| ᠨᠢᠭᠡ ᠵᠢᠯ ᠲᠤᠷᠰᠢ᠂ ᠪᠢᠳᠡ ᠳᠤᠲᠠᠭᠤᠳᠠᠯ ᠢᠶᠠᠨ ᠨᠥᠬᠦᠪᠦᠷᠢᠯᠡᠵᠦ᠂ ᠰᠠᠭᠤᠷᠢ ᠪᠠᠨ ᠴᠢᠩᠭᠠᠳᠬᠠᠨ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠬᠦᠷᠲᠡᠮᠵᠢ ᠶᠢᠨ | ᠲᠥᠷᠥᠭᠳᠡᠯ ᠢ ᠢᠯᠡᠳᠲᠡ ᠨᠡᠮᠡᠭᠳᠡᠬᠦᠯᠪᠡ᠃ ᠰᠣᠶᠣᠯ ᠤᠨ ᠲᠠᠯ᠎ᠠ ᠪᠠᠷ᠂ 540 ᠲᠦᠮᠡᠨ ᠲᠥᠭᠦᠷᠢᠭ ᠤᠨ ᠪᠡᠯᠡ | ᠣᠷᠣᠭᠤᠯᠤᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ 1200 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠭᠤᠣᠷᠰᠣ | ᠰᠦᠮ᠎ᠡ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠪᠠ᠃ ︽ᠠᠰᠢᠬᠠᠨ ᠤ ᠣᠶᠢᠯᠠᠯᠭ᠎ᠠ | ︾᠂ ︽ᠠᠰᠢᠬᠠᠨ ᠤ ᠭᠠᠵᠠᠷ ᠤᠨ ᠨᠡᠷ᠎ᠡ ᠶᠢᠨ ᠣᠶᠢᠯᠠᠯᠭ᠎ᠠ︾ ᠶᠢ ᠨᠠᠶᠢᠷᠠᠭᠤᠯᠤᠨ ᠵᠣᠬᠢᠶᠠᠵᠤ᠂ ︽ᠠᠰᠢᠬᠠᠨ ᠤ ᠳᠠᠭᠤᠤ | ︾ ᠶᠢ ᠡᠯᠰᠡᠨ ᠵᠣᠬᠢᠶᠠᠨ ᠪᠦᠲᠦᠭᠡᠵᠦ᠂ ᠰᠢᠨ᠎ᠡ ᠴᠠᠭ ᠦᠶ᠎ᠡ ᠶᠢᠨ ᠪᠦᠯᠬᠦᠮᠳᠡᠨ ᠲᠡᠮᠡᠴᠡᠬᠦ ᠬᠦᠴᠦᠨ ᠢ ᠤᠯᠠᠮ | ᠴᠢᠨᠠᠭᠰᠢᠳᠠ ᠨᠢᠭᠳᠠᠷᠠᠭᠤᠯᠪᠠ᠃ ᠪᠠᠭ᠎ᠠ ᠬᠡᠯᠪᠡᠷᠢ ᠶᠢᠨ ᠨᠠᠭᠠᠳᠤᠮ ᠢ 2 ᠤᠳᠠᠭ᠎ᠠ᠂ ᠠᠷᠠᠳ ᠲᠤ ᠠᠰᠢᠭ ᠬᠦᠷᠲᠡᠭᠡᠬᠦ | ᠤᠷᠠᠨ ᠰᠠᠶᠢᠬᠠᠨ ᠤ ᠲᠣᠭᠯᠠᠯᠲᠠ ᠶᠢ 6 ᠲᠠᠯᠠᠪᠠᠢ ᠥᠷᠨᠢᠭᠦᠯᠵᠦ᠂ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠪᠠ᠃ ᠬᠤᠲᠠ ᠶᠢᠨ ᠶᠠᠪᠤᠳᠠᠯ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ 110 ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠯᠭᠠᠰᠤ ᠲᠣᠭᠤᠷᠢᠭ ᠤᠨ | ᠪᠣᠬᠢᠷ ᠤᠰᠤᠨ ᠤ ᠲᠣᠣᠷᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 46.2 | ᠲᠦᠮᠡᠨ ᠲᠥᠭᠦᠷᠢᠭ ᠤᠨ ᠪᠡᠯᠡ ᠣᠷᠣᠭᠤᠯᠵᠤ ᠤᠯᠠᠭᠠᠬᠤᠳᠤ ᠭᠠᠴᠠᠭ᠎ᠠ ᠳᠤ 196 ᠵᠠᠮ ᠤᠨ ᠳ᠋ᠧᠩ ᠤᠭᠰᠠᠷᠠᠵᠤ | ᠥᠭᠪᠡ᠃ ᠤᠤᠭᠤᠬᠤ ᠤᠰᠤᠨ ᠤ ᠠᠮᠤᠷ ᠲᠦᠪᠰᠢᠨ ᠤ ᠲᠠᠯ᠎ᠠ ᠪᠠᠷ᠂ 30 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠳᠤᠭᠤᠶᠢᠯᠠᠩ ᠤᠨ ᠪᠠᠴᠢᠮ ᠪᠠᠶᠢᠳᠠᠯ ᠢ ᠠᠷᠭᠠᠴᠠᠬᠤ ᠭᠠᠩ ᠬᠠᠭᠰᠠᠷᠠᠭᠠᠨ ᠲᠠᠢ ᠲᠡᠮᠡᠴᠡᠬᠦ 3 | ᠬᠤᠳᠳᠤᠭ ᠢ ᠰᠢᠨ᠎ᠡ ᠪᠠᠷ ᠮᠠᠯᠳᠠᠪᠠ︔ 325 ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠳᠤᠭᠤᠶᠢᠯᠠᠩ | ᠪᠣᠯᠣᠨ ᠰᠤᠮᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠤᠰᠤ ᠤᠮᠳᠠ ᠶᠢᠨ ᠠᠮᠤᠷ ᠲᠦᠪᠰᠢᠨ ᠤ ᠲᠥᠷᠥᠯ | ᠵᠦᠢᠯ ᠢ ᠬᠡᠷᠡᠭᠵᠢᠭᠦᠯᠵᠦ᠂ ᠭᠠᠩ ᠬᠠᠭᠰᠠᠷᠠᠭᠠᠨ ᠠᠴᠠ ᠪᠣᠯᠣᠭᠰᠠᠨ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠨᠠᠮᠳᠠᠭᠤᠯᠪᠠ᠃ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ᠂ | 18.3 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ | ᠪᠠᠶᠢᠭᠤᠯᠵᠤ᠂ ᠨᠠᠰᠣᠳᠠᠣᠨ ᠤᠨ ᠪᠠᠶᠠᠷ ᠬᠥᠷ ᠲᠠᠢ ᠪᠠᠶᠢᠬᠤ ᠶᠢ ᠠᠬᠢᠭᠤᠯᠪᠠ᠃ ᠴᠠᠬᠢᠯᠭᠠᠨ ᠬᠦᠴᠦᠨ ᠤ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠤᠯᠤᠰ ᠤᠨ ᠴᠠᠬᠢᠯᠭᠠᠨ ᠲᠣᠣᠷ ᠤᠨ ᠺᠣᠮᠫᠠᠨᠢ ᠶᠢᠨ 2700 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠶᠢ ᠵᠣᠬᠢᠴᠠᠭᠤᠯᠵᠤ 17 ᠬᠡᠰᠡᠭ ᠤᠨ ᠴᠠᠬᠢᠯᠭᠠᠨ ᠬᠦᠴᠦᠨ ᠢ ᠥᠭᠡᠷᠡᠴᠢᠯᠡᠨ | ᠲᠡᠭᠡᠭᠰᠢᠯᠡᠬᠦᠯᠵᠣ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠵᠦ ᠪᠠᠶᠢᠭᠰᠠᠨ ᠳᠣᠣᠷ᠎ᠠ | ᠬᠦᠴᠦᠳᠡᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠰᠤᠷᠭᠠᠨ ᠬᠥᠮᠦᠵᠢᠯ ᠤᠨ ᠲᠠᠯ᠎ᠠ ᠪᠠᠷ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠠᠵᠢᠯ ᠤᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ | ᠰᠠᠶᠢᠲᠤᠷ ᠡᠷᠬᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠶᠠᠰᠤ ᠴᠢᠨᠠᠷ ᠢ ᠦᠷᠭᠦᠯᠵᠢᠯᠡᠨ ᠲᠡᠭᠡᠭᠰᠢᠯᠡᠬᠦᠯᠪᠡ᠃ ᠡᠮ ᠡᠮᠨᠡᠯᠭᠡ ᠶᠢᠨ ᠲᠠᠯ᠎ᠠ ᠪᠠᠷ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠴᠢᠩᠭᠠᠳᠬᠠᠵᠤ᠂ ᠰᠤᠮᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠨᠢ ᠨᠡᠶᠢᠲᠡ 9800 ᠬᠥᠮᠥᠨ ᠤᠳᠠᠭ᠎ᠠ ᠳᠤ ᠡᠮᠴᠢᠯᠡᠭᠡᠨ ᠬᠢᠵᠣ᠂ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠨᠡᠨ ᠬᠦ ᠴᠢᠩᠭᠠᠳᠬᠠᠵᠤ᠂ ᠵᠢᠯ ᠤᠨ ᠳᠣᠲᠣᠷ᠎ᠠ | ᠣᠯᠠᠨ ᠲᠦᠮᠡᠨ ᠳᠤ 150 ᠭᠠᠷᠤᠢ ᠲᠦᠮᠡᠨ ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠲᠠᠩᠰᠠ ᠳᠡᠶᠢᠯᠵᠦ | ᠥᠭᠪᠡ᠃ | ᠨᠢᠭᠡ ᠵᠢᠯ ᠲᠤᠷᠰᠢ᠂ ᠪᠢᠳᠡ ᠬᠤᠷᠢᠭ᠎ᠠ ᠱᠤᠭᠤᠮ ᠢ ᠰᠠᠬᠢᠬᠤ᠂ ᠠᠮᠤᠷ ᠲᠦᠪᠰᠢᠨ ᠢ ᠪᠠᠲᠤᠯᠠᠬᠤ᠂ | ᠪᠦᠯᠬᠦᠮᠳᠡᠯ ᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ | ᠪᠠᠶᠢᠳᠠᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠪᠡ᠃ ᠪᠠᠯᠭᠠᠰᠣ ᠲᠣᠭᠤᠷᠢᠭ ᠤᠨ ᠬᠡᠪᠴᠢᠶᠡᠨ ᠳᠠᠬᠢ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ | ᠳᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠠᠷᠢᠯᠭᠠᠬᠤ ᠠᠵᠢᠯᠯᠠᠭ᠎ᠠ ᠶᠢ 2 ᠤᠳᠠᠭ᠎ᠠ ᠲᠥᠪᠯᠡᠷᠡᠭᠦᠯᠦᠨ ᠥᠷᠨᠢᠭᠦᠯᠵᠦ᠂ ᠵᠢᠭᠰᠠᠭᠠᠨ ᠪᠠᠶᠢᠴᠠᠭᠠᠵᠤ | ᠭᠠᠷᠭᠠᠭᠰᠠᠨ 65 ᠠᠰᠠᠭᠤᠳᠠᠯ ᠢ ᠪᠦᠬᠦᠨ ᠢ ᠰᠡᠢᠳᠪᠣᠷᠢᠯᠡᠪᠡ᠂ ᠵᠢᠷᠭᠤᠭᠠᠠᠬᠡᠷ ᠭᠠᠴᠠᠭᠠᠨ ᠤ ᠬᠠᠷᠢ ᠳᠤ ᠮᠣᠷᠳᠠᠭᠰᠠᠨ | ᠡᠮᠡᠭᠲᠡᠢ ᠶᠢᠨ ᠬᠤᠪᠢᠶᠠᠷᠢ ᠭᠠᠵᠠᠷ᠂ ᠪᠦᠦ ᠮᠧᠶ ᠨᠠᠨ ᠤ ᠬᠠᠳᠤᠯᠠᠩ ᠪᠡᠯᠴᠢᠭᠡᠷ ᠤᠨ ᠵᠢᠭᠤᠷᠠᠯᠳᠤᠭᠠᠨ ᠵᠡᠷᠭᠡ ᠣᠯᠠᠨ | ᠵᠢᠯ ᠤᠨ ᠲᠤᠷᠰᠢᠬᠢ ᠵᠠᠬᠢᠳᠠᠯ ᠰᠣᠷᠪᠤᠯᠵᠢᠯᠠᠭ᠎ᠠ ᠶᠢᠨ 3 ᠳᠠᠷᠤᠭᠳᠠᠮᠠᠯ ᠬᠡᠷᠡᠭ ᠢ ᠠᠮᠵᠢᠯᠲᠠ ᠲᠠᠢ ᠰᠢᠢᠳᠪᠦᠷᠢᠯᠡᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠶᠢ | ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠣ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠪᠦᠲᠦᠮᠵᠢᠲᠡᠢ | ᠥᠷᠨᠢᠭᠦᠯᠵᠦ᠂ ᠬᠤᠳᠠ ᠶᠢᠨ ᠲᠡᠰ ᠤᠨ ᠨᠢᠭᠡ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠠᠴᠠᠭ᠎ᠠ ᠡᠭᠦᠳᠦᠨ | ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠮᠡᠳᠡᠯᠭᠡ ᠶᠢᠨ ᠤᠷᠤᠯᠳᠤᠭᠠᠨ ᠢ 7 ᠲᠠᠯᠠᠪᠤᠷ | ᠤᠳᠠᠭ᠎ᠠ᠂ ︽ᠮᠢᠨᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ︾ ᠤᠨ ᠤᠨᠤᠯ ᠤᠨ | ᠤᠬᠠᠭᠤᠯᠤᠨ ᠲᠠᠶᠢᠯᠪᠤᠷᠢᠯᠠᠬᠤ ᠬᠤᠷᠠᠯ ᠢ 6 ᠲᠠᠯᠠᠪᠤᠷ ᠥᠷᠨᠢᠭᠦᠯᠵᠦ᠂ ᠨᠠᠮ ᠤᠨ ᠠᠴᠢ ᠶᠢ ᠮᠡᠳᠡᠷᠡᠬᠦ᠂ ᠨᠠᠮ ᠤᠨ | ᠦᠭᠡ ᠶᠢ ᠰᠣᠨᠣᠰᠬᠤ᠂ ᠨᠠᠮ ᠢᠶᠠᠨ ᠲᠠᠭᠠᠬᠤ ᠶᠢ ᠠᠵᠢᠯᠯᠠᠭ᠎ᠠ ᠶᠢ ᠪᠦᠬᠦ ᠰᠤᠮᠤ ᠶᠢᠨ ᠺᠠᠳ᠋ᠷ ᠤᠯᠠᠨ ᠲᠦᠮᠡᠨ ᠤ | ᠤᠬᠠᠮᠰᠠᠷᠲᠤ ᠠᠵᠢᠯᠯᠠᠭ᠎ᠠ ᠪᠣᠯᠭᠠᠪᠠ᠃ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ | ᠵᠠᠰᠠᠯᠲᠠ ᠶᠢ ᠭᠦᠨᠵᠡᠭᠡᠢ ᠥᠷᠨᠢᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠴᠡᠭᠴᠡᠯᠡᠨ ᠵᠠᠰᠠᠯᠲᠠ ᠳᠤ | ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠵᠣ᠂ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ | ᠬᠦᠨᠳᠦ ᠶᠡᠭᠡ ᠣᠨᠴᠠ ᠶᠡᠭᠡ ᠠᠳᠡᠯ ᠦᠭᠡᠢ ᠪᠠᠶᠢᠬᠤ ᠶᠢ ᠪᠠᠳᠣᠯᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ᠂ ᠵᠠᠮ ᠬᠠᠷᠢᠯᠴᠠᠭ᠎ᠠ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠣᠯᠳᠠ᠂ ᠤᠢ ᠰᠢᠭᠤᠢ | ᠨᠤᠲᠤᠭ ᠪᠡᠯᠴᠢᠭᠡᠷ ᠤᠨ ᠭᠠᠯ ᠢ ᠰᠡᠷᠬᠡᠶᠢᠯᠡᠵᠣ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ | ᠲᠡᠮᠡᠴᠡᠬᠦ᠂ ᠮᠡᠬᠡᠯᠡᠨ ᠬᠢᠬᠠᠬᠤ ᠶᠢ ᠡᠰᠡᠷᠭᠦᠴᠡᠬᠦ ᠵᠡᠷᠭᠡ ᠪᠠᠶᠢᠩᠭᠤ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠪᠠ᠃ | ᠨᠢᠭᠡ ᠵᠢᠯ ᠲᠤᠷᠰᠢ᠂ ᠪᠢᠳᠡ ᠤᠯᠤᠰ ᠲᠦᠷᠦ ᠶᠢ ᠡᠷᠬᠢᠮᠯᠡᠬᠦ᠂ ᠰᠤᠷᠲᠠᠯ ᠢ ᠬᠤᠪᠢᠷᠠᠭᠤᠯᠬᠤ᠂ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ︽ | ᠳᠤᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠤᠯᠠᠨ ᠭᠤᠷᠪᠠᠨ | ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠵᠠᠯᠠᠷᠠᠭᠤᠯᠬᠤ ᠪᠠ ᠬᠤᠷᠢᠭᠯᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ | ᠴᠤᠭ ᠰᠦᠯᠳᠡ ᠪᠠᠨ ᠤᠯᠠᠮ ᠴᠢᠨᠠᠭᠰᠢᠳᠠ ᠪᠠᠳᠠᠷᠠᠭᠤᠯᠪᠠ᠃ ᠰᠤᠮᠤ ᠭᠠᠴᠠᠭ᠎ᠠ ᠬᠤᠶᠠᠷ ᠱᠠᠲᠤᠨ ᠤ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠪᠦᠬᠦᠨ ᠢᠶᠠᠷ ᠢᠶᠠᠨ ︽ᠨᠠᠢᠮᠠᠨ ᠵᠦᠢᠯ ᠲᠠᠢ︾ ᠪᠠᠶᠢᠬᠤ ᠪᠠᠷᠢᠮᠵᠢᠶ᠎ᠠ ᠳᠤ ᠬᠦᠷᠴᠦ᠂ ᠵᠦᠢᠯ ᠤᠨ ᠦᠢᠯᠡᠴᠢᠯᠡᠭᠡᠨ ᠤ | ᠵᠦᠢᠯᠡᠰ ᠢ ᠴᠥᠮ ︽ᠲᠣᠰᠬᠤᠨ ᠠᠴᠠ ᠭᠠᠷᠬᠤ ᠦᠭᠡᠢ︾ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ ᠲᠦᠳᠡ ᠨᠦᠬᠦᠴᠡᠯ ᠣᠯᠭᠤᠵᠣ᠂ ᠵᠠᠰᠠᠭ ᠤᠨ | ᠣᠷᠳᠣᠨ ᠤ ᠬᠡᠷᠡᠭᠵᠢᠭᠦᠯᠬᠦ ᠬᠦᠴᠦᠨ ᠪᠠ ᠢᠲᠡᠭᠡᠮᠵᠢ ᠶᠢᠨ ᠬᠦᠴᠣᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠴᠠ ᠬᠠᠯᠠᠭᠳᠠᠭᠰᠠᠳ᠂ ᠦᠨᠳᠦᠰᠦᠲᠡᠨ ᠱᠠᠰᠢᠨ | ᠰᠤᠷᠲᠠᠬᠤᠨ᠂ ᠬᠢᠨᠠᠨ ᠪᠤᠳᠤᠬᠤ ᠲᠤᠭ᠎ᠠ ᠪᠦᠷᠢᠳᠬᠡᠯ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ | ᠠᠮᠵᠢᠯᠲᠠ ᠣᠯᠵᠤ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠠᠯᠠᠭᠤᠴᠤᠳ ᠪᠠᠭᠠᠴᠤᠳ᠂ ᠵᠡᠮᠳᠡᠭᠴᠦᠳ | ᠵᠡᠷᠭᠡ ᠠᠵᠢᠯ ᠦᠢᠯᠡᠰ ᠰᠢᠨ᠎ᠡ ᠲᠠᠪᠰᠢᠯᠳᠠ ᠲᠠᠢ ᠪᠣᠯᠪᠠ᠃ | ᠲᠥᠯᠥᠭᠡᠯᠡᠭᠴᠢᠳ ᠠ᠋︕ ᠲᠡᠮᠡᠴᠡᠯ ᠴᠠᠷᠮᠠᠶᠢᠯᠭᠠ ᠬᠠᠲᠠᠭᠤ ᠪᠡᠷᠬᠡᠰᠢᠶᠡᠯ ᠲᠠᠢ ᠪᠠᠶᠢᠵᠣ᠂ ᠣᠯᠣᠭᠰᠠᠨ | ᠠᠮᠵᠢᠯᠳᠠ ᠲᠡᠶᠢᠮᠦ ᠬᠢᠯᠪᠠᠷᠬᠠᠨ ᠢᠶᠠᠷ ᠢᠷᠡᠭᠰᠡᠨ ᠪᠢᠰᠢ ᠶᠤᠮ᠃ ᠡᠳᠡᠭᠡᠷ ᠠᠮᠵᠢᠯᠲᠠ ᠨᠢ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠠᠯᠠᠭᠤᠷ ᠢ ᠠᠳᠬᠤᠨ ᠠᠶᠠᠯᠠᠯ ᠢ ᠵᠠᠮᠴᠢᠯᠠᠭᠰᠠᠨ ᠳᠤ ᠪᠠᠶᠢᠨ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠳᠡᠭᠡᠳᠦ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠣᠨ ᠰᠤᠮᠤᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ | ᠳ᠋ᠦᠩ ᠮᠥᠨ᠂ ᠡᠯ᠎ᠡ ᠲᠥᠯᠥᠭᠡᠯᠡᠭᠴᠢᠳ ᠤᠨ ᠪᠦᠲᠦᠮᠵᠢᠲᠡᠢ ᠬᠢᠨᠠᠯᠲᠠ ᠲᠠᠯᠪᠢᠵᠤ᠂ ᠶᠡᠬᠡᠪᠡᠷ ᠳᠡᠮᠵᠢᠭᠰᠡᠨ ᠤ ᠦᠷ᠎ᠡ | ᠳ᠋ᠦᠩ᠂ ᠪᠦᠬᠦ ᠰᠤᠮᠤᠨ ᠤ ᠺᠠᠳ᠋ᠷ ᠤᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠠᠰᠢᠠᠬᠠᠨ ᠰᠤᠮᠤᠨ ᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠵᠦ᠂ ᠰᠤᠮᠤᠨ ᠤ ᠥᠷᠭᠡᠨ ᠤᠯᠠᠨ ᠺᠠᠳ᠋ᠷ ᠤᠯᠠᠨ ᠲᠦᠮᠡᠨ᠂ ᠰᠤᠮᠤᠨ ᠤ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠡᠯ᠎ᠡ ᠡᠲᠡᠭᠡᠳ ᠤᠨ ᠬᠥᠮᠥᠰ ᠪᠣᠯᠣᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠣᠯᠣᠨ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠢᠳᠡ ᠪᠠᠰᠠ ᠪᠦᠬᠦ ᠰᠤᠮᠤ ᠶᠢᠨ ᠬᠥᠭᠵᠢᠯᠲᠡ ᠳᠤ ᠵᠠᠷᠢᠮ | ᠣᠮᠲᠣᠭᠠᠶᠢᠯᠠᠵᠤ ᠪᠣᠯᠣᠰᠢ ᠦᠭᠡᠢ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ | ᠣᠯᠪᠠ᠄ ᠨᠢᠭᠡ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠣᠷᠴᠢᠨ ᠲᠣᠭᠤᠷᠢᠨ ᠪᠠ ᠲᠣᠭᠳᠠᠭᠤᠨ ᠪᠤᠰᠤ | ᠬᠦᠴᠦᠨ ᠵᠦᠢᠯ ᠤᠨ ᠨᠥᠯᠥᠭᠡ ᠠᠴᠠ ᠪᠣᠯᠵᠤ᠂ ᠰᠤᠮᠤ ᠶᠢᠨ ᠭᠤᠣᠯᠯᠠᠬᠤ ᠠᠵᠤ ᠦᠢᠯᠡᠰ ᠪᠣᠯᠤᠭᠰᠠᠨ ᠮᠠᠯ ᠠᠵᠤ | ᠠᠬᠤᠢ ᠶᠢᠨ ᠦᠨ᠎ᠡ ᠬᠠᠩᠰᠢ ᠪᠠᠭᠤᠷᠠᠵᠤ᠂ ᠣᠯᠠᠨ ᠲᠦᠮᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ | ᠠᠰᠢᠭ ᠦᠭᠡᠢ ᠨᠥᠯᠥᠭᠡ ᠦᠵᠡᠭᠦᠯᠵᠦ ᠪᠠᠶᠢᠨ᠎ᠠ︔ ᠬᠤᠶᠠᠷ ᠲᠤ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ | ᠬᠥᠭᠵᠢᠯᠲᠡ ᠭᠦᠢᠴᠡᠳ ᠪᠤᠰᠤ᠂ ᠲᠠᠷᠢᠶᠠᠨ ᠭᠠᠵᠠᠷ ᠤᠨ ᠶᠠᠰᠤ ᠴᠢᠨᠠᠷ ᠳᠣᠣᠷ᠎ᠠ᠂ ᠮᠠᠯ ᠤᠨ ᠰᠠᠶᠢᠨ ᠡᠭᠦᠯᠳᠡᠷ ᠤᠨ | ᠬᠡᠮᠵᠢᠶ᠎ᠡ ᠳᠣᠣᠷ᠎ᠠ ᠪᠠᠶᠢᠵᠣ᠂ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠢ ᠨᠠᠷᠢᠯᠢᠭ ᠭᠦᠨᠵᠡᠭᠡᠢ | ᠡᠳ᠋ᠰᠢᠭᠦᠯᠦᠨ ᠬᠤᠪᠢᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ︔ ᠭᠤᠷᠪᠠ ᠳᠤ ᠠᠷᠠᠳ ᠤᠨ ᠠᠮᠢᠳᠤᠷᠠᠯ ᠤᠨ | ᠪᠠᠲᠤᠯᠠᠭ᠎ᠠ ᠳᠤ ᠪᠠᠰᠠ ᠳᠤᠲᠠᠭᠤᠳᠠᠯ ᠣᠷᠣᠰᠢᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠮᠥᠨ ᠬᠦ ᠴᠢᠩᠭᠠᠳᠬᠠᠬᠤ ᠴᠢᠬᠤᠯᠠᠲᠠᠢ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠡᠳᠡᠭᠡᠷ ᠠᠰᠠᠭᠤᠳᠠᠯ ᠢ ᠪᠢᠳᠡ ᠵᠠᠪᠠᠯ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ ᠬᠡᠷᠡᠭᠲᠡᠢ | ᠪᠠᠶᠢᠨ᠎ᠠ᠃ | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠦᠷᠳᠡᠭᠡᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ | ᠪᠦᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ | ᠤᠯᠠᠭᠠᠨᠬᠠᠳᠠ ᠬᠤᠲᠠ᠂ ᠣᠩᠨᠢᠭᠤᠳ ᠬᠤᠰᠢᠭᠤ ᠪᠣᠯᠣᠨ ᠰᠤᠮᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ | ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠮᠥᠨ | ᠭᠡᠳᠡᠭ ᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ | ᠨᠡᠭᠡᠭᠡᠵᠦ᠂ ᠳᠤᠮᠳᠠ ᠬᠦᠭᠵᠢᠯᠳᠡ ᠳᠤ ᠠᠭᠤᠰᠬᠤ︾ ᠬᠠᠷᠠᠯᠲᠠ᠂ ᠤᠯᠠᠭᠠᠨᠬᠠᠳᠠ ᠬᠤᠲᠠ ᠶᠢᠨ ︽ᠲᠡᠷᠢᠭᠦᠨ ᠳᠤ | ᠣᠷᠣᠬᠤ ᠪᠠᠷ ᠴᠢᠷᠮᠠᠶᠢᠬᠤ︾ ᠱᠠᠭᠠᠷᠳᠠᠯᠭ᠎ᠠ ᠪᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠵᠡᠭᠦᠨ | ᠬᠡᠰᠡᠭ ᠤᠨ ᠭᠠᠵᠠᠷ ᠣᠷᠣᠨ ᠢᠶᠠᠷ ᠡᠯᠡᠰᠦ ᠶᠢ ᠵᠠᠰᠠᠬᠤ᠂ ᠪᠠᠷᠠᠭᠤᠨ ᠬᠡᠰᠡᠭ ᠤᠨ ᠭᠠᠵᠠᠷ ᠣᠷᠣᠨ ᠢᠶᠠᠷ ᠬᠥᠷᠥᠰᠥ | ᠰᠢᠷᠣᠢ ᠶᠢ ᠵᠠᠰᠠᠬᠤ᠂ ᠳᠤᠮᠳᠠ ᠬᠡᠰᠡᠭ ᠤᠨ ᠭᠠᠵᠠᠷ ᠣᠷᠣᠨ ᠢᠶᠠᠷ ᠬᠦᠷᠢᠶᠡᠯᠡᠩ ᠲᠣᠭᠤᠷᠢᠭ ᠢ ᠠᠳᠬᠤᠬᠤ᠂ ᠪᠦᠬᠦ | ᠣᠷᠣᠨ ᠪᠦᠰᠡ ᠪᠠᠷ ᠢᠶᠠᠨ ᠵᠢᠭᠤᠯᠴᠢᠯᠠᠯ ᠬᠢᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ᠠᠵᠤ ᠦᠢᠯᠡᠰ ᠤᠨ | ᠬᠥᠭᠵᠢᠯᠲᠡ ᠶᠢ ᠲᠣᠪᠤᠶᠢᠯᠭᠠᠨ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠴᠢᠩᠭ᠎ᠠ ᠠᠳᠬᠤᠵᠤ᠂ | ᠥᠭᠡᠷᠡᠴᠢᠯᠡᠯᠲᠡ ᠶᠢᠨ ᠴᠢᠳᠠᠪᠬᠢ ᠪᠠᠨ ᠴᠢᠩᠭᠠᠳᠬᠠᠨ᠂ ᠠᠷᠠᠳ ᠤᠨ ᠠᠮᠢᠳᠤᠷᠠᠯ ᠢ ᠦᠨᠡᠨᠬᠦ ᠰᠠᠶᠢᠵᠢᠷᠠᠭᠤᠯᠵᠤ᠂ ᠠᠮᠤᠷ | ᠲᠦᠪᠰᠢᠨ ᠲᠣᠭᠲᠠᠭᠤᠨ ᠢ ᠪᠠᠲᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ | ᠠᠬᠢᠭᠤᠯᠵᠤ᠂ ᠠᠰᠢᠠᠬᠠᠨ ᠰᠤᠮᠤ ᠶᠢᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠦᠵᠡᠬᠦᠯᠵᠣ᠂ ᠰᠢᠨ᠎ᠡ ᠦᠷ᠎ᠡ ᠪᠦᠲᠦᠮᠵᠢ ᠭᠠᠷᠭᠠᠨ᠎ᠠ᠃ | ︵ᠨᠢᠭᠡ︶ ᠠᠵᠤ ᠦᠢᠯᠡᠰ ᠤᠨ ᠲᠠᠰ ᠲᠡᠨᠰᠢᠯᠳᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠦᠢᠯᠡᠰ ᠤᠨ ᠴᠢᠨᠠᠷ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠦᠢᠯᠡᠳᠪᠦᠷᠢᠯᠡᠯ ᠢ ᠰᠠᠶᠢᠳᠣᠷ ᠠᠳᠬᠤᠨ᠎ᠠ᠃ ᠠᠮᠤ ᠪᠤᠳᠠᠭ᠎ᠠ ᠶᠢ ᠭᠠᠵᠠᠷ ᠰᠢᠷᠣᠢ ᠳᠤ | ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ | ᠨᠠᠶᠢᠳᠠᠪᠤᠷᠢᠵᠢᠭᠤᠯᠵᠤ᠂ ᠲᠠᠯᠠᠪᠠᠶ ᠶᠢ ᠲᠣᠭᠲᠠᠪᠤᠷᠢᠵᠢᠭᠤᠯᠬᠤ᠂ ᠲᠠᠯᠠᠪᠠᠶ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ | ᠬᠤᠶᠠᠷ ᠲᠠᠯ᠎ᠠ ᠪᠠᠷ ᠬᠦᠴᠣᠯᠡᠨ᠂ ᠲᠠᠷᠢᠶᠠᠨ ᠭᠠᠵᠠᠷ ᠤᠨ ᠨᠦᠭᠡᠴᠡᠯᠡᠯ ᠢ 200 ᠮᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ 6000 ᠮᠦ ᠳᠤ ᠬᠦᠷᠭᠡᠬᠦ ᠪᠠᠷ ᠲᠥᠯᠥᠪᠵᠢᠭᠦᠯᠦᠨ ᠬᠡᠷᠡᠭᠵᠢᠭᠦᠯᠵᠦ᠂ 1000 ᠮᠦ ᠰᠢᠬᠢᠷ | ᠯᠤᠤᠪᠠᠩ ᠤᠨ ᠲᠠᠷᠢᠶᠠᠯᠭ᠎ᠠ ᠶᠢ ᠳᠡᠯᠭᠡᠷᠡᠭᠦᠯᠦᠨ᠂ ᠨᠡᠶᠢᠲᠡᠯᠢᠭ ᠵᠢᠱᠢᠶ᠎ᠡ ᠶᠢ ᠠᠳᠬᠤᠬᠤ᠂ ᠵᠢᠱᠢᠶ᠎ᠡ ᠦᠵᠡᠭᠦᠯᠬᠦ᠂ | ᠤᠬᠠᠭᠤᠯᠭ᠎ᠠ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠢ ᠳᠠᠶᠢᠴᠢᠯᠠᠨ ᠰᠢᠷᠣᠢ | ᠲᠠᠲᠠᠵᠤ ᠭᠠᠵᠠᠷ ᠰᠢᠷᠣᠢ ᠲᠡᠭᠰᠢᠯᠡᠨ ᠪᠣᠷᠳᠣᠭᠤᠷ ᠣᠷᠣᠭᠤᠯᠵᠣ᠂ ᠵᠢᠯ ᠤᠨ ᠳᠣᠲᠣᠷ᠎ᠠ 1 ᠲᠦᠮᠡᠨ ᠮᠦ ᠠᠴᠠ ᠳᠡᠭᠡᠭᠰᠢ | ᠭᠠᠵᠠᠷ ᠤᠨ ᠰᠢᠮ᠎ᠡ ᠶᠢ ᠰᠠᠶᠢᠵᠢᠷᠠᠭᠤᠯᠬᠤ ᠪᠠᠷ ᠴᠢᠷᠮᠠᠶᠢᠨ᠎ᠠ᠃ ᠦᠭᠡᠷᠠᠴᠢᠯᠠᠵᠤ ᠬᠦᠭᠵᠢᠬᠦᠯᠬᠦ ᠴᠥᠭᠦᠷᠥᠮ ᠤᠨ | ᠣᠷᠣᠨ ᠤ ᠠᠷᠠᠳ ᠢ ᠨᠡᠭᠦᠯᠭᠡᠬᠦ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠬᠡᠷᠡᠭᠵᠢᠭᠦᠯᠵᠦ᠂ ᠨᠠᠷᠢᠨ ᠭᠤᠣᠯ | ᠭᠠᠴᠠᠭ᠎ᠠ ᠶᠢᠨ 6.5 ᠺᠢᠯᠣᠮᠧᠲᠷ ᠤᠨ ᠤᠰᠤ ᠵᠠᠯᠠᠬᠤ ᠰᠤᠪᠠᠭ ᠤᠨ ᠲᠥᠷᠥᠯ ᠵᠦᠢᠯ ᠢ ᠬᠡᠷᠡᠭᠵᠢᠭᠦᠯᠦᠨ᠂ ᠲᠠᠷᠢᠶᠠᠯᠠᠬᠤ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ | ᠮᠠᠯ ᠠᠵᠤ ᠠᠬᠤᠢ ᠶᠢᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠴᠥᠭᠡᠨ ᠲᠡᠵᠢᠭᠡᠵᠦ | ᠨᠠᠷᠢᠯᠢᠭ ᠲᠡᠵᠢᠭᠡᠵᠦ ᠲᠥᠪᠯᠡᠷᠡᠭᠦᠯᠦᠨ ᠲᠡᠵᠢᠭᠡᠬᠦ ᠠᠵᠢᠯ ᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠢ ᠵᠣᠬᠢᠶᠠᠨ | ᠪᠠᠶᠢᠭᠤᠯᠤᠨ ᠭᠠᠳᠠᠭᠰᠢ ᠭᠠᠷᠴᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠲᠤᠷᠰᠢᠯᠭ᠎ᠠ ᠦᠷ᠎ᠡ ᠪᠦᠲᠦᠮᠵᠢ ᠶᠢ | ᠰᠤᠷᠤᠯᠴᠠᠭᠤᠯᠵᠤ᠂ ᠦᠵᠡᠯ ᠰᠠᠨᠠᠭ᠎ᠠ ᠶᠢ ᠨᠢ ᠬᠤᠪᠢᠷᠠᠭᠤᠯᠤᠨ᠂ ᠴᠢᠨᠠᠷ ᠮᠠᠭᠤᠲᠠᠢ ᠦᠬᠡᠷ ᠢ ᠰᠢᠭᠰᠢᠭᠳᠡᠭᠦᠯᠵᠦ᠂ ᠴᠢᠨᠠᠷ | ᠰᠠᠶᠢᠲᠠᠢ ᠰᠦ ᠮᠢᠬᠠᠨ ᠤ ᠬᠤᠣᠰ ᠬᠡᠷᠡᠭᠴᠡᠭᠡᠲᠦ ᠦᠬᠡᠷ ᠬᠤᠳᠠᠯᠳᠤᠨ ᠣᠷᠣᠭᠤᠯᠤᠨ᠎ᠠ᠃ ᠳ᠋ᠦ᠋ ᠮᠧᠩ ᠡᠭᠦᠯᠳᠡᠷ ᠤᠨ | ᠬᠤᠨᠢᠨ ᠤ ᠲᠠᠯᠠᠪᠠᠶ ᠶᠢ ᠪᠠᠶᠢᠭᠤᠯᠵᠤ᠂ 700 ᠳ᠋ᠦ᠋ ᠮᠧᠩ ᠬᠤᠨᠢᠨ ᠳᠤ ᠬᠦᠪᠦᠷᠡᠯ ᠪᠣᠶᠢᠵᠢᠭᠤᠯᠬᠤ ᠶᠢ ᠪᠡᠶᠡᠯᠡᠭᠦᠯᠵᠦ᠂ | ᠪᠠᠷᠠᠭᠤᠨ ᠡᠮᠦᠨᠡᠲᠦ ᠬᠡᠰᠡᠭ ᠤᠨ ᠭᠤᠷᠪᠠᠨ ᠭᠠᠴᠠᠭ᠎ᠠ ᠶᠢ ᠳᠠᠶᠢᠴᠢᠯᠠᠨ ᠴᠢᠨᠠᠷ ᠰᠠᠶᠢᠲᠠᠢ ᠠᠯᠠᠰᠢᠨ ᠬᠤᠨᠢ ᠶᠢ | ᠬᠥᠭᠵᠢᠭᠦᠯᠦᠨ᠎ᠡ᠃ ᠣᠲᠣ ᠶᠢᠨ ᠪᠠᠶᠢᠭ᠎ᠠ 7 ᠲᠡᠵᠢᠭᠡᠨ ᠦᠷᠡᠵᠢᠭᠦᠯᠬᠦ ᠬᠤᠷᠰᠢᠶ᠎ᠠ᠂ 62 ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ ᠶᠢᠨ ᠰᠠᠭᠤᠷᠢᠨ ᠳᠡᠭᠡᠷ᠎ᠡ᠂ ᠵᠣᠬᠢᠬᠤ ᠬᠡᠪᠴᠢᠶᠡᠲᠦ ᠡᠵᠡᠩᠨᠡᠯᠲᠡ ᠶᠢ ᠦᠷᠭᠦᠯᠵᠢᠯᠡᠨ | ᠬᠥᠭᠵᠢᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠣᠳᠣᠬᠠᠨ ᠤ ᠦᠬᠡᠷ | ᠬᠤᠨᠢᠨ ᠤ ᠦᠨ᠎ᠡ ᠬᠢᠮᠳᠠ᠂ ᠵᠠᠬ᠎ᠠ ᠳᠡᠯᠭᠡᠭᠦᠷ ᠥᠭᠡᠳᠡ ᠦᠭᠡᠢ᠂ ᠣᠯᠠᠨ ᠲᠦᠮᠡᠨ ᠤ ᠬᠤᠷᠠᠭ᠎ᠠ ᠲᠤᠭᠤᠯ | ᠬᠤᠳᠠᠯᠳᠤᠬᠤ ᠳᠤᠷ᠎ᠠ ᠦᠭᠡᠢ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠪᠡᠭᠡᠵᠢᠩ ᠤᠨ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠲᠥᠪ ᠂ ᠲᠦᠩᠵᠸᠦ ᠲᠣᠭᠤᠷᠢᠭ ᠤᠨ ᠵᠠᠩ ᠵᠢᠶᠠ ᠸᠠᠨ ᠪᠠᠯᠭᠠᠰᠤ ᠲᠠᠢ | ᠵᠣᠯᠭᠤᠯᠴᠠᠨ ᠣᠯᠠᠨ ᠲᠦᠮᠡᠨ ᠢ ᠬᠠᠪᠰᠤᠷᠤᠨ ᠦᠬᠡᠷ ᠬᠤᠨᠢᠨ ᠤ ᠮᠢᠬ᠎ᠠ ᠶᠢ ᠪᠣᠷᠣᠯᠠᠭᠤᠯᠵᠤ᠂ ᠵᠠᠬ᠎ᠠ ᠳᠡᠯᠭᠡᠭᠦᠷ ᠤᠨ | ᠥᠭᠡᠳᠡ ᠦᠭᠡᠢ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠴᠢᠷᠮᠠᠶᠢᠨ ᠠᠷᠢᠯᠭᠠᠬᠤ ᠪᠠᠷ ᠲᠥᠯᠥᠪᠯᠡᠵᠦ | ᠪᠠᠶᠢᠨ᠎ᠠ᠃ | ᠰᠦ ᠶᠢᠨ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠴᠠᠭᠠᠨ ᠢᠳᠡᠭᠡᠨ ᠢ ᠡᠳ᠋ᠰᠢᠭᠦᠯᠬᠦ 1 | ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠬᠤ ᠶᠢᠨ ᠬᠠᠮᠲᠤ ᠬᠠᠶᠢᠯᠠᠰᠤ ᠶᠢᠨ ᠴᠠᠭᠠᠨ ᠢᠳᠡᠭᠡᠨ ᠤ ᠲᠥᠪ ᠤᠨ | ᠦᠢᠯᠡᠳᠪᠦᠷᠢᠯᠡᠯ ᠡᠵᠡᠩᠨᠡᠯᠲᠡ ᠳᠤ ᠡᠷᠦᠬᠡ ᠠᠮᠠ ᠣᠷᠣᠭᠤᠯᠣᠨ ᠡᠵᠡᠩᠨᠡᠯᠳᠡ ᠬᠢᠯᠭᠡᠵᠣ᠂ 1 ᠴᠠᠭᠠᠨ ᠢᠳᠡᠭᠡᠨ ᠢ | ᠡᠳ᠋ᠰᠢᠭᠦᠯᠬᠦ ᠦᠢᠯᠡᠳᠬᠡᠯ ᠤᠨ ᠭᠠᠵᠠᠷ ᠢ ᠤᠯᠠᠭᠠᠨᠬᠠᠳᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ | ᠣᠷᠣᠭᠤᠯᠣᠨ᠎ᠠ᠃ ᠬᠤᠰᠢᠭᠤᠨ ᠤ ᠴᠠᠭᠠᠨ ᠢᠳᠡᠭᠡᠨ ᠤ ᠠᠵᠢᠯ ᠲᠥᠷᠥᠯ ᠤᠨ ᠪᠠᠷᠢᠮᠵᠢᠶ᠎ᠠ ᠲᠣᠭᠳᠠᠭᠠᠯ ᠳᠤ | ᠲᠦᠰᠢᠭᠯᠡᠨ᠂ ᠬᠤᠳᠠᠯᠳᠤᠭ᠎ᠠ ᠳᠡᠯᠭᠡᠭᠦᠷ ᠲᠤ ᠣᠷᠣᠵᠣ ᠪᠣᠯᠬᠤ ᠠᠵᠠ ᠲᠣᠬᠢᠶᠠᠯ ᠢ ᠠᠰᠢᠭᠯᠠᠨ᠂ ᠣᠯᠠᠨ ᠲᠦᠮᠡᠨ ᠢ | ᠳᠠᠶᠢᠴᠢᠯᠠᠨ ᠴᠢᠨᠠᠷ ᠰᠠᠶᠢᠲᠠᠢ ᠰᠠᠭᠠᠯᠢ ᠶᠢᠨ ᠦᠨᠢᠶ᠎ᠡ᠂ ᠰᠠᠭᠠᠯᠢ ᠶᠢᠨ ᠬᠤᠨᠢ ᠵᠡᠷᠭᠡ ᠶᠢ ᠲᠡᠵᠢᠭᠡᠨ ᠦᠷᠡᠵᠢᠭᠦᠯᠵᠦ᠂ | ᠰᠦ ᠶᠢᠨ ᠭᠠᠷᠤᠯᠲᠠ ᠶᠢ ᠨᠡᠮᠡᠭᠳᠡᠬᠦᠯᠬᠦ ᠶᠢᠨ ᠬᠠᠮᠲᠤ ᠴᠠᠭᠠᠨ ᠢᠳᠡᠭᠡᠨ ᠤ ᠲᠦᠷᠣᠯ ᠵᠦᠢᠯ ᠢ ᠥᠷᠭᠡᠳᠭᠡᠨ᠎ᠡ︔ | ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠪᠣᠯᠣᠨ ᠭᠡᠷ ᠪᠦᠯᠢ ᠶᠢᠨ ᠦᠢᠯᠡᠳᠬᠡᠯ ᠤᠨ ᠭᠠᠵᠠᠷ ᠢ ᠲᠠᠶᠢᠴᠢᠯᠠᠨ᠂ | ᠰᠢᠨ᠎ᠡ ᠲᠦᠷᠦᠯ ᠵᠦᠢᠯ ᠢ ᠨᠡᠭᠡᠭᠡᠨ ᠬᠥᠭᠵᠢᠭᠦᠯᠵᠦ᠂ ᠤᠳᠤ ᠶᠢᠨ ᠡᠳᠦᠷ ᠲᠤ 7000 ᠵᠢᠩ ᠤᠨ ᠬᠡᠮᠵᠢᠶ᠎ᠡ ᠶᠢ | ᠲᠦᠮᠡᠨ ᠵᠢᠩ ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠢ ᠬᠦᠭᠵᠢᠭᠡᠨ᠎ᠡ᠃ ᠪᠦᠬᠦ | ᠬᠤᠰᠢᠭᠤᠨ ᠤ 300 ᠺᠢᠯᠣᠮᠧᠲᠷ ᠤᠨ ᠡᠯᠡᠰᠦᠨ ᠴᠥᠯ ᠤᠨ ᠠᠮᠢ ᠠᠬᠤᠢ ᠶᠢᠨ ᠵᠢᠭᠤᠯᠴᠢᠯᠠᠯ ᠤᠨ ᠲᠣᠮᠣ ᠲᠣᠭᠤᠷᠢᠯ | ᠵᠠᠮ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠪᠠᠷ ᠠᠵᠠ | ᠲᠣᠬᠢᠶᠠᠯ ᠪᠣᠯᠭᠠᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ | ᠴᠢᠷᠮᠠᠶᠢᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠨᠠᠷᠢᠯᠢᠭ ᠣᠨᠣᠴᠠᠲᠠᠢ ᠪᠠᠷ ᠥᠷᠨᠢᠭᠦᠯᠦᠨ᠂ | ᠪᠣᠮᠠᠨ ᠤ ᠮᠥᠩᠬᠦᠨ ᠡᠯᠡᠰᠣ᠂ ᠶᠡᠭᠡ ᠨᠠᠭᠤᠷ᠂ ᠡᠷᠲᠡᠨ ᠤ ᠬᠤᠳᠳᠤᠭ᠂ ᠤᠯᠠᠭᠠᠬᠤᠳᠤ ᠬᠤᠷᠰᠢᠶ᠎ᠠ ᠶᠢᠨ | ᠳᠤᠷᠠᠰᠬᠠᠯ ᠤᠨ ᠣᠷᠳᠣᠨ ᠵᠡᠷᠭᠡ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠠᠮᠢ ᠠᠬᠤᠢ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ | ᠵᠢᠭᠤᠯᠴᠢᠯᠠᠯ ᠢ ᠢᠳᠡᠪᠬᠢᠲᠡᠢ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ | ᠠᠬᠢᠭᠤᠯᠤᠨ᠎ᠠ᠃ ᠶᠦᠩ ᠶᠠᠨ ᠰᠧ ︵ᠦᠨᠢ ᠣᠷᠳᠣᠳᠠ ᠰᠦᠮ᠎ᠡ︶ ᠰᠦᠮ᠎ᠡ ᠶᠢᠨ ᠬᠤᠶᠠᠳᠤᠭᠠᠷ ᠬᠤᠭᠤᠴᠠᠭᠠᠨ ᠤ | ᠥᠷᠭᠡᠳᠬᠡᠨ ᠪᠠᠶᠢᠭᠤᠯᠬᠤ ᠢᠨᠵᠧᠨᠧᠷᠢᠩ ᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠱᠠᠰᠢᠨ | ᠰᠤᠷᠲᠠᠬᠤᠨ ᠤ ᠰᠣᠶᠣᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠬᠡᠰᠡᠭ ᠢ ᠨᠡᠭᠡᠭᠡᠨ ᠥᠷᠭᠡᠳᠬᠡᠨ᠎ᠡ᠃ ︽ | ᠠᠰᠢᠬᠠᠨ ᠤ ᠭᠠᠵᠠᠷ ᠤᠨ ᠨᠡᠷ᠎ᠡ ᠶᠢᠨ ᠲᠡᠮᠳᠡᠭᠯᠡᠯ︾᠂ ︽ᠠᠰᠢᠬᠠᠨ ᠤ ᠲᠠᠭᠤᠣ︾ ᠢ ᠨᠡᠶᠢᠲᠡᠯᠡᠬᠦ ᠪᠠᠷ ᠠᠵᠠ ᠲᠣᠬᠢᠶᠠᠯ | ᠪᠣᠯᠭᠠᠵᠤ᠂ ᠰᠣᠶᠣᠯ ᠵᠤᠭᠠᠴᠠᠯ ᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠣᠶᠣᠯ | ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ ᠢ | ᠪᠦᠷᠢᠯᠳᠦᠭᠦᠯᠦᠨ᠎ᠡ᠃ | | |