1 — 10 ᠳ᠋ᠤᠭᠠᠷ ᠰᠠᠷ᠎ᠠ ᠳᠠᠬᠢ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠪᠥᠬᠦ ᠤᠯᠤᠰ ᠤᠨ ᠲᠡᠷᠢᠭᠦᠨ ᠳᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/11/19
      1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 6666.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 5102.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ︔ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1264.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.8% ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶᠡᠨ ᠤ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶᠡᠨ ᠠᠴᠠ ᠳᠠᠪᠠᠵᠤ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶᠡᠨ ᠤ ᠨᠡᠮᠡᠭᠳᠡᠯ ᠢ 4.1 ᠵᠠᠭᠤᠨ ᠤ ᠴᠡᠭ ᠳᠡᠭᠡᠭᠰᠢᠯᠡᠭᠦᠯᠪᠡ︔ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 259.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.7% ᠪᠠᠷ ᠨᠡᠮᠡᠭᠳᠡᠪᠡ︔ ᠤᠰᠤᠨ ᠤ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 39.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.3% ᠪᠠᠷ ᠨᠡᠮᠡᠭᠳᠡᠪᠡ᠃ ᠠᠶᠢᠮᠠᠭ ᠬᠤᠲᠠ ᠪᠠᠷ ᠬᠤᠪᠢᠶᠠᠪᠠᠯ᠂ 9 ᠠᠶᠢᠮᠠᠭ ᠬᠤᠲᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠮᠡᠭᠳᠡᠪᠡ᠂ ᠡᠭᠦᠨ ᠳᠤ ᠣᠷᠳᠣᠰ ᠬᠤᠲᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 1706.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠪᠡ︔ ᠰᠢᠯᠢ ᠶᠢᠨ ᠭᠤᠤᠯ ᠠᠶᠢᠮᠠᠭ ᠤᠨ ᠴᠠᠬᠢᠯᠭᠠᠨ ᠭᠠᠷᠭᠠᠭᠰᠠᠨ ᠬᠡᠮᠵᠢᠶ᠎ᠡ 911.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠣᠷᠣᠨ ᠤ ᠬᠤᠶᠠᠳᠤᠭᠠᠷ ᠲᠤ ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠪᠡ᠃ ︵ᠲᠤᠭ᠎ᠠ ᠪᠦᠷᠢᠳᠭᠡᠯ ᠤᠨ ᠲᠣᠪᠴᠢᠶ᠎ᠠ︶
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号