ᠤᠮᠠᠷᠠᠲᠤ ᠶᠢᠨ ᠠᠮᠤ ᠪᠤᠳᠠᠭᠠᠨ ᠤ ᠬᠥᠮᠥᠷᠭᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠶᠡᠬᠡᠪᠡᠷ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/11/20
     ᠤᠶᠢᠷ᠎ᠠ ᠳᠤ ᠰᠤᠷᠪᠤᠯᠵᠢᠯᠠᠭᠴᠢ ᠤᠯᠠᠭᠠᠨᠬᠠᠳᠠ ᠶᠢᠨ ᠤᠮᠠᠷᠠᠲᠤ ᠶᠢᠨ ᠠᠮᠤ ᠪᠤᠳᠠᠭᠠᠨ ᠤ ᠬᠥᠮᠥᠷᠭᠡ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠣᠰᠣ ᠰᠢᠬᠠᠬᠤ ᠦᠢᠯᠡᠳᠪᠦᠷᠢ ᠶᠢᠨ ᠲᠠᠰᠤᠭ ᠲᠤ ᠬᠦᠷᠬᠦ ᠳᠤ ᠮᠠᠰᠢᠨ ᠮᠤᠬᠠᠨᠢᠭ ᠬᠦᠷᠴᠢᠭᠢᠨᠡᠨ᠂ ᠨᠠᠷᠠᠨ ᠬᠤᠸᠠᠷ ᠤᠨ ᠲᠣᠰᠣ ᠰᠢᠬᠠᠬᠤ ᠦᠢᠯᠡᠳᠪᠦᠷᠢᠯᠡᠯ ᠤᠨ ᠱᠤᠭᠤᠮ ᠳᠡᠭᠡᠷ᠎ᠡ ᠠᠵᠢᠯᠴᠢᠳ ᠶᠠᠭᠠᠷᠠᠯᠲᠠᠢ ᠠᠵᠢᠯᠯᠠᠵᠤ ᠪᠠᠶᠢᠯ᠎ᠠ᠃      ᠤᠯᠠᠭᠠᠨᠬᠠᠳᠠ ᠶᠢᠨ ᠤᠮᠠᠷᠠᠲᠤ ᠶᠢᠨ ᠠᠮᠤ ᠪᠤᠳᠠᠭᠠᠨ ᠤ ᠬᠥᠮᠥᠷᠭᠡ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠨᠢ 2021 ᠣᠨ ᠳᠤ ᠪᠠᠶᠢᠭᠤᠯᠤᠭᠳᠠᠵᠤ᠂ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰᠵᠢᠭᠰᠡᠨ ᠠᠵᠤ ᠠᠬᠤᠶᠢᠯᠠᠯ ᠪᠣᠯᠤᠨ᠎ᠠ᠂ ᠺᠣᠮᠫᠠᠨᠢ ᠨᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠳᠡᠮᠵᠢᠬᠦ︾ ᠪᠠᠷ ᠥᠪᠡᠷ ᠤᠨ ᠡᠭᠦᠷᠭᠡ ᠪᠠᠨ ᠪᠣᠯᠭᠠᠵᠤ᠂ ᠵᠢᠯ ᠳᠤ 2000 ᠲᠣᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠵᠢᠴᠢ ᠲᠦᠭᠦᠬᠡᠢ ᠮᠠᠲ᠋ᠧᠷᠢᠶᠠᠯ ᠢ ᠬᠤᠳᠠᠯᠳᠤᠨ ᠠᠪᠴᠤ᠂ 90 ᠭᠠᠷᠤᠢ ᠠᠵᠢᠯᠴᠢᠨ ᠬᠡᠷᠡᠭᠯᠡᠨ᠂ ᠵᠢᠯ ᠪᠦᠷᠢ 3000 ᠲᠦᠮᠡᠨ ᠲᠥᠭᠦᠷᠢᠭ ᠤᠨ ︽ᠤᠬᠢ ᠪᠦᠲᠦᠭᠡᠭᠳᠡᠬᠦᠨ︾ ᠢ ᠪᠡᠭᠡᠵᠢᠩ ᠳᠤ ᠤᠷᠤᠭᠤᠯᠵᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠣᠷᠣᠯᠭ᠎ᠠ ᠶᠢ ᠬᠦᠴᠦᠲᠡᠢ ᠨᠡᠮᠡᠭᠳᠡᠭᠦᠯᠵᠦ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号