᠯᠭ᠎ᠠ ᠶᠢᠨ ᠲᠠᠪᠴᠠᠩ ᠪᠣᠯᠤᠭᠰᠠᠨ ᠤ ᠬᠤᠪᠢ ᠳᠤ᠂ ︽ᠲᠥᠷᠥᠯ ᠵᠦᠢᠯ ᠵᠡᠷᠭᠡ ᠶᠢᠨ | ᠭᠠᠵᠠᠷ ᠰᠢᠷᠣᠶ︾ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠶᠢᠨ ᠭᠤᠭᠴᠤᠭ᠎ᠠ ᠪᠣᠯᠤᠭᠰᠠᠨ ᠪᠠᠶᠢᠨ᠎ᠠ᠃ | ᠣᠳᠣᠬᠠᠨ ᠳᠤ ᠲᠣᠰ ᠲᠠᠪᠴᠠᠩ ᠨᠢ ᠨᠢᠭᠡᠨᠲᠡ ᠭᠠᠵᠠᠷ ᠢ ᠬᠠᠶᠢᠨ ᠯᠠᠪᠯᠠᠵᠤ ᠨᠡᠶᠢᠲᠡᠯᠡᠬᠦ᠂ ᠡᠭᠦᠯᠡᠨ ᠲᠠᠪᠴᠠᠩ ᠢᠶᠠᠷ | ᠭᠠᠵᠠᠷ ᠢ ᠣᠶᠢᠯᠠᠭᠠᠬᠤ᠂ ᠰᠦᠯᠵᠢᠶ᠎ᠡ ᠪᠠᠷ ᠵᠥᠪᠯᠡᠯᠭᠡ ᠥᠭᠬᠦ ᠪᠠ ᠰᠠᠨᠠᠭ᠎ᠠ ᠪᠠᠨ ᠢᠯᠡᠳᠭᠡᠵᠦ ᠬᠠᠷᠢᠭᠤ ᠲᠤᠰᠬᠠᠬᠤ | ᠵᠡᠷᠭᠡ ᠣᠯᠠᠨ ᠡᠰᠢᠵᠢᠭᠰᠡᠨ ᠴᠢᠳᠠᠮᠵᠢ ᠶᠢ ᠬᠤᠷᠠᠮᠳᠤᠭᠤᠯᠵᠤ᠂ ᠪᠤᠭᠤᠲᠤ ᠬᠤᠲᠠ᠂ ᠤᠯᠠᠭᠠᠨᠴᠠᠪ ᠬᠤᠲᠠ᠂ ᠰᠢᠯᠢ ᠶᠢᠨ | ᠭᠤᠤᠯ ᠠᠶᠢᠮᠠᠭ ᠤᠨ ᠥᠪᠡᠰᠦᠪᠡᠨ ᠪᠠᠶᠢᠭᠤᠯᠤᠭᠰᠠᠨ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ | ᠳᠡᠯᠭᠡᠭᠦᠷ ᠤᠨ ᠲᠠᠪᠴᠠᠩ ᠯᠤᠭ᠎ᠠ ᠢᠨᠲ᠋ᠧᠷ ᠰᠦᠯᠵᠢᠶ᠎ᠡ ᠪᠠᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠪᠡᠶᠡᠯᠡᠭᠦᠯᠦᠭᠰᠡᠨ ᠪᠥᠭᠡᠳ ᠪᠥᠬᠦ ᠣᠷᠣᠨ ᠤ 12 ᠠᠶᠢᠮᠠᠭ ᠬᠤᠲᠠ ᠶᠢᠨ 103 ᠬᠤᠰᠢᠭᠤ ᠰᠢᠶᠠᠨ ︵ᠲᠣᠭᠤᠷᠢᠭ︶ | ᠳᠤ ᠬᠠᠮᠢᠶᠠᠷᠤᠯᠲᠠ ᠶᠢᠨ ᠲᠠᠩᠰᠠᠨ ᠨᠣᠮᠧᠷ ᠢᠶᠠᠨ 200 ᠭᠠᠷᠤᠶ ᠬᠤᠪᠢᠶᠠᠷᠢᠯᠠᠵᠠᠶ᠃ 10 ᠳ᠋ᠤᠭᠠᠷ ᠰᠠᠷ᠎ᠠ ᠶᠢᠨ | ᠰᠡᠭᠦᠯᠴᠢ ᠪᠣᠯᠲᠠᠯ᠎ᠠ᠂ ᠨᠢᠭᠡᠳᠦᠭᠡᠷ ᠳᠡᠰ ᠤᠨ ᠵᠠᠬ᠎ᠠ ᠳᠡᠯᠭᠡᠭᠦᠷ ᠤᠨ ᠮᠣᠳᠦ᠋ᠯ ᠬᠡᠰᠡᠭ ᠲᠤ ᠨᠢᠭᠡᠨᠲᠡ 91 ᠴᠡᠪᠡᠷ | ᠭᠠᠵᠠᠷ ᠢ ᠠᠮᠵᠢᠯᠲᠠᠲᠠᠶ ᠨᠡᠶᠢᠲᠡᠯᠡᠵᠦ᠂ ᠶᠡᠷᠦᠩᠬᠡᠶ ᠲᠠᠯᠠᠪᠠᠶ ᠨᠢ 7903.96 ᠮᠥ ᠳᠤ ᠬᠦᠷᠪᠡ᠂ ᠡᠭᠦᠨ ᠳᠤ 16 | ᠬᠡᠰᠡᠭ᠂ 1197.31 ᠮᠥ ᠭᠠᠵᠠᠷ ᠰᠢᠷᠣᠶ ᠶᠢᠨ ᠠᠷᠠᠯᠵᠢᠶ᠎ᠠ ᠶᠢ ᠭᠦᠢᠴᠡᠳᠭᠡᠨ᠂ ᠭᠠᠵᠠᠷ ᠰᠢᠷᠣᠶ ᠶᠢ ᠲᠦᠯᠦᠪᠦᠷᠢᠲᠡᠢ | ᠰᠢᠯᠵᠢᠭᠦᠯᠦᠭᠰᠡᠨ ᠮᠦᠩᠭᠦᠨ ᠤ ᠶᠡᠷᠦᠩᠬᠡᠶ ᠲᠤᠭ᠎ᠠ ᠨᠢ 3.17 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ | ᠣᠷᠣᠨ ᠤ ᠲᠠᠷᠠᠬᠠᠶ ᠪᠤᠲᠠᠷᠬᠠᠶ ᠭᠠᠵᠠᠷ ᠰᠢᠷᠣᠶ ᠶᠢᠨ ᠡᠬᠢ ᠪᠠᠶᠠᠯᠢᠭ ᠢ ᠪᠦᠲᠦᠮᠵᠢᠲᠡᠶ ᠡᠮᠬᠢᠯᠡᠵᠦ ᠨᠡᠶᠢᠯᠡᠭᠦᠯᠦᠭᠰᠡᠨ ᠪᠠ | ᠬᠠᠮᠤᠭ ᠤᠨ ᠶᠡᠭᠡ ᠥᠷᠲᠡᠭ ᠲᠤ ᠬᠦᠷᠭᠡᠪᠡ︔ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠮᠣᠳᠦ᠋ᠯ ᠬᠡᠰᠡᠭ ᠢᠶᠠᠷ | ᠨᠢᠭᠡᠨᠲᠡ ᠪᠥᠬᠦ ᠣᠷᠣᠨ ᠤ 8 ᠠᠶᠢᠮᠠᠭ ᠬᠤᠲᠠ ᠶᠢᠨ 24 ᠬᠡᠰᠡᠭ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ | ᠪᠠᠶᠢᠨ᠎ᠠ᠂ ᠲᠡᠭᠦᠨ ᠤ ᠶᠡᠷᠦᠩᠬᠡᠶ ᠲᠠᠯᠠᠪᠠᠶ ᠨᠢ 1414.85 ᠮᠥ ᠳᠤ ᠬᠦᠷᠴᠦ᠂ ᠪᠥᠬᠦ ᠣᠷᠣᠨ ᠤ ᠭᠠᠵᠠᠷ | ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠤᠶᠤᠨᠴᠢᠯᠠᠭᠰᠠᠨ ᠨᠢᠭᠡᠳᠦᠯᠲᠡᠶ ᠲᠥᠯᠥᠪᠯᠡᠨ ᠬᠠᠮᠢᠶᠠᠷᠬᠤ | ᠲᠣᠭᠲᠠᠯᠴᠠᠭ᠎ᠠ ᠠᠩᠬ᠎ᠠ ᠠᠯᠬᠤᠮ ᠪᠠᠶᠢᠭᠤᠯᠣᠭᠳᠠᠭᠰᠠᠨ ᠢ ᠬᠠᠷᠠᠭᠤᠯᠵᠤ ᠪᠠᠶᠢᠨ᠎ᠠ᠃ ︵ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ︶ |