ᠠᠰᠢᠬᠠᠨ ᠰᠣᠮᠣ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵  ᠨᠢᠭᠡ︶
ᠨᠡᠶᠢᠲᠡᠯᠡᠭᠰᠡᠨ ᠴᠠᠭ᠄
2024/11/21
  -- 2024 ᠣᠨ ᠤ 4 ᠰᠠᠷ᠎ᠠ ᠶᠢᠨ ᠡᠳᠦᠷ ᠤᠨ ᠠᠰᠢᠠᠬᠠᠨ ᠰᠤᠮᠤᠨ ᠤ ᠲᠠᠪᠤᠳᠤᠭᠠᠷ ᠤᠳᠠᠭᠠᠨ‌‍ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                                       ᠵᠠᠰᠠᠭ ᠤᠨ ᠣᠷᠳᠣᠨ ᠤ ᠰᠣᠮᠣᠨ ᠲᠠᠷᠤᠭ᠎ᠠ ᠬᠦᠰᠠᠯ        ᠲᠥᠯᠥᠭᠡᠯᠡᠭᠴᠢᠳ ᠠ᠋᠄        ᠤᠳᠤ ᠪᠢ ᠠᠰᠢᠬᠠᠨ ᠰᠤᠮᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠶᠢ ᠬᠦᠰᠡᠶ᠎ᠡ᠃        ᠨᠢᠭᠡ᠂ 2023 ᠣᠨ ᠤ ᠠᠵᠢᠯ ᠤᠨ ᠡᠷᠭᠢᠴᠡᠭᠦᠯᠦᠯ        2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠭᠰᠠᠨ ᠡᠬᠢᠯᠡᠯᠲᠡ ᠶᠢᠨ ᠵᠢᠯ ᠮᠥᠷᠳᠡᠭᠡᠨ ᠭᠤᠷᠪᠠᠨ ᠵᠢᠯ ᠤᠨ ᠬᠢᠵᠢᠭ ᠤᠨ ᠪᠠᠶᠢᠳᠠᠯ  ᠤᠨ ᠳᠠᠷᠠᠭᠠᠬᠢ ᠠᠵᠤ ᠠᠬᠤᠢ ᠶᠢ ᠰᠡᠷᠭᠦᠭᠡᠨ ᠬᠦᠭᠵᠢᠬᠦᠯᠣᠭ᠍ᠰᠡᠨ ᠨᠢᠭᠡ ᠵᠢᠯ ᠮᠥᠨ᠃ ᠨᠢᠭᠡ ᠵᠢᠯ ᠲᠤᠷᠰᠢ᠂ ᠠᠰᠢᠬᠠᠨ ᠰᠤᠮᠤ ᠶᠢᠨ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠰᠤᠮᠤᠨ ᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠪᠠ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠡᠮᠵᠢᠯᠭᠡ ᠲᠣᠣᠷ᠎ᠠ ᠂ ᠪᠦᠬᠦ ᠰᠤᠮᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ 2023 ᠣᠨ ᠤ ᠡᠴᠦᠰ ᠪᠣᠯᠬᠤ ᠳᠤ ᠂ ᠪᠥᠬᠦ ᠰᠣᠮᠣ ᠪᠠᠷ ᠢᠶᠠᠨ ᠭᠠᠵᠠᠷ ᠣᠷᠣᠨ ᠤ ᠦᠢᠯᠡᠳᠪᠦᠷᠢᠯᠡᠯ ᠤᠨ ᠥᠷᠲᠡᠭ ᠢ 5.28 ᠳ᠋ᠦᠩᠰᠢᠭᠤᠷ ᠲᠥᠭᠦᠷᠢᠭ  ᠲᠤ ᠬᠦᠷᠭᠡᠵᠣ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 1348 ᠲᠦᠮᠡᠨ ᠲᠥᠭᠦᠷᠢᠭ ᠪᠡᠶᠡᠯᠡᠭᠦᠯᠪᠡ ᠃ ᠲᠠᠷᠢᠮᠠᠯ ᠤᠨ ᠲᠠᠯᠠᠪᠠᠶ ᠶᠢ 6.2 ᠲᠦᠮᠡᠨ ᠮᠦ ᠪᠠᠳᠣᠯᠠᠵᠣ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 1.7 ᠲᠦᠮᠡᠨ ᠲᠣᠨ ᠳᠤ ᠬᠦᠷᠭᠡᠪᠡ︔ 6 ᠰᠠᠷ᠎ᠠ ᠶᠢᠨ ᠰᠡᠭᠦᠯᠴᠢ ᠪᠠᠷ ᠭᠡᠷ ᠤᠨ ᠲᠡᠵᠢᠭᠡᠪᠦᠷᠢ ᠶᠢᠨ ᠲᠤᠭ᠎ᠠ 14 ᠲᠦᠮᠡ ᠶᠢ ᠳᠠᠪᠠᠵᠤ᠂ ᠡᠭᠦᠨ ᠳᠤ ᠠᠯᠠᠰᠢᠨ ᠦᠬᠡᠷ 3 ᠲᠦᠮᠡ᠂ ᠠᠯᠠᠰᠢᠨ ᠬᠤᠨᠢ 9 ᠲᠦᠮᠡ ᠪᠣᠯᠪᠠ︔ ᠵᠢᠱᠢᠯᠲᠡ ᠪᠠᠷ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14443 ᠲᠥᠭᠦᠷᠢᠭ ᠲᠤ ᠬᠦᠷᠪᠡ᠃        ᠨᠢᠭᠡ ᠵᠢᠯ ᠲᠤᠷᠰᠢ᠂ ᠪᠢᠳᠡ ᠪᠦᠲᠦᠴᠡ ᠶᠢ ᠲᠣᠬᠢᠷᠠᠭᠤᠯᠬᠤ᠂ ᠦᠷ᠎ᠡ ᠠᠰᠢᠭ ᠢ ᠨᠡᠮᠡᠭᠳᠡᠭᠦᠯᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠠᠵᠤ ᠦᠢᠯᠡᠰ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠪᠠ᠃ ᠮᠠᠯ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠲᠣᠮᠳᠠ ᠰᠢᠯᠢᠳᠡᠭᠵᠢᠪᠡ᠃ ︽ᠴᠥᠭᠡᠨ ᠲᠡᠵᠢᠭᠡᠬᠦ᠂ ᠨᠠᠷᠢᠯᠢᠭ ᠲᠡᠵᠢᠭᠡᠬᠦ᠂ ᠲᠥᠪᠯᠡᠷᠡᠭᠦᠯᠦᠨ ᠲᠡᠵᠢᠭᠡᠬᠦ︾ ᠶᠢ ᠢᠳᠡᠪᠬᠢᠲᠡᠢ ᠬᠡᠷᠡᠭᠵᠢᠭᠦᠯᠵᠦ᠂ ᠤᠷᠢᠳ ᠬᠤᠵᠢᠳ 3 ᠤᠳᠠᠭ᠎ᠠ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠵᠣᠬᠢᠶᠠᠨ ᠪᠠᠶᠢᠭᠤᠯᠤᠨ ᠳᠥᠷᠪᠡᠳ ᠬᠤᠰᠢᠭᠤ᠂ ᠲᠦᠩᠯᠢᠶᠣᠣ ᠬᠤᠲᠠ ᠪᠠ ᠪᠠᠭᠠᠷᠢᠨ ᠪᠠᠷᠠᠭᠤᠨ ᠬᠤᠰᠢᠭᠤᠨ ᠳᠤ ᠣᠴᠢᠭᠤᠯᠤᠨ ᠲᠣᠭᠤᠷᠢᠨ ᠰᠣᠷᠣᠯᠴᠠᠭᠤᠯᠵᠣ᠂ ᠮᠠᠯᠵᠢᠬᠤ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠡᠭᠦᠯᠳᠡᠷ ᠰᠠᠶᠢᠵᠢᠷᠠᠭᠤᠯᠬᠤ᠂ ᠬᠠᠰᠢᠶᠠᠯᠠᠨ ᠲᠡᠵᠢᠭᠡᠵᠦ ᠨᠠᠷᠢᠯᠢᠭ ᠲᠡᠵᠢᠭᠡᠬᠦ ᠡᠷᠴᠢᠮ ᠢ ᠴᠢᠩᠭᠠᠷᠠᠭᠤᠯᠵᠤ᠂ ᠨᠡᠶᠢᠲᠡ 680 ᠰᠢᠮᠧᠨ᠋ᠲ᠋ᠠᠷ ᠡᠬᠡ ᠮᠠᠯ᠂ 2600 ᠰᠢᠯᠢᠳᠡᠭ ᠬᠤᠨᠢ ᠬᠤᠳᠠᠯᠳᠤᠨ ᠠᠪᠴᠤ᠂ 700 ᠳ᠋ᠦ᠋ ᠮᠧᠩ ᠡᠭᠦᠯᠳᠡᠷ ᠤᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠰᠢᠨ᠎ᠡ ᠪᠠᠷ ᠨᠢᠭᠡ ᠰᠠᠭᠤᠷᠢ ᠥᠭᠡᠷᠡᠴᠢᠯᠡᠨ ᠪᠠᠶᠢᠭᠤᠯᠪᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ 8 ᠮᠠᠯ ᠠᠵᠤ ᠠᠬᠤᠢ ᠶᠢᠨ ᠲᠤᠰᠬᠠᠢ ᠬᠤᠷᠰᠢᠶ᠎ᠠ᠂ 62 ᠭᠡᠷ ᠪᠦᠯᠢ ᠶᠢᠨ ᠮᠠᠯᠵᠢᠯ ᠤᠨ ᠲᠠᠯᠠᠪᠠᠶ᠂ 200 ᠭᠠᠷᠤᠢ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠬᠥᠭᠵᠢᠭᠦᠯᠵᠦ᠂ 6 ᠲᠡᠵᠢᠭᠡᠨ ᠦᠷᠡᠵᠢᠭᠦᠯᠬᠦ ᠲᠤᠰᠬᠠᠢ ᠲᠣᠰᠬᠤᠨ᠂ 2 ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠢ ᠪᠠᠶᠢᠭᠤᠯᠪᠠ᠃ ᠴᠠᠭᠠᠨ ᠢᠳᠡᠭᠡ ᠡᠳ᠋ᠰᠢᠭᠦᠯᠬᠦ ᠦᠢᠯᠡᠳᠪᠦᠷᠢ ᠪᠠ ᠬᠤᠨᠢ ᠢᠮᠠᠭᠠᠨ ᠤ ᠴᠠᠭᠠᠨ ᠢᠳᠡᠭᠡᠨ ᠤ ᠭᠡᠷ ᠪᠦᠯᠢ ᠶᠢᠨ ᠦᠢᠯᠡᠳᠬᠡᠯ ᠢ ᠰᠢᠨ᠎ᠡ ᠪᠠᠷ ᠲᠣᠰ ᠲᠣᠰ 1 ᠪᠠᠶᠢᠭᠤᠯᠵᠤ᠂ ᠪᠥᠬᠦ ᠰᠤᠮᠤᠨ ᠤ 3 ᠴᠠᠭᠠᠨ ᠢᠳᠡᠭᠡᠨ ᠤ ᠦᠢᠯᠡᠳᠪᠦᠷᠢ ᠪᠠ 22 ᠴᠠᠭᠠᠨ ᠢᠳᠡᠭᠡᠨ ᠤ ᠦᠢᠯᠡᠳᠬᠡᠯ ᠨᠢ ᠵᠢᠯ ᠪᠦᠷᠢ 3000 ᠭᠠᠷᠤᠢ ᠲᠣᠨ ᠰᠦ ᠪᠣᠯᠪᠠᠰᠤᠷᠠᠭᠤᠯᠵᠤ᠂ ᠵᠢᠯ ᠤᠨ ᠶᠡᠷᠦᠩᠬᠡᠢ ᠦᠢᠯᠡᠳᠬᠦᠨ ᠤ ᠥᠷᠲᠡᠭ ᠨᠢ 1000 ᠭᠠᠷᠤᠢ ᠲᠦᠮᠡᠨ ᠲᠥᠭᠦᠷᠢᠭ ᠲᠤ ᠬᠦᠷᠴᠣ᠂ ᠴᠠᠭᠠᠨ ᠢᠳᠡᠭᠡᠨ ᠤ ᠦᠢᠯᠡᠳᠬᠦᠨ ᠢ ᠲᠤᠬᠠᠢ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠶᠢ ᠠᠩᠬ᠎ᠠ ᠠᠯᠬᠤᠮ ᠪᠡᠶᠡᠯᠡᠭᠦᠯᠪᠡ᠃ ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠬᠦ ᠶᠢᠨ ᠲᠥᠯᠥᠭᠡ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ 8200 ᠮᠦ ᠲᠠᠷᠢᠶᠠᠨ ᠭᠠᠵᠠᠷ ᠢ ᠰᠠᠶᠢᠵᠢᠷᠠᠭᠤᠯᠵᠤ᠂ 1197 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠃ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠡᠯᠡ ᠮᠥᠩᠭᠦ ᠶᠢ 94.05 ᠲᠦᠮᠡᠨ ᠲᠥᠭᠦᠷᠢᠭ ᠣᠯᠵᠤ᠂ 1.7 ᠲᠦᠮᠡᠨ ᠮᠧᠲᠷ ᠤᠨ ᠤᠰᠤ ᠵᠠᠯᠠᠬᠤ ᠰᠤᠪᠠᠭ ᠤᠨ ᠲᠥᠷᠥᠯ ᠵᠦᠢᠯ ᠢ ᠬᠡᠷᠡᠭᠵᠢᠭᠦᠯᠦᠨ᠂ 3 ᠭᠠᠴᠠᠭᠠᠨ ᠤ 1.3 ᠲᠦᠮᠡᠨ ᠮᠦ ᠲᠠᠷᠢᠶᠠᠨ ᠭᠠᠵᠠᠷ ᠤᠨ ᠤᠰᠤᠯᠠᠯᠲᠠ ᠶᠢᠨ ᠨᠥᠬᠦᠴᠡᠯ ᠢ ᠰᠠᠶᠢᠵᠢᠷᠠᠭᠤᠯᠪᠠ᠃ ᠣᠯᠠᠨ ᠲᠦᠮᠡᠨ ᠤ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠤᠨ ᠲᠠᠯᠠᠪᠠᠶ ᠨᠢ ᠪᠠᠭ᠎ᠠ᠂ ᠡᠪᠡᠰᠦ ᠪᠣᠷᠳᠤᠭ᠎ᠠ ᠶᠢᠨ ᠶᠠᠰᠤ ᠴᠢᠨᠠᠷ ᠨᠢ ᠥᠨᠳᠥᠷ ᠪᠢᠰᠢ᠂ ᠡᠷᠦᠬᠡ ᠪᠣᠯᠭᠠᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠡᠪᠡᠰᠦ ᠪᠣᠷᠳᠤᠭ᠎ᠠ ᠳᠠᠷᠢᠬᠤ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠤᠷᠢᠳ ᠬᠤᠵᠢᠳ ᠯᠠᠨᠵᠧᠦ᠂ ᠠᠷᠤ ᠬᠤᠷᠴᠢᠨ ᠬᠤᠰᠢᠭᠤᠨ ᠤ ᠱᠤᠤ ᠪᠠᠯᠭᠠᠰᠤ᠂ ᠺᠠᠶᠢᠯᠤ ᠰᠢᠶᠠᠨ ᠤ ᠰᠢᠶᠣᠣ ᠵᠢᠶᠧ ᠵᠢᠢ ᠪᠠᠯᠭᠠᠰᠤ ᠪᠣᠯᠣᠨ ᠮᠧᠩ ᠼᠤᠤ ᠺᠣᠮᠫᠠᠨᠢ ᠳᠤ ᠬᠦᠷᠴᠦ ᠤᠭᠤᠷᠠᠭ ᠡᠪᠡᠰᠦ᠂ ᠬᠤᠨᠢᠨ ᠡᠪᠡᠰᠦ᠂ ᠬᠦᠷᠡᠩ ᠴᠠᠷᠭᠠᠰᠤ᠂ ᠠᠷᠪᠠᠢ ᠶᠢᠨ ᠡᠪᠡᠰᠦ ᠳᠠᠷᠢᠬᠤ ᠲᠤᠷᠰᠢᠯᠭ᠎ᠠ ᠶᠢ ᠪᠠᠶᠢᠴᠠᠭᠠᠨ ᠰᠤᠷᠤᠯᠴᠠᠵᠤ᠂ 19 ᠲᠦᠮᠡᠨ ᠲᠥᠭᠦᠷᠢᠭ ᠤᠨ ᠪᠡᠯᠡ ᠮᠥᠩᠭᠦ ᠪᠠᠷ 30 ᠮᠦ ᠤᠭᠤᠷᠠᠭ ᠡᠪᠡᠰᠦ ᠶᠢ ᠲᠤᠷᠰᠢᠨ ᠳᠠᠷᠢᠬᠤ ᠪᠠᠷ ᠴᠢᠷᠮᠠᠶᠢᠪᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠦᠷᠭᠦᠯᠵᠢᠯᠡᠨ ᠰᠠᠶᠢᠵᠢᠷᠠᠵᠤ᠂ ᠪᠥᠬᠦ ᠬᠤᠰᠢᠭᠤᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠢᠳᠡᠪᠬᠢᠲᠡᠢ ᠠᠭᠤᠰᠤᠯᠴᠠᠨ᠂ ᠪᠣᠮᠠᠨ ᠤ ᠮᠥᠩᠬᠦᠨ ᠡᠯᠡᠰᠣ᠂ ᠤᠯᠠᠭᠠᠬᠤᠳᠤ ᠶᠢᠨ ᠳᠤᠷᠠᠰᠬᠠᠯ ᠤᠨ ᠣᠷᠳᠣᠨ᠂ ᠶᠡᠭᠡ ᠨᠠᠭᠤᠷ᠂ ᠦᠵᠦᠮ ᠤᠨ ᠡᠷᠲᠡᠨ ᠤ ᠬᠤᠳᠳᠤᠭ ᠵᠡᠷᠭᠡ ᠦᠵᠡᠮᠵᠢ ᠶᠢᠨ ᠣᠷᠣᠨ ᠢ ᠪᠥᠬᠦ ᠬᠤᠰᠢᠭᠤᠨ ᠤ 300 ᠺᠢᠯᠣᠮᠧᠲᠷ ᠤᠨ ᠡᠯᠡᠰᠦᠨ ᠴᠥᠯ ᠤᠨ ᠠᠮᠢ ᠠᠬᠤᠢ ᠶᠢᠨ ᠵᠢᠭᠤᠯᠴᠢᠯᠠᠯ ᠤᠨ ᠲᠣᠮᠣ ᠲᠣᠭᠤᠷᠢᠯ ᠵᠠᠮ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠣᠭᠤᠯᠵᠤ᠂ ᠨᠢᠭᠡ ᠴᠣᠭᠴᠠᠵᠢᠭᠤᠯᠤᠨ ᠲᠥᠯᠥᠪᠵᠢᠭᠦᠯᠦᠨ ᠪᠦᠲᠦᠭᠡᠨ ᠪᠠᠶᠢᠭᠤᠯᠵᠣ ᠪᠣᠢ᠃ ᠪᠣᠮᠠᠨ ᠤ ᠦᠵᠡᠮᠵᠢ ᠶᠢᠨ ᠣᠷᠣᠨ ᠤ ᠰᠠᠭᠤᠷᠢ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ 82 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠢᠨ᠎ᠡ ᠪᠠᠷ 60 ᠮᠠᠶᠢᠬᠠᠨ ᠬᠤᠳᠠᠯᠳᠤᠨ ᠠᠪᠴᠤ᠂ ᠵᠣᠷᠯᠣᠩ ᠪᠠ ᠲᠣᠭᠤᠭᠠᠨ ᠭᠡᠷ ᠪᠠᠶᠢᠭᠤᠯᠪᠠ᠂ 2023 ᠣᠨ ᠳᠤ ᠪᠣᠮᠠᠨ ᠦᠵᠡᠮᠵᠢ ᠶᠢᠨ ᠣᠷᠣᠨ ᠨᠡᠶᠢᠲᠡ 1.8 ᠲᠦᠮᠡᠨ ᠬᠥᠮᠥᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠤ᠂ ᠲᠦᠳᠡᠭ ᠭᠠᠯ ᠤᠨ ᠦᠳᠡᠰᠢᠯᠡᠭᠡ ᠶᠢ 40 ᠭᠠᠷᠤᠢ ᠲᠠᠯᠠᠪᠤᠷ ᠡᠷᠭᠢᠯᠡᠵᠦ᠂ 200 ᠭᠠᠷᠤᠢ ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠤᠯᠠᠭᠠᠬᠤᠳᠤ ᠶᠢᠨ ᠮᠠᠯ ᠠᠵᠤ ᠠᠬᠤᠢ ᠶᠢᠨ ᠬᠤᠷᠰᠢᠶ᠎ᠠ ᠶᠢᠨ ᠳᠤᠷᠠᠰᠬᠠᠯ ᠤᠨ ᠣᠷᠳᠣᠨ᠂ ᠪᠤᠮᠠᠨ ᠤ ᠡᠯᠡᠰᠦ  ᠵᠠᠰᠠᠬᠤ ᠲᠤᠷᠰᠢᠯᠲᠠ ᠶᠢᠨ ᠲᠣᠭᠤᠷᠢᠭ ᠪᠠ ᠭᠧᠨᠳᠠᠨ ᠤ ᠡᠯᠡᠰᠦ ᠶᠢ ᠵᠠᠰᠠᠬᠤ ᠵᠠᠮ ᠱᠤᠭᠤᠮ ᠢ ᠪᠥᠬᠦ ᠬᠤᠰᠢᠭᠤᠨ ᠤ ᠬᠤᠪᠢᠰᠬᠠᠯᠵᠢᠯ ᠤᠨ ᠰᠤᠳᠤᠯᠭᠠᠨ ᠤ ᠵᠠᠮ ᠱᠤᠭᠤᠮ ᠪᠠ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠠᠤᠬᠠᠨ ᠺᠠᠳ᠋ᠷ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠭ ᠲᠤ ᠣᠷᠣᠭᠤᠯᠵᠤ᠂ ᠨᠡᠶᠢᠲᠡ ᠮᠢᠩᠭ᠎ᠠ ᠰᠢᠬᠠᠮ ᠲᠣᠭᠤᠷᠢᠨ ᠦᠵᠡᠭᠴᠢᠳ ᠢ ᠭᠥᠯᠢᠶᠡᠨ ᠠᠪᠴᠤ ᠵᠣᠴᠢᠯᠠᠪᠠ᠃         ᠨᠢᠭᠡ ᠵᠢᠯ ᠲᠤᠷᠰᠢ᠂ ᠪᠢᠳᠡ ᠪᠠᠬᠢᠵᠢᠭᠦᠯᠬᠦ᠂ ᠬᠦᠴᠦᠨ ᠨᠡᠮᠡᠷᠢᠯᠡᠬᠦ᠂ ᠥᠭᠡᠷᠡᠴᠢᠯᠡᠯᠲᠡ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠢ ᠠᠬᠢᠭᠤᠯᠪᠠ᠃ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠪᠡᠳᠴᠢᠨ ᠠᠴᠠ ᠪᠣᠯᠣᠭᠰᠠᠨ ᠬᠦᠴᠢᠷᠳᠡᠯ ᠲᠠᠢ 2 ᠡᠷᠦᠬᠡ ᠶᠢᠨ 7 ᠬᠥᠮᠥᠨ ᠢ ᠰᠢᠨ᠎ᠡ ᠪᠠᠷ ᠲᠠᠩᠰᠠᠨ ᠳᠤ ᠣᠷᠣᠭᠤᠯᠤᠨ᠂ ᠪᠥᠬᠦ ᠰᠤᠮᠤᠨ ᠤ 600 ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠂ 24 ᠲᠠᠪᠤᠨ ᠪᠠᠲᠤᠯᠠᠭᠠᠲᠤ ᠡᠷᠦᠬᠡ᠂ 220 ᠵᠡᠮᠳᠡᠭ ᠬᠥᠮᠥᠨ ᠵᠡᠷᠭᠡ ᠬᠦᠴᠢᠷᠳᠡᠯ ᠲᠠᠢ ᠬᠠᠮᠲᠤᠯᠢᠭ ᠲᠤ ᠡᠯ᠎ᠡ ᠲᠥᠷᠥᠯ ᠤᠨ ᠨᠥᠬᠦᠪᠦᠷᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠵᠤ᠂ 43.1 ᠲᠦᠮᠡᠨ ᠲᠥᠭᠦᠷᠢᠭ ᠤᠨ ᠭᠠᠮᠰᠢᠭ ᠠᠴᠠ ᠠᠪᠤᠷᠠᠬᠤ ᠲᠡᠳᠬᠦᠮᠵᠢ ᠶᠢᠨ ᠮᠥᠩᠭᠦ ᠲᠠᠷᠬᠠᠭᠠᠵᠣ᠂ ᠡᠯ᠎ᠡ ᠲᠥᠷᠥᠯ ᠤᠨ ᠬᠦᠴᠢᠷᠳᠡᠯ ᠲᠠᠢ ᠡᠲᠡᠭᠡᠳ ᠢ 800 ᠭᠠᠷᠤᠢ ᠠᠪᠤᠷᠠᠨ ᠲᠤᠰᠠᠯᠠᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠪᠠ᠃ 65 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ 2 ᠤᠳᠠᠭ᠎ᠠ ᠲᠥᠪᠯᠡᠷᠡᠭᠦᠯᠦᠨ ᠥᠷᠨᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ︽ᠶᠣᠰᠣ ᠰᠤᠷᠲᠠᠬᠤᠨ ᠤ ᠵᠢᠱᠢᠶᠡᠴᠢ ᠶᠢ ᠰᠢᠯᠭᠠᠷᠠᠭᠤᠯᠬᠤ︾ ᠪᠠ ︽ᠭᠡᠷ ᠤᠨ ᠰᠤᠷᠲᠠᠯ ᠭᠡᠷ ᠤᠨ ᠰᠤᠷᠭᠠᠯ ᠢ ᠤᠯᠠᠮᠵᠢᠯᠠᠨ ᠵᠠᠯᠭᠠᠮᠵᠢᠯᠠᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ 20 ᠲᠦᠮᠡᠨ ᠲᠥᠭᠦᠷᠢᠭ ᠪᠡᠯᠡ ᠣᠷᠣᠭᠤᠯᠤᠨ ᠪᠠᠶ᠋ᠬᠠᠤᠪᠤᠭ᠎ᠠ ᠭᠠᠴᠠᠭ᠎ᠠ ᠶᠢᠨ ᠮᠠᠯᠴᠢᠳ ᠤᠨ ᠬᠤᠭᠤᠯᠠᠨ ᠭᠡᠷ ᠢ ᠪᠠᠶᠢᠭᠤᠯᠵᠤ᠂ ᠵᠠᠩ ᠳᠠᠳᠬᠠᠯ ᠢ ᠥᠭᠡᠷᠡᠴᠢᠯᠡᠬᠦ  ᠳᠤ ᠰᠠᠭᠤᠷᠢ ᠲᠠᠯᠪᠢᠪᠠ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠴᠠᠭᠠᠨᠨᠠᠭᠤᠷ ᠪᠣᠯᠣᠨ ᠪᠠᠶ᠋ᠬᠠᠤᠪᠤᠭ᠎ᠠ ᠭᠠᠴᠠᠭ᠎ᠠ ᠳᠤ ᠲᠠᠷᠢᠶᠠᠯᠠᠩ ᠤᠨ ᠬᠡᠷᠡᠭᠰᠡᠯ ᠢ ᠬᠤᠳᠠᠯᠳᠤᠨ ᠠᠪᠬᠤ᠂ ᠬᠠᠭᠠᠯᠪᠣᠷᠢᠯᠠᠬᠤ᠂ ᠳᠠᠷᠢᠬᠤ᠂ ᠬᠠᠮᠢᠶᠠᠷᠬᠤ᠂ ᠬᠤᠷᠢᠶᠠᠬᠤ ᠵᠡᠷᠭᠡ ︽ᠲᠠᠪᠤ ᠶᠢ ᠨᠢᠭᠡᠳᠬᠡᠬᠦ︾ ᠵᠠᠭᠪᠤᠷ ᠢ ᠬᠡᠷᠡᠭᠵᠢᠭᠦᠯᠵᠦ᠂ 4219 ᠮᠦ ᠲᠠᠷᠢᠶᠠᠨ ᠭᠠᠵᠠᠷ ᠢ ᠲᠥᠪᠯᠡᠷᠡᠭᠦᠯᠦᠨ ᠡᠵᠡᠩᠨᠡᠵᠦ᠂ 192.5 ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ ᠰᠢᠨ᠎ᠡ ᠤᠳᠤ ᠲᠠᠷᠢᠶᠠᠯᠠᠩ ᠤᠨ ᠮᠠᠰᠢᠨ ᠤ ᠬᠤᠷᠰᠢᠶ᠎ᠠ ᠳᠤ ᠲᠦᠰᠢᠭᠯᠡᠨ ᠭᠠᠴᠠᠭ᠎ᠠ ᠶᠢᠨ 20 ᠡᠷᠦᠬᠡ ᠲᠠᠷᠢᠶᠠᠯᠠᠩ ᠤᠨ ᠮᠠᠰᠢᠨ ᠤ ᠡᠷᠦᠬᠡ ᠶᠢ ᠳᠠᠶᠢᠴᠢᠯᠠᠨ ᠮᠠᠰᠢᠨ ᠢᠶᠠᠨ ᠠᠪᠴᠤ ᠬᠤᠷᠰᠢᠶ᠎ᠠ ᠳᠤ ᠣᠷᠣᠭᠤᠯᠵᠤ᠂ ᠲᠠᠷᠢᠶᠠᠯᠠᠬᠤ ᠠᠵᠢᠯ ᠤᠨ ᠬᠡᠮᠵᠢᠶ᠎ᠡ ᠪᠠᠷ 24 ᠲᠦᠮᠡᠨ ᠲᠥᠭᠦᠷᠢᠭ ᠤᠨ ᠠᠰᠢᠭ ᠣᠷᠣᠯᠭ᠎ᠠ ᠬᠤᠪᠢᠶᠠᠵᠤ᠂ ᠨᠠᠮᠤᠷ ᠤᠨ ᠬᠤᠷᠢᠶᠠᠯᠲᠠ ᠪᠠᠷ 22 ᠲᠦᠮᠡᠨ ᠲᠥᠭᠦᠷᠢᠭ ᠤᠨ ᠠᠰᠢᠭ ᠣᠷᠣᠯᠭ᠎ᠠ ᠬᠤᠪᠢᠶᠠᠪᠠ᠃ ᠦᠢᠯᠡᠳᠪᠦᠷᠢᠯᠡᠯ᠂ ᠬᠠᠩᠭᠠᠨ ᠪᠣᠷᠣᠯᠠᠭᠤᠯᠬᠤ᠂ ᠢᠲᠡᠭᠡᠮᠵᠢ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠤᠮᠤ ᠶᠢᠨ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠢ ᠰᠦᠪᠡᠭᠴᠢᠯᠡᠨ ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ 36.65 ᠲᠦᠮᠡᠨ ᠲᠥᠭᠦᠷᠢᠭ ᠡᠷᠡᠮᠠᠯᠵᠠᠯᠠᠨ ᠣᠯᠵᠣ᠂ ᠠᠮᠢᠲᠠᠨ ᠤ X ᠰᠠᠴᠤᠷᠠᠭ ᠤᠨ ᠲᠤᠰᠬᠠᠯᠲᠠ ᠶᠢᠨ ᠲᠥᠬᠦᠭᠡᠷᠦᠮᠵᠢ ᠬᠤᠳᠠᠯᠳᠤᠨ ᠣᠷᠣᠭᠤᠯᠪᠠ᠃ 107 ᠲᠦᠮᠡᠨ ᠲᠥᠭᠦᠷᠢᠭ ᠤᠨ ᠪᠡᠯᠡ ᠣᠷᠣᠭᠤᠯᠵᠤ ᠦᠨᠳᠦᠰᠦᠲᠡᠨ ᠤ ᠬᠠᠳᠬᠤᠮᠠᠯ ᠤᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠠᠰᠢᠠᠬᠠᠨ ᠰᠤᠮᠤ ᠶᠢᠨ ᠯᠣᠣᠳᠣ ᠨᠣᠳᠤᠭ ᠤᠨ ᠬᠠᠳᠬᠤᠮᠠᠯᠴᠢᠨ ᠤ ᠨᠡᠶᠢᠭᠡᠮᠯᠢᠭ ᠠᠴᠠ ᠡᠵᠡᠩᠨᠡᠨ ᠬᠠᠮᠢᠶᠠᠷᠴᠤ᠂ ᠣᠯᠠᠨ ᠲᠦᠮᠡᠨ ᠢ ᠳᠠᠶᠢᠴᠢᠯᠠᠨ ᠬᠠᠳᠬᠤᠮᠠᠯ ᠤᠨ ᠠᠵᠤ ᠦᠢᠯᠡᠰ ᠡᠷᠭᠢᠯᠡᠬᠦ ᠪᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠬᠦ ᠶᠢᠨ ᠬᠠᠮᠲᠤ᠂ ᠵᠢᠯ ᠪᠦᠷᠢ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 3 ᠲᠦᠮᠡᠨ ᠲᠥᠭᠦᠷᠢᠭ ᠨᠡᠮᠡᠭᠳᠡᠭᠦᠯᠵᠦ ᠪᠣᠢ᠃ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠲᠠᠢ ᠬᠤᠯᠪᠣᠭᠠᠯᠠᠵᠤ᠂ ᠪᠥᠬᠦ ᠬᠤᠰᠢᠭᠤᠨ ᠤ ᠬᠠᠳᠬᠤᠮᠠᠯ ᠤᠨ ᠤᠷᠤᠯᠳᠤᠭᠠᠨ ᠪᠠ ᠬᠠᠳᠬᠤᠮᠠᠯ ᠤᠨ ᠪᠦᠲᠦᠭᠡᠯ ᠤᠨ ᠦᠵᠡᠰᠬᠦᠯᠡᠩ ᠢ ᠳᠠᠭᠠᠭᠠᠴᠢᠯᠠᠨ ᠡᠷᠭᠢᠯᠡᠵᠦ᠂ ᠠᠰᠢᠬᠠᠨ ᠤ ᠬᠠᠳᠬᠤᠮᠠᠯ ᠤᠨ ᠠᠵᠤ ᠦᠢᠯᠡᠰ ᠤᠨ ᠨᠡᠷ᠎ᠡ ᠠᠯᠳᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠪᠡ᠃         ᠨᠢᠭᠡ ᠵᠢᠯ ᠲᠤᠷᠰᠢ᠂ ᠪᠢᠳᠡ ᠬᠠᠮᠠᠭᠠᠯᠠᠬᠤ᠂ ᠵᠠᠰᠠᠯᠳᠠ ᠬᠢᠬᠦ᠂ ᠠᠮᠢ ᠠᠬᠤᠢ ᠶᠢᠨ ᠰᠢᠯᠢᠳᠡᠭᠵᠢᠯᠳᠡ ᠶᠢ ᠬᠦᠴᠦᠯᠡᠨ ᠠᠳᠬᠤᠵᠤ᠂ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠠᠵᠢᠯ ᠢᠯᠡᠳᠲᠡ ᠠᠬᠢᠴᠠ ᠲᠠᠢ ᠪᠣᠯᠪᠠ᠃ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠢ ᠥᠷᠨᠢᠭᠦᠯᠬᠦ ᠳᠤ ᠢᠳᠡᠪᠬᠢᠲᠡᠢ ᠣᠷᠣᠯᠴᠠᠵᠤ᠂ ᠠᠰᠢᠬᠠᠨ ᠠᠴᠠ ᠬᠤᠭᠤᠯᠠᠶᠢᠳᠣ ᠬᠦᠷᠬᠦ ᠵᠠᠮ ᠤᠨ ᠬᠤᠶᠠᠷ ᠬᠠᠵᠠᠭᠤ ᠶᠢᠨ 2 ᠲᠦᠮᠡᠨ ᠮᠦ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠤᠨ᠂ ᠬᠥᠮᠥᠨ ᠤ ᠬᠦᠴᠦ ᠪᠠᠷ 1.5 ᠲᠦᠮᠡᠨ ᠮᠦ ᠣᠶᠢᠵᠢᠭᠤᠯᠵᠤ᠂ 1.2 ᠲᠦᠮᠡᠨ ᠮᠦ ᠡᠪᠡᠰᠦ ᠳᠠᠷᠢᠵᠤ᠂ 4000 ᠮᠦ ᠨᠤᠲᠤᠭ ᠪᠡᠯᠴᠢᠭᠡᠷ ᠢ ᠰᠠᠶᠢᠵᠢᠷᠠᠭᠤᠯᠵᠤ᠂ 2 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠵᠦ᠂ 1.05 ᠲᠦᠮᠡᠨ ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠪᠠ︔ ᠪᠣᠷᠣᠬᠤᠳᠠ ᠠᠴᠠ ᠪᠠᠶᠠᠨᠳᠣᠬᠤᠢ ᠬᠦᠷᠬᠦ ᠵᠠᠮ ᠤᠨ ᠬᠤᠶᠠᠷ ᠬᠠᠵᠠᠭᠤ ᠪᠠᠷ 5 ᠲᠦᠮᠡᠨ ᠮᠧᠲᠷ ᠤᠨ ᠬᠠᠮᠠᠭᠠᠯᠠᠯᠳᠠ ᠬᠢᠵᠣ᠂ ᠬᠥᠮᠥᠨ ᠤ ᠬᠦᠴᠦ ᠪᠠᠷ 1.1 ᠲᠦᠮᠡᠨ ᠮᠦ ᠡᠪᠡᠰᠦ ᠳᠠᠷᠢᠵᠤ᠂ 4000 ᠮᠦ ᠨᠤᠲᠤᠭ ᠪᠡᠯᠴᠢᠭᠡᠷ ᠢ ᠰᠠᠶᠢᠵᠢᠷᠠᠭᠤᠯᠤᠨ᠂ 1.26 ᠲᠦᠮᠡᠨ ᠮᠦ ᠡᠯᠡᠰᠦ ᠶᠢ ᠲᠣᠭᠲᠠᠪᠤᠷᠢᠵᠢᠭᠤᠯᠵᠤ᠂ 2 ᠰᠠᠭᠤᠷᠢ ᠤᠰᠤᠨ ᠤ ᠰᠤᠷᠪᠤᠯᠵᠢ ᠶᠢᠨ ᠢᠨᠵᠧᠨᠧᠷᠢᠩ ᠂ 4 ᠰᠠᠭᠤᠷᠢ ᠤᠰᠤ ᠠᠷᠪᠢᠯᠠᠵᠤ ᠣᠰᠣᠯᠠᠯᠳᠠ᠂ 2248 ᠮᠦ ᠲᠤᠷᠤᠭ ᠮᠣᠳᠣ ᠶᠢ ᠣᠶᠢᠵᠢᠭᠤᠯᠵᠤ᠂ 6000 ᠮᠦ ᠮᠣᠳᠣ ᠢ ᠣᠰᠣᠯᠠᠵᠣ᠂ 1 ᠲᠦᠮᠡᠨ ᠮᠦ ᠣᠢ ᠶᠢ ᠪᠢᠲᠡᠭᠦᠮᠵᠢᠯᠡᠨ ᠬᠠᠮᠠᠭᠠᠯᠠᠪᠠ᠃ 533.69 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ 6021 ᠮᠦ ᠡᠯᠡᠰᠦᠷᠬᠡᠭ ᠭᠠᠵᠠᠷ ᠢ ᠵᠠᠰᠠᠵᠣ᠂ ᠣᠯᠠᠨ ᠲᠦᠮᠡᠨ ᠤ ᠣᠷᠣᠯᠭ᠎ᠠ ᠶᠢ 107 ᠲᠦᠮᠡᠨ ᠲᠥᠭᠦᠷᠢᠭ ᠨᠡᠮᠡᠭᠳᠡᠭᠦᠯᠵᠦ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 10.7 ᠲᠦᠮᠡᠨ ᠲᠥᠭᠦᠷᠢᠭ ᠨᠡᠮᠡᠭᠳᠡᠬᠦᠯᠬᠦ ᠪᠠᠷ ᠲᠦᠯᠣᠪᠯᠡᠪᠡ᠃ 3 ᠲᠦᠮᠡᠨ ᠮᠣ᠋ ᠠᠰᠠᠷᠠᠮᠵᠢ ᠶᠢᠨ ᠣᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠣᠷᠢᠣᠨ ᠬᠤᠵᠢᠣᠨ 3800 ᠮᠤ᠋᠂ 4000 ᠮᠣ᠋ ᠭᠠᠵᠠᠷ ᠲᠠᠲᠠᠪᠤᠷᠢᠯᠠᠬᠤ ᠡᠬᠦᠷᠭᠡ ᠶᠢ ᠪᠡᠶᠡᠯᠡᠬᠦᠯᠵᠤ᠂ ᠪᠦᠭᠦ ᠬᠤᠰᠢᠭᠤᠨ ᠤ ᠥᠭᠡᠬᠦᠨ ᠴᠢᠯᠠᠭᠤᠨ ᠤ ᠠᠵᠤ ᠦᠢᠯᠡᠰ ᠪᠠ ᠪᠠᠷᠢᠮᠵᠢᠶᠠᠲᠤ ᠭᠠᠵᠠᠷ ᠤᠨ ᠲᠦᠷᠦᠯ ᠵᠦᠢᠯ ᠤᠨ ᠤᠷᠤᠭᠰᠢᠲᠠᠢ ᠪᠠᠷ ᠬᠡᠷᠡᠭᠵᠢᠭᠦᠯᠦᠭᠳᠡᠬᠦ ᠶᠢ ᠪᠠᠲᠤᠯᠠᠪᠠ᠃ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠤᠶᠠᠷ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠣᠷᠳᠣ ᠬᠤᠭᠤᠴᠠᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠣᠷᠳᠣ ᠬᠤᠭᠤᠴᠠᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠬᠠᠮᠠᠭᠠᠯᠠᠪᠠ᠃    
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号