| | ᠬᠥᠯᠥᠨ ᠪᠤᠶᠢᠷ ᠬᠤᠲᠠ ᠶᠢᠨ ᠬᠤᠷᠢᠶᠠᠯᠲᠠ ᠶᠢᠨ ᠶᠡᠷᠦᠩᠬᠡᠢ ᠲᠠᠯᠠᠪᠠᠶ 2955.87 ᠲᠦᠮᠡᠨ ᠮᠦ ᠪᠠᠶᠢᠵᠤ᠂ | ᠡᠭᠦᠨ ᠳᠤ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠶᠢᠨ ᠲᠠᠯᠠᠪᠠᠶ 2572.28 ᠲᠦᠮᠡᠨ ᠮᠦ ᠪᠠᠶᠢᠪᠠ᠃ | ᠥᠪᠡᠷᠲᠡᠭᠡᠨ ᠵᠠᠰᠠᠬᠤ ᠣᠷᠣᠨ ᠠᠴᠠ ᠪᠤᠲᠠᠲᠤ ᠭᠠᠵᠠᠷ ᠲᠤ ᠨᠢ ᠬᠡᠮᠵᠢᠯᠲᠡ ᠬᠢᠬᠦ ᠪᠠᠷ ᠳᠠᠮᠵᠢᠨ᠂ ᠮᠣᠭᠠᠢ ᠲᠠᠷᠢᠶᠠᠯᠠᠩ | ᠮᠠᠯᠵᠢᠯ ᠤᠨ ᠲᠠᠯᠠᠪᠠᠶ ᠶᠢᠨ ᠪᠤᠭᠤᠳᠠᠢ ᠶᠢᠨ ᠬᠠᠭᠤᠷᠠᠢ ᠲᠠᠷᠢᠶᠠᠯᠠᠭ᠎ᠠ ᠶᠢᠨ ᠥᠨᠳᠥᠷ ᠤᠨᠠᠯᠲᠠᠲᠦ ᠭᠠᠵᠠᠷ ᠤᠨ ᠮᠦ | ᠪᠦᠷᠢ ᠶᠢᠨ ᠤᠨᠠᠯᠲᠠ 975.6 ᠵᠢᠩ / ᠮᠦ᠂ ᠭᠠᠨ ᠾᠧ ᠲᠠᠷᠢᠶᠠᠯᠠᠩ ᠮᠠᠯᠵᠢᠯ ᠤᠨ ᠲᠠᠯᠠᠪᠠᠶ ᠶᠢᠨ ᠰᠢᠷ᠎ᠠ | ᠪᠤᠷᠴᠠᠭ ᠤᠨ ᠬᠠᠭᠤᠷᠠᠢ ᠲᠠᠷᠢᠶᠠᠯᠠᠭ᠎ᠠ ᠶᠢᠨ ᠥᠨᠳᠥᠷ ᠤᠨᠠᠯᠲᠠᠲᠤ ᠭᠠᠵᠠᠷ ᠤᠨ ᠮᠦ ᠪᠦᠷᠢ ᠶᠢᠨ ᠤᠨᠠᠯᠲᠠ 629.44 | ᠵᠢᠩ ᠪᠠᠶᠢᠵᠤ᠂ ᠴᠥᠮ ᠪᠥᠬᠦ ᠬᠤᠲᠠ ᠶᠢᠨ ᠥᠨᠳᠥᠷ ᠤᠨᠠᠯᠲᠠ ᠶᠢᠨ ᠲᠡᠦᠬᠡᠨ ᠲᠡᠮᠳᠡᠭᠯᠡᠯ ᠢ ᠳᠠᠪᠠᠵᠠᠢ᠃ | ᠵᠢᠱᠢᠯᠲᠡ ᠪᠠᠷ ᠡᠨᠡ ᠵᠢᠯ ᠪᠥᠬᠦ ᠬᠤᠲᠠ ᠶᠢᠨ ᠠᠮᠤ ᠪᠤᠳᠠᠭᠠᠨ ᠤ ᠤᠨᠠᠯᠲᠠ 138.52 ᠳ᠋ᠦᠩᠰᠢᠭᠤᠷ ᠵᠢᠩ | ᠣᠷᠴᠢᠮ ᠳᠤ ᠬᠦᠷᠴᠦ᠂ 130.4 ᠳ᠋ᠦᠩᠰᠢᠭᠤᠷ ᠵᠢᠩ ᠤᠨ ᠠᠮᠤ ᠪᠤᠳᠠᠭᠠᠨ ᠤ ᠤᠨᠠᠯᠲᠠ ᠶᠢᠨ ᠡᠭᠦᠷᠭᠡ ᠶᠢ | ᠳᠠᠪᠠᠭᠤᠯᠤᠨ ᠪᠡᠶᠡᠯᠡᠭᠦᠯᠬᠦ ᠪᠣᠯᠣᠨ᠎ᠠ᠃ ᠤᠯᠠᠭᠠᠨᠬᠠᠳᠠ ᠬᠤᠲᠠ ᠶᠢᠨ ᠠᠮᠤ ᠪᠤᠳᠠᠭ᠎ᠠ ᠲᠠᠷᠢᠭᠰᠠᠨ ᠲᠠᠯᠠᠪᠠᠶ 1884. | 61 ᠲᠦᠮᠡᠨ ᠮᠦ ᠪᠠᠶᠢᠵᠤ᠂ ᠠᠮᠤ ᠪᠤᠳᠠᠭᠠᠨ ᠤ ᠤᠨᠠᠯᠲᠠ ᠵᠢᠱᠢᠯᠲᠡ ᠪᠠᠷ 175.8 ᠳ᠋ᠦᠩᠰᠢᠭᠤᠷ ᠵᠢᠩ ᠠᠴᠠ | ᠳᠡᠭᠡᠭᠰᠢ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠨ᠂ ᠨᠢᠭᠡᠴᠢ ᠲᠠᠯᠠᠪᠠᠢ ᠳᠠᠬᠢ ᠠᠮᠤ | ᠪᠤᠳᠠᠭᠠᠨ ᠤ ᠳᠤᠮᠳᠠᠴᠢ ᠤᠨᠠᠯᠲᠠ 466.4 ᠺᠢᠯᠣᠭ᠍ᠷᠠᠮ / ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5. | 4 ᠪᠠᠷ ᠨᠡᠮᠡᠭᠳᠡᠨ᠂ ︽ᠠᠷᠪᠠᠨ ᠬᠤᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠬᠦ | ᠪᠣᠯᠣᠮᠵᠢ ᠲᠠᠢ ᠪᠠᠶᠢᠨ᠎ᠠ᠃ ᠲᠤᠰᠬᠠᠢ ᠮᠡᠷᠭᠡᠵᠢᠯᠲᠡᠳ ᠠᠴᠠ ᠤᠨᠠᠯᠲᠠ ᠳᠤ ᠬᠡᠮᠵᠢᠯᠲᠡ ᠬᠢᠬᠦ ᠪᠠᠷ ᠳᠡᠮᠵᠢᠨ᠂ ᠡᠷᠳᠡᠨᠢ | ᠰᠢᠰᠢ᠂ ᠲᠥᠮᠥᠰᠥ᠂ ᠰᠢᠷ᠎ᠠ ᠪᠤᠷᠴᠠᠭ᠂ ᠨᠠᠷᠢᠮᠤ᠂ ᠰᠢᠰᠢ ᠵᠡᠷᠭᠡ ᠲᠠᠪᠤᠨ ᠵᠦᠢᠯ ᠤᠨ ᠭᠤᠣᠯ ᠪᠣᠯᠬᠤ ᠠᠮᠤ | ᠪᠤᠳᠠᠭᠠᠨ ᠤ ᠲᠠᠷᠢᠮᠠᠯ ᠤᠨ ᠨᠢᠭᠡᠴᠢ ᠲᠠᠯᠠᠪᠠᠶ ᠶᠢᠨ ᠤᠨᠠᠯᠲᠠ ᠳᠠᠬᠢᠨᠲᠠ ᠪᠥᠬᠦ ᠬᠤᠲᠠ ᠶᠢᠨ ᠰᠢᠨ᠎ᠡ ᠲᠡᠮᠳᠡᠭᠯᠡᠯ ᠢ | ᠡᠭᠦᠳᠪᠡ᠃ ︵ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ᠂ ᠤᠯᠠᠭᠠᠨᠬᠠᠳᠠ ᠬᠤᠲᠠ ᠶᠢᠨ ᠵᠠᠰᠠᠭ ᠤᠨ | ᠣᠷᠳᠣᠨ︶ | |