ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠤᠨ ᠠᠬᠤᠢ ᠲᠠᠯᠠᠪᠠᠶ ᠶᠢᠨ ᠬᠤᠷᠠᠯ ᠮᠠᠨ ᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/11/20
     11 ᠰᠠᠷ᠎ᠠ ᠶᠢᠨ 18 ᠠᠴᠠ 19 ᠪᠤᠯᠲᠠᠯ᠎ᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠮᠠᠨ ᠤ ᠬᠤᠰᠢᠭᠤᠨ ᠳᠤ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠤᠨ ᠠᠬᠤᠶ ᠲᠠᠯᠠᠪᠠᠶ ᠶᠢᠨ ᠬᠤᠷᠠᠯ ᠢ ᠬᠠᠮᠲᠤᠷᠠᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠶᠢᠴᠢᠨ ᠪᠠᠶᠠᠷ ᠤᠨ ᠦᠭᠡ ᠶᠠᠷᠢᠵᠤ ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ ᠭᠦᠸᠧ ᠯᠠᠨ ᠹᠧᠩ᠂ ᠤᠯᠤᠰ ᠤᠨ ᠤᠶᠢᠵᠢᠭᠤᠯᠤᠯᠲᠠ ᠶᠢᠨ ᠵᠥᠪᠯᠡᠯ ᠤᠨ ᠠᠯᠪᠠᠨ ᠬᠡᠷ ᠤᠨ ᠳᠡᠳ᠋ ᠡᠷᠬᠢᠯᠡᠭᠴᠢ ᠵᠠᠩ ᠸᠧᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠾᠧᠪᠧᠢ᠂ ᠱᠠᠨ ᠰᠢ᠂ ᠦᠪᠦᠷ ᠮᠤᠩᠭᠤᠯ ᠵᠡᠷᠭᠡ 11 ᠮᠤᠵᠢ ᠤᠷᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      18 ᠤ ᠡᠳᠦᠷ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠳᠤᠭᠤᠶᠢᠯᠠᠩ ᠬᠤᠪᠢᠶᠠᠨ ᠣᠩᠨᠢᠭᠤᠳ ᠬᠤᠰᠢᠭᠤ ᠪᠤᠯᠤᠨ ᠬᠡᠰᠢᠭᠲᠡᠨ ᠬᠤᠰᠢᠭᠤᠨ ᠤ ᠡᠯᠡᠰᠦ ᠶᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ 19 ᠤ ᠡᠳᠦᠷ ᠬᠤᠷᠠᠯᠳᠤᠭᠤᠯᠤᠭᠰᠠᠨ ᠪᠥᠬᠦᠳᠡ ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ᠂ ᠭᠠᠨᠰᠦ ᠮᠤᠵᠢ ᠶᠢᠨ ᠦ᠋ ᠸᠧᠶ ᠬᠤᠲᠠ ᠶᠢᠨ ᠭᠦᠯᠠᠩ ᠰᠢᠶᠠᠨ᠂ ᠰᠢᠨᠵᠢᠶᠠᠩ ᠤᠨ ᠠᠺᠰᠦ᠋ ᠣᠷᠣᠨ ᠤ ᠸᠧᠨᠰᠦ ᠰᠢᠶᠠᠨ ᠠᠴᠠ ᠲᠣᠰ ᠲᠣᠰ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠳᠤᠮᠳᠠ ᠠᠵᠢᠯ ᠣᠯᠭᠤᠯᠲᠠ ᠪᠠᠷ ᠲᠡᠳᠬᠦᠮᠵᠢ ᠶᠢ ᠤᠷᠤᠯᠠᠭᠤᠯᠤᠭᠰᠠᠨ ᠠᠷᠭ᠎ᠠ ᠬᠢᠳᠡᠯ ᠢᠶᠠᠨ ᠲᠠᠨᠢᠯᠴᠠᠭᠤᠯᠤᠭᠰᠠᠨ ᠪᠠᠶᠢᠨ᠎ᠠ᠃      ᠬᠤᠷᠠᠯ ᠠᠴᠠ᠂ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠤᠢ ᠰᠢᠭᠤᠢ ᠨᠤᠲᠤᠭ ᠡᠪᠡᠰᠦ ᠪᠡᠯᠴᠢᠭᠡᠷ ᠤᠨ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠮᠠᠯᠴᠢᠨ ᠲᠠᠷᠢᠶᠠᠴᠢᠳ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ ᠣᠷᠣᠯᠭ᠎ᠠ ᠪᠠᠭᠠᠲᠠᠢ ᠬᠥᠮᠦᠰ ᠤᠨ ᠠᠵᠢᠯ ᠤᠨ ᠪᠠᠶᠢᠷᠢ ᠶᠢ ᠠᠯᠢ ᠴᠢᠳᠠᠬᠤ ᠪᠠᠷ ᠨᠡᠮᠡᠭᠳᠡᠭᠦᠯᠵᠦ᠂ ᠠᠮᠢ ᠠᠬᠤᠢ ᠶᠢ ᠵᠠᠰᠠᠬᠤ ᠪᠠ ᠣᠷᠣᠯᠭ᠎ᠠ ᠶᠢ ᠨᠡᠮᠡᠭᠳᠡᠭᠦᠯᠬᠦ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠦᠷᠦ ᠶᠢᠨ ᠪᠤᠳᠤᠯᠭ᠎ᠠ ᠶᠢ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠡᠯ᠎ᠡ ᠬᠦᠷᠢᠶᠡᠨ ᠳᠤ ᠲᠤᠤᠱᠯᠠᠭᠤᠯᠵᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠬᠢᠨᠠᠨ ᠬᠠᠮᠢᠶᠠᠷᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠤᠨ ᠪᠠᠶᠢᠷᠢ ᠶᠢ ᠭᠦᠢᠴᠡᠳ ᠠᠭᠤᠳᠠᠯᠵᠤ᠂ ᠣᠷᠣᠯᠭ᠎ᠠ ᠪᠠᠭᠠᠲᠠᠶ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ᠂ ᠬᠥᠳᠡᠯᠮᠦᠷᠢ ᠬᠦᠴᠦᠨ ᠤ ᠬᠥᠯᠥᠰᠥ ᠣᠯᠭᠤᠮᠵᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠤᠯᠭᠤᠬᠤ ᠬᠡᠷᠡᠭᠲᠡᠶ᠃ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠤᠰᠬᠠᠶ ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠲᠤᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠡᠢ᠃      ᠲᠤᠰ ᠤᠳᠠᠭ᠎ᠠ ᠶᠢᠨ ᠬᠤᠷᠠᠯ ᠨᠢ ᠥᠪᠥᠷ ᠮᠣᠩᠭᠤᠯ ᠤᠨ ᠡᠯᠡᠰᠦ ᠶᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠬᠡᠷᠡᠭᠵᠢᠭᠦᠯᠦᠯᠲᠡ ᠳᠤᠮᠳᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠤᠨ ᠤᠯᠤᠭᠰᠠᠨ ᠠᠮᠵᠢᠯᠲᠠ ᠶᠢ ᠤᠯᠤᠰ ᠠᠴᠠ ᠭᠦᠢᠴᠡᠳ ᠮᠡᠳᠡᠷᠡᠭᠰᠡᠨ ᠢ ᠬᠠᠷᠠᠭᠤᠯᠵᠤ ᠪᠠᠶᠢᠨ᠎ᠠ᠃ ᠪᠦᠬᠦ ᠤᠯᠤᠰ ᠤᠨ ᠡᠯᠡᠰᠦᠷᠬᠡᠭᠵᠢᠭᠰᠡᠨ ᠤᠷᠤᠨ ᠬᠠᠮᠤᠭ ᠲᠥᠪᠯᠡᠷᠡᠩᠭᠦᠢ ᠬᠠᠮᠤᠭ ᠬᠦᠨᠳᠦ ᠨᠣᠴᠢᠲᠠᠢ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ ᠥᠪᠥᠷ ᠮᠣᠩᠭᠤᠯ ᠨᠢ ᠡᠯᠡᠰᠦ ᠶᠢ ᠰᠡᠷᠭᠡᠶᠢᠯᠡᠨ ᠵᠠᠰᠠᠬᠤ ᠶᠠᠪᠤᠴᠠ ᠳᠤ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠬᠡᠯᠪᠡᠷᠢ ᠶᠢ ᠶᠡᠭᠡ ᠪᠠᠷ ᠳᠡᠯᠭᠡᠷᠡᠭᠦᠯᠦᠨ᠂ ᠵᠥᠪᠬᠡᠨ 2024 ᠣᠨ ᠳᠤ 6.3 ᠲᠦᠮᠡᠨ ᠮᠠᠯᠴᠢᠨ ᠲᠠᠷᠢᠶᠠᠴᠢᠳ ᠢ ᠳᠠᠶᠢᠴᠢᠯᠠᠨ ᠡᠯᠡᠰᠦ ᠶᠢ ᠵᠠᠰᠠᠬᠤ ᠠᠵᠢᠯ ᠳᠤ ᠣᠷᠣᠯᠴᠠᠭᠤᠯᠵᠤ᠂ 1954 ᠲᠦᠮᠡᠨ ᠮᠦ ᠡᠯᠡᠰᠦ ᠶᠢ ᠲᠤᠭᠳᠠᠪᠤᠷᠢᠵᠢᠭᠤᠯᠤᠨ᠂ 8.5 ᠳ᠋ᠦᠩᠰᠢᠭᠤᠷ ᠲᠥᠭᠦᠷᠢᠭ ᠤᠨ ᠬᠥᠳᠡᠯᠮᠦᠷᠢ ᠶᠢᠨ ᠬᠥᠯᠥᠰᠥ ᠣᠯᠭᠤᠮᠵᠢ ᠣᠯᠭᠤᠵᠤ᠂ ᠬᠥᠮᠦᠨ ᠳᠤᠮᠳᠠᠴᠢ ᠶᠢᠨ ᠣᠷᠣᠯᠭ᠎ᠠ ᠶᠢ 1.35 ᠲᠦᠮᠡᠨ ᠲᠥᠭᠦᠷᠢᠭ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号