| ᠨᠢᠭᠡ ᠵᠢᠯ ᠲᠤᠷᠰᠢ᠂ ᠪᠢᠳᠡ ᠳᠤᠲᠠᠭᠤᠳᠠᠯ ᠢᠶᠠᠨ ᠨᠥᠬᠦᠪᠦᠷᠢᠯᠡᠵᠦ᠂ ᠰᠠᠭᠤᠷᠢ ᠪᠠᠨ ᠴᠢᠩᠭᠠᠳᠬᠠᠨ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠬᠦᠷᠲᠡᠮᠵᠢ ᠶᠢᠨ | ᠲᠥᠷᠥᠭᠳᠡᠯ ᠢ ᠢᠯᠡᠳᠲᠡ ᠨᠡᠮᠡᠭᠳᠡᠬᠦᠯᠪᠡ᠃ ᠰᠣᠶᠣᠯ ᠤᠨ ᠲᠠᠯ᠎ᠠ ᠪᠠᠷ᠂ 540 ᠲᠦᠮᠡᠨ ᠲᠥᠭᠦᠷᠢᠭ ᠤᠨ ᠪᠡᠯᠡ | ᠣᠷᠣᠭᠤᠯᠤᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ 1200 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠭᠤᠣᠷᠰᠣ | ᠰᠦᠮ᠎ᠡ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠪᠠ᠃ ︽ᠠᠰᠢᠬᠠᠨ ᠤ ᠣᠶᠢᠯᠠᠯᠭ᠎ᠠ | ︾᠂ ︽ᠠᠰᠢᠬᠠᠨ ᠤ ᠭᠠᠵᠠᠷ ᠤᠨ ᠨᠡᠷ᠎ᠡ ᠶᠢᠨ ᠣᠶᠢᠯᠠᠯᠭ᠎ᠠ︾ ᠶᠢ ᠨᠠᠶᠢᠷᠠᠭᠤᠯᠤᠨ ᠵᠣᠬᠢᠶᠠᠵᠤ᠂ ︽ᠠᠰᠢᠬᠠᠨ ᠤ ᠳᠠᠭᠤᠤ | ︾ ᠶᠢ ᠡᠯᠰᠡᠨ ᠵᠣᠬᠢᠶᠠᠨ ᠪᠦᠲᠦᠭᠡᠵᠦ᠂ ᠰᠢᠨ᠎ᠡ ᠴᠠᠭ ᠦᠶ᠎ᠡ ᠶᠢᠨ ᠪᠦᠯᠬᠦᠮᠳᠡᠨ ᠲᠡᠮᠡᠴᠡᠬᠦ ᠬᠦᠴᠦᠨ ᠢ ᠤᠯᠠᠮ | ᠴᠢᠨᠠᠭᠰᠢᠳᠠ ᠨᠢᠭᠳᠠᠷᠠᠭᠤᠯᠪᠠ᠃ ᠪᠠᠭ᠎ᠠ ᠬᠡᠯᠪᠡᠷᠢ ᠶᠢᠨ ᠨᠠᠭᠠᠳᠤᠮ ᠢ 2 ᠤᠳᠠᠭ᠎ᠠ᠂ ᠠᠷᠠᠳ ᠲᠤ ᠠᠰᠢᠭ ᠬᠦᠷᠲᠡᠭᠡᠬᠦ | ᠤᠷᠠᠨ ᠰᠠᠶᠢᠬᠠᠨ ᠤ ᠲᠣᠭᠯᠠᠯᠲᠠ ᠶᠢ 6 ᠲᠠᠯᠠᠪᠠᠢ ᠥᠷᠨᠢᠭᠦᠯᠵᠦ᠂ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠪᠠ᠃ ᠬᠤᠲᠠ ᠶᠢᠨ ᠶᠠᠪᠤᠳᠠᠯ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ 110 ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠯᠭᠠᠰᠤ ᠲᠣᠭᠤᠷᠢᠭ ᠤᠨ | ᠪᠣᠬᠢᠷ ᠤᠰᠤᠨ ᠤ ᠲᠣᠣᠷᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 46.2 | ᠲᠦᠮᠡᠨ ᠲᠥᠭᠦᠷᠢᠭ ᠤᠨ ᠪᠡᠯᠡ ᠣᠷᠣᠭᠤᠯᠵᠤ ᠤᠯᠠᠭᠠᠬᠤᠳᠤ ᠭᠠᠴᠠᠭ᠎ᠠ ᠳᠤ 196 ᠵᠠᠮ ᠤᠨ ᠳ᠋ᠧᠩ ᠤᠭᠰᠠᠷᠠᠵᠤ | ᠥᠭᠪᠡ᠃ ᠤᠤᠭᠤᠬᠤ ᠤᠰᠤᠨ ᠤ ᠠᠮᠤᠷ ᠲᠦᠪᠰᠢᠨ ᠤ ᠲᠠᠯ᠎ᠠ ᠪᠠᠷ᠂ 30 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠳᠤᠭᠤᠶᠢᠯᠠᠩ ᠤᠨ ᠪᠠᠴᠢᠮ ᠪᠠᠶᠢᠳᠠᠯ ᠢ ᠠᠷᠭᠠᠴᠠᠬᠤ ᠭᠠᠩ ᠬᠠᠭᠰᠠᠷᠠᠭᠠᠨ ᠲᠠᠢ ᠲᠡᠮᠡᠴᠡᠬᠦ 3 | ᠬᠤᠳᠳᠤᠭ ᠢ ᠰᠢᠨ᠎ᠡ ᠪᠠᠷ ᠮᠠᠯᠳᠠᠪᠠ︔ 325 ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠳᠤᠭᠤᠶᠢᠯᠠᠩ | ᠪᠣᠯᠣᠨ ᠰᠤᠮᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠤᠰᠤ ᠤᠮᠳᠠ ᠶᠢᠨ ᠠᠮᠤᠷ ᠲᠦᠪᠰᠢᠨ ᠤ ᠲᠥᠷᠥᠯ | ᠵᠦᠢᠯ ᠢ ᠬᠡᠷᠡᠭᠵᠢᠭᠦᠯᠵᠦ᠂ ᠭᠠᠩ ᠬᠠᠭᠰᠠᠷᠠᠭᠠᠨ ᠠᠴᠠ ᠪᠣᠯᠣᠭᠰᠠᠨ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠨᠠᠮᠳᠠᠭᠤᠯᠪᠠ᠃ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ᠂ | 18.3 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ | ᠪᠠᠶᠢᠭᠤᠯᠵᠤ᠂ ᠨᠠᠰᠣᠳᠠᠣᠨ ᠤᠨ ᠪᠠᠶᠠᠷ ᠬᠥᠷ ᠲᠠᠢ ᠪᠠᠶᠢᠬᠤ ᠶᠢ ᠠᠬᠢᠭᠤᠯᠪᠠ᠃ ᠴᠠᠬᠢᠯᠭᠠᠨ ᠬᠦᠴᠦᠨ ᠤ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠤᠯᠤᠰ ᠤᠨ ᠴᠠᠬᠢᠯᠭᠠᠨ ᠲᠣᠣᠷ ᠤᠨ ᠺᠣᠮᠫᠠᠨᠢ ᠶᠢᠨ 2700 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠶᠢ ᠵᠣᠬᠢᠴᠠᠭᠤᠯᠵᠤ 17 ᠬᠡᠰᠡᠭ ᠤᠨ ᠴᠠᠬᠢᠯᠭᠠᠨ ᠬᠦᠴᠦᠨ ᠢ ᠥᠭᠡᠷᠡᠴᠢᠯᠡᠨ | ᠲᠡᠭᠡᠭᠰᠢᠯᠡᠬᠦᠯᠵᠣ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠵᠦ ᠪᠠᠶᠢᠭᠰᠠᠨ ᠳᠣᠣᠷ᠎ᠠ | ᠬᠦᠴᠦᠳᠡᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠰᠤᠷᠭᠠᠨ ᠬᠥᠮᠦᠵᠢᠯ ᠤᠨ ᠲᠠᠯ᠎ᠠ ᠪᠠᠷ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠠᠵᠢᠯ ᠤᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ | ᠰᠠᠶᠢᠲᠤᠷ ᠡᠷᠬᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠶᠠᠰᠤ ᠴᠢᠨᠠᠷ ᠢ ᠦᠷᠭᠦᠯᠵᠢᠯᠡᠨ ᠲᠡᠭᠡᠭᠰᠢᠯᠡᠬᠦᠯᠪᠡ᠃ ᠡᠮ ᠡᠮᠨᠡᠯᠭᠡ ᠶᠢᠨ ᠲᠠᠯ᠎ᠠ ᠪᠠᠷ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠴᠢᠩᠭᠠᠳᠬᠠᠵᠤ᠂ ᠰᠤᠮᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠨᠢ ᠨᠡᠶᠢᠲᠡ 9800 ᠬᠥᠮᠥᠨ ᠤᠳᠠᠭ᠎ᠠ ᠳᠤ ᠡᠮᠴᠢᠯᠡᠭᠡᠨ ᠬᠢᠵᠣ᠂ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠨᠡᠨ ᠬᠦ ᠴᠢᠩᠭᠠᠳᠬᠠᠵᠤ᠂ ᠵᠢᠯ ᠤᠨ ᠳᠣᠲᠣᠷ᠎ᠠ | ᠣᠯᠠᠨ ᠲᠦᠮᠡᠨ ᠳᠤ 150 ᠭᠠᠷᠤᠢ ᠲᠦᠮᠡᠨ ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠲᠠᠩᠰᠠ ᠳᠡᠶᠢᠯᠵᠦ | ᠥᠭᠪᠡ᠃ | ᠨᠢᠭᠡ ᠵᠢᠯ ᠲᠤᠷᠰᠢ᠂ ᠪᠢᠳᠡ ᠬᠤᠷᠢᠭ᠎ᠠ ᠱᠤᠭᠤᠮ ᠢ ᠰᠠᠬᠢᠬᠤ᠂ ᠠᠮᠤᠷ ᠲᠦᠪᠰᠢᠨ ᠢ ᠪᠠᠲᠤᠯᠠᠬᠤ᠂ | ᠪᠦᠯᠬᠦᠮᠳᠡᠯ ᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ | ᠪᠠᠶᠢᠳᠠᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠪᠡ᠃ ᠪᠠᠯᠭᠠᠰᠣ ᠲᠣᠭᠤᠷᠢᠭ ᠤᠨ ᠬᠡᠪᠴᠢᠶᠡᠨ ᠳᠠᠬᠢ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ | ᠳᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠠᠷᠢᠯᠭᠠᠬᠤ ᠠᠵᠢᠯᠯᠠᠭ᠎ᠠ ᠶᠢ 2 ᠤᠳᠠᠭ᠎ᠠ ᠲᠥᠪᠯᠡᠷᠡᠭᠦᠯᠦᠨ ᠥᠷᠨᠢᠭᠦᠯᠵᠦ᠂ ᠵᠢᠭᠰᠠᠭᠠᠨ ᠪᠠᠶᠢᠴᠠᠭᠠᠵᠤ | ᠭᠠᠷᠭᠠᠭᠰᠠᠨ 65 ᠠᠰᠠᠭᠤᠳᠠᠯ ᠢ ᠪᠦᠬᠦᠨ ᠢ ᠰᠡᠢᠳᠪᠣᠷᠢᠯᠡᠪᠡ᠂ ᠵᠢᠷᠭᠤᠭᠠᠠᠬᠡᠷ ᠭᠠᠴᠠᠭᠠᠨ ᠤ ᠬᠠᠷᠢ ᠳᠤ ᠮᠣᠷᠳᠠᠭᠰᠠᠨ | ᠡᠮᠡᠭᠲᠡᠢ ᠶᠢᠨ ᠬᠤᠪᠢᠶᠠᠷᠢ ᠭᠠᠵᠠᠷ᠂ ᠪᠦᠦ ᠮᠧᠶ ᠨᠠᠨ ᠤ ᠬᠠᠳᠤᠯᠠᠩ ᠪᠡᠯᠴᠢᠭᠡᠷ ᠤᠨ ᠵᠢᠭᠤᠷᠠᠯᠳᠤᠭᠠᠨ ᠵᠡᠷᠭᠡ ᠣᠯᠠᠨ | ᠵᠢᠯ ᠤᠨ ᠲᠤᠷᠰᠢᠬᠢ ᠵᠠᠬᠢᠳᠠᠯ ᠰᠣᠷᠪᠤᠯᠵᠢᠯᠠᠭ᠎ᠠ ᠶᠢᠨ 3 ᠳᠠᠷᠤᠭᠳᠠᠮᠠᠯ ᠬᠡᠷᠡᠭ ᠢ ᠠᠮᠵᠢᠯᠲᠠ ᠲᠠᠢ ᠰᠢᠢᠳᠪᠦᠷᠢᠯᠡᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠶᠢ | ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠣ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠪᠦᠲᠦᠮᠵᠢᠲᠡᠢ | ᠥᠷᠨᠢᠭᠦᠯᠵᠦ᠂ ᠬᠤᠳᠠ ᠶᠢᠨ ᠲᠡᠰ ᠤᠨ ᠨᠢᠭᠡ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠠᠴᠠᠭ᠎ᠠ ᠡᠭᠦᠳᠦᠨ | ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠮᠡᠳᠡᠯᠭᠡ ᠶᠢᠨ ᠤᠷᠤᠯᠳᠤᠭᠠᠨ ᠢ 7 ᠲᠠᠯᠠᠪᠤᠷ | ᠤᠳᠠᠭ᠎ᠠ᠂ ︽ᠮᠢᠨᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ︾ ᠤᠨ ᠤᠨᠤᠯ ᠤᠨ | ᠤᠬᠠᠭᠤᠯᠤᠨ ᠲᠠᠶᠢᠯᠪᠤᠷᠢᠯᠠᠬᠤ ᠬᠤᠷᠠᠯ ᠢ 6 ᠲᠠᠯᠠᠪᠤᠷ ᠥᠷᠨᠢᠭᠦᠯᠵᠦ᠂ ᠨᠠᠮ ᠤᠨ ᠠᠴᠢ ᠶᠢ ᠮᠡᠳᠡᠷᠡᠬᠦ᠂ ᠨᠠᠮ ᠤᠨ | ᠦᠭᠡ ᠶᠢ ᠰᠣᠨᠣᠰᠬᠤ᠂ ᠨᠠᠮ ᠢᠶᠠᠨ ᠲᠠᠭᠠᠬᠤ ᠶᠢ ᠠᠵᠢᠯᠯᠠᠭ᠎ᠠ ᠶᠢ ᠪᠦᠬᠦ ᠰᠤᠮᠤ ᠶᠢᠨ ᠺᠠᠳ᠋ᠷ ᠤᠯᠠᠨ ᠲᠦᠮᠡᠨ ᠤ | ᠤᠬᠠᠮᠰᠠᠷᠲᠤ ᠠᠵᠢᠯᠯᠠᠭ᠎ᠠ ᠪᠣᠯᠭᠠᠪᠠ᠃ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ | ᠵᠠᠰᠠᠯᠲᠠ ᠶᠢ ᠭᠦᠨᠵᠡᠭᠡᠢ ᠥᠷᠨᠢᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠴᠡᠭᠴᠡᠯᠡᠨ ᠵᠠᠰᠠᠯᠲᠠ ᠳᠤ | ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠵᠣ᠂ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ | ᠬᠦᠨᠳᠦ ᠶᠡᠭᠡ ᠣᠨᠴᠠ ᠶᠡᠭᠡ ᠠᠳᠡᠯ ᠦᠭᠡᠢ ᠪᠠᠶᠢᠬᠤ ᠶᠢ ᠪᠠᠳᠣᠯᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ᠂ ᠵᠠᠮ ᠬᠠᠷᠢᠯᠴᠠᠭ᠎ᠠ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠣᠯᠳᠠ᠂ ᠤᠢ ᠰᠢᠭᠤᠢ | ᠨᠤᠲᠤᠭ ᠪᠡᠯᠴᠢᠭᠡᠷ ᠤᠨ ᠭᠠᠯ ᠢ ᠰᠡᠷᠬᠡᠶᠢᠯᠡᠵᠣ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ | ᠲᠡᠮᠡᠴᠡᠬᠦ᠂ ᠮᠡᠬᠡᠯᠡᠨ ᠬᠢᠬᠠᠬᠤ ᠶᠢ ᠡᠰᠡᠷᠭᠦᠴᠡᠬᠦ ᠵᠡᠷᠭᠡ ᠪᠠᠶᠢᠩᠭᠤ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠪᠠ᠃ | ᠨᠢᠭᠡ ᠵᠢᠯ ᠲᠤᠷᠰᠢ᠂ ᠪᠢᠳᠡ ᠤᠯᠤᠰ ᠲᠦᠷᠦ ᠶᠢ ᠡᠷᠬᠢᠮᠯᠡᠬᠦ᠂ ᠰᠤᠷᠲᠠᠯ ᠢ ᠬᠤᠪᠢᠷᠠᠭᠤᠯᠬᠤ᠂ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ︽ᠳᠤᠯᠤᠭ᠎ᠠ ᠶᠢ ᠲᠠᠶᠠᠭᠳᠠᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ | ᠠᠰᠠᠭᠤᠳᠠᠯ ᠢ ᠬᠦᠴᠦᠯᠡᠨ ᠵᠠᠯᠠᠷᠠᠭᠤᠯᠬᠤ ᠪᠠ ᠬᠤᠷᠢᠭᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠶᠣᠰᠣᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ | ᠴᠢᠨᠠᠭᠰᠢᠳᠠ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠪᠠᠨ ᠤᠯᠠᠮ ᠴᠢᠨᠠᠭᠰᠢᠳᠠ | ᠪᠠᠳᠠᠷᠠᠭᠤᠯᠪᠠ᠃ ᠰᠤᠮᠤ ᠭᠠᠴᠠᠭ᠎ᠠ ᠬᠤᠶᠠᠷ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠦᠬᠦᠨ ᠢᠶᠠᠷ ᠢᠶᠠᠨ ︽ᠨᠠᠢᠮᠠᠨ ᠵᠦᠢᠯ ᠲᠠᠢ︾ | ᠪᠠᠶᠢᠬᠤ ᠪᠠᠷᠢᠮᠵᠢᠶ᠎ᠠ ᠳᠤ ᠬᠦᠷᠴᠦ᠂ ᠵᠦᠢᠯ ᠤᠨ ᠦᠢᠯᠡᠴᠢᠯᠡᠭᠡᠨ ᠤ ᠵᠦᠢᠯᠡᠰ ᠢ ᠴᠥᠮ ︽ᠲᠣᠰᠬᠤᠨ ᠠᠴᠠ ᠭᠠᠷᠬᠤ | ᠦᠭᠡᠢ︾ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ | ᠲᠥᠬᠦᠮ ᠲᠦᠳᠡ ᠨᠦᠬᠦᠴᠡᠯ ᠣᠯᠭᠤᠵᠣ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠢᠲᠡᠭᠡᠮᠵᠢ ᠶᠢᠨ | ᠬᠦᠴᠣᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠴᠡᠷᠢᠭ ᠠᠴᠠ ᠬᠠᠯᠠᠭᠳᠠᠭᠰᠠᠳ᠂ ᠦᠨᠳᠦᠰᠦᠲᠡᠨ ᠱᠠᠰᠢᠨ ᠰᠤᠷᠲᠠᠬᠤᠨ᠂ ᠬᠢᠨᠠᠨ ᠪᠤᠳᠤᠬᠤ ᠲᠤᠭ᠎ᠠ ᠪᠦᠷᠢᠳᠬᠡᠯ᠂ | ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ ᠠᠮᠵᠢᠯᠲᠠ ᠣᠯᠵᠤ᠂ ᠡᠮᠡᠭᠲᠡᠶᠢᠴᠦᠳ ᠬᠡᠦᠬᠡᠳ᠂ | ᠨᠠᠰᠤᠲᠠᠶᠢᠴᠤᠳ᠂ ᠵᠠᠯᠠᠭᠤᠴᠤᠳ ᠪᠠᠭᠠᠴᠤᠳ᠂ ᠵᠡᠮᠳᠡᠭᠴᠦᠳ ᠵᠡᠷᠭᠡ ᠠᠵᠢᠯ ᠦᠢᠯᠡᠰ ᠰᠢᠨ᠎ᠡ ᠲᠠᠪᠰᠢᠯᠳᠠ ᠲᠠᠢ | ᠪᠣᠯᠪᠠ᠃ | ᠲᠥᠯᠥᠭᠡᠯᠡᠭᠴᠢᠳ ᠠ᠋︕ ᠲᠡᠮᠡᠴᠡᠯ ᠴᠠᠷᠮᠠᠶᠢᠯᠭᠠ ᠬᠠᠲᠠᠭᠤ ᠪᠡᠷᠬᠡᠰᠢᠶᠡᠯ ᠲᠠᠢ ᠪᠠᠶᠢᠵᠣ᠂ ᠣᠯᠣᠭᠰᠠᠨ | ᠠᠮᠵᠢᠯᠳᠠ ᠲᠡᠶᠢᠮᠦ ᠬᠢᠯᠪᠠᠷᠬᠠᠨ ᠢᠶᠠᠷ ᠢᠷᠡᠭᠰᠡᠨ ᠪᠢᠰᠢ ᠶᠤᠮ᠃ ᠡᠳᠡᠭᠡᠷ ᠠᠮᠵᠢᠯᠲᠠ ᠨᠢ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠠᠯᠠᠭᠤᠷ ᠢ ᠠᠳᠬᠤᠨ ᠠᠶᠠᠯᠠᠯ ᠢ ᠵᠠᠮᠴᠢᠯᠠᠭᠰᠠᠨ ᠳᠤ ᠪᠠᠶᠢᠨ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠳᠡᠭᠡᠳᠦ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠣᠨ ᠰᠤᠮᠤᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ | ᠳ᠋ᠦᠩ ᠮᠥᠨ᠂ ᠡᠯ᠎ᠡ ᠲᠥᠯᠥᠭᠡᠯᠡᠭᠴᠢᠳ ᠤᠨ ᠪᠦᠲᠦᠮᠵᠢᠲᠡᠢ ᠬᠢᠨᠠᠯᠲᠠ ᠲᠠᠯᠪᠢᠵᠤ᠂ ᠶᠡᠬᠡᠪᠡᠷ ᠳᠡᠮᠵᠢᠭᠰᠡᠨ ᠤ ᠦᠷ᠎ᠡ | ᠳ᠋ᠦᠩ᠂ ᠪᠦᠬᠦ ᠰᠤᠮᠤᠨ ᠤ ᠺᠠᠳ᠋ᠷ ᠤᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠠᠰᠢᠠᠬᠠᠨ ᠰᠤᠮᠤᠨ ᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠵᠦ᠂ ᠰᠤᠮᠤᠨ ᠤ ᠥᠷᠭᠡᠨ ᠤᠯᠠᠨ ᠺᠠᠳ᠋ᠷ ᠤᠯᠠᠨ ᠲᠦᠮᠡᠨ᠂ ᠰᠤᠮᠤᠨ ᠤ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠡᠯ᠎ᠡ ᠡᠲᠡᠭᠡᠳ ᠤᠨ ᠬᠥᠮᠥᠰ ᠪᠣᠯᠣᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠣᠯᠣᠨ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠢᠳᠡ ᠪᠠᠰᠠ ᠪᠦᠬᠦ ᠰᠤᠮᠤ ᠶᠢᠨ ᠬᠥᠭᠵᠢᠯᠲᠡ ᠳᠤ ᠵᠠᠷᠢᠮ | ᠣᠮᠲᠣᠭᠠᠶᠢᠯᠠᠵᠤ ᠪᠣᠯᠣᠰᠢ ᠦᠭᠡᠢ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ | ᠣᠯᠪᠠ᠄ ᠨᠢᠭᠡ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠣᠷᠴᠢᠨ ᠲᠣᠭᠤᠷᠢᠨ ᠪᠠ ᠲᠣᠭᠳᠠᠭᠤᠨ ᠪᠤᠰᠤ | ᠬᠦᠴᠦᠨ ᠵᠦᠢᠯ ᠤᠨ ᠨᠥᠯᠥᠭᠡ ᠠᠴᠠ ᠪᠣᠯᠵᠤ᠂ ᠰᠤᠮᠤ ᠶᠢᠨ ᠭᠤᠣᠯᠯᠠᠬᠤ ᠠᠵᠤ ᠦᠢᠯᠡᠰ ᠪᠣᠯᠤᠭᠰᠠᠨ ᠮᠠᠯ ᠠᠵᠤ | ᠠᠬᠤᠢ ᠶᠢᠨ ᠦᠨ᠎ᠡ ᠬᠠᠩᠰᠢ ᠪᠠᠭᠤᠷᠠᠵᠤ᠂ ᠣᠯᠠᠨ ᠲᠦᠮᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ | ᠠᠰᠢᠭ ᠦᠭᠡᠢ ᠨᠥᠯᠥᠭᠡ ᠦᠵᠡᠭᠦᠯᠵᠦ ᠪᠠᠶᠢᠨ᠎ᠠ︔ ᠬᠤᠶᠠᠷ ᠲᠤ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ | ᠬᠥᠭᠵᠢᠯᠲᠡ ᠭᠦᠢᠴᠡᠳ ᠪᠤᠰᠤ᠂ ᠲᠠᠷᠢᠶᠠᠨ ᠭᠠᠵᠠᠷ ᠤᠨ ᠶᠠᠰᠤ ᠴᠢᠨᠠᠷ ᠳᠣᠣᠷ᠎ᠠ᠂ ᠮᠠᠯ ᠤᠨ ᠰᠠᠶᠢᠨ ᠡᠭᠦᠯᠳᠡᠷ ᠤᠨ | ᠬᠡᠮᠵᠢᠶ᠎ᠡ ᠳᠣᠣᠷ᠎ᠠ ᠪᠠᠶᠢᠵᠣ᠂ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠢ ᠨᠠᠷᠢᠯᠢᠭ ᠭᠦᠨᠵᠡᠭᠡᠢ | ᠡᠳ᠋ᠰᠢᠭᠦᠯᠦᠨ ᠬᠤᠪᠢᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ︔ ᠭᠤᠷᠪᠠ ᠳᠤ ᠠᠷᠠᠳ ᠤᠨ ᠠᠮᠢᠳᠤᠷᠠᠯ ᠤᠨ | ᠪᠠᠲᠤᠯᠠᠭ᠎ᠠ ᠳᠤ ᠪᠠᠰᠠ ᠳᠤᠲᠠᠭᠤᠳᠠᠯ ᠣᠷᠣᠰᠢᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠮᠥᠨ ᠬᠦ ᠴᠢᠩᠭᠠᠳᠬᠠᠬᠤ ᠴᠢᠬᠤᠯᠠᠲᠠᠢ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠡᠳᠡᠭᠡᠷ ᠠᠰᠠᠭᠤᠳᠠᠯ ᠢ ᠪᠢᠳᠡ ᠵᠠᠪᠠᠯ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ ᠬᠡᠷᠡᠭᠲᠡᠢ | ᠪᠠᠶᠢᠨ᠎ᠠ᠃ | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠦᠷᠳᠡᠭᠡᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ | ᠪᠦᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ | ᠤᠯᠠᠭᠠᠨᠬᠠᠳᠠ ᠬᠤᠲᠠ᠂ ᠣᠩᠨᠢᠭᠤᠳ ᠬᠤᠰᠢᠭᠤ ᠪᠣᠯᠣᠨ ᠰᠤᠮᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ | ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠮᠥᠨ | ᠭᠡᠳᠡᠭ ᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ | ᠨᠡᠭᠡᠭᠡᠵᠦ᠂ ᠳᠤᠮᠳᠠ ᠬᠦᠭᠵᠢᠯᠳᠡ ᠳᠤ ᠠᠭᠤᠰᠬᠤ︾ ᠬᠠᠷᠠᠯᠲᠠ᠂ ᠤᠯᠠᠭᠠᠨᠬᠠᠳᠠ ᠬᠤᠲᠠ ᠶᠢᠨ ︽ᠲᠡᠷᠢᠭᠦᠨ ᠳᠤ | ᠣᠷᠣᠬᠤ ᠪᠠᠷ ᠴᠢᠷᠮᠠᠶᠢᠬᠤ︾ ᠱᠠᠭᠠᠷᠳᠠᠯᠭ᠎ᠠ ᠪᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠵᠡᠭᠦᠨ | ᠬᠡᠰᠡᠭ ᠤᠨ ᠭᠠᠵᠠᠷ ᠣᠷᠣᠨ ᠢᠶᠠᠷ ᠡᠯᠡᠰᠦ ᠶᠢ ᠵᠠᠰᠠᠬᠤ᠂ ᠪᠠᠷᠠᠭᠤᠨ ᠬᠡᠰᠡᠭ ᠤᠨ ᠭᠠᠵᠠᠷ ᠣᠷᠣᠨ ᠢᠶᠠᠷ ᠬᠥᠷᠥᠰᠥ | ᠰᠢᠷᠣᠢ ᠶᠢ ᠵᠠᠰᠠᠬᠤ᠂ ᠳᠤᠮᠳᠠ ᠬᠡᠰᠡᠭ ᠤᠨ ᠭᠠᠵᠠᠷ ᠣᠷᠣᠨ ᠢᠶᠠᠷ ᠬᠦᠷᠢᠶᠡᠯᠡᠩ ᠲᠣᠭᠤᠷᠢᠭ ᠢ ᠠᠳᠬᠤᠬᠤ᠂ ᠪᠦᠬᠦ | ᠣᠷᠣᠨ ᠪᠦᠰᠡ ᠪᠠᠷ ᠢᠶᠠᠨ ᠵᠢᠭᠤᠯᠴᠢᠯᠠᠯ ᠬᠢᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ᠠᠵᠤ ᠦᠢᠯᠡᠰ ᠤᠨ | ᠬᠥᠭᠵᠢᠯᠲᠡ ᠶᠢ ᠲᠣᠪᠤᠶᠢᠯᠭᠠᠨ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠴᠢᠩᠭ᠎ᠠ ᠠᠳᠬᠤᠵᠤ᠂ | ᠥᠭᠡᠷᠡᠴᠢᠯᠡᠯᠲᠡ ᠶᠢᠨ ᠴᠢᠳᠠᠪᠬᠢ ᠪᠠᠨ ᠴᠢᠩᠭᠠᠳᠬᠠᠨ᠂ ᠠᠷᠠᠳ ᠤᠨ ᠠᠮᠢᠳᠤᠷᠠᠯ ᠢ ᠦᠨᠡᠨᠬᠦ ᠰᠠᠶᠢᠵᠢᠷᠠᠭᠤᠯᠵᠤ᠂ ᠠᠮᠤᠷ | ᠲᠦᠪᠰᠢᠨ ᠲᠣᠭᠲᠠᠭᠤᠨ ᠢ ᠪᠠᠲᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ | ᠠᠬᠢᠭᠤᠯᠵᠤ᠂ ᠠᠰᠢᠠᠬᠠᠨ ᠰᠤᠮᠤ ᠶᠢᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠦᠵᠡᠬᠦᠯᠵᠣ᠂ ᠰᠢᠨ᠎ᠡ ᠦᠷ᠎ᠡ ᠪᠦᠲᠦᠮᠵᠢ ᠭᠠᠷᠭᠠᠨ᠎ᠠ᠃ | ︵ᠨᠢᠭᠡ︶ ᠠᠵᠤ ᠦᠢᠯᠡᠰ ᠤᠨ ᠲᠠᠰ ᠲᠡᠨᠰᠢᠯᠳᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠦᠢᠯᠡᠰ ᠤᠨ ᠴᠢᠨᠠᠷ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠦᠢᠯᠡᠳᠪᠦᠷᠢᠯᠡᠯ ᠢ ᠰᠠᠶᠢᠳᠣᠷ ᠠᠳᠬᠤᠨ᠎ᠠ᠃ ᠠᠮᠤ ᠪᠤᠳᠠᠭ᠎ᠠ ᠶᠢ ᠭᠠᠵᠠᠷ ᠰᠢᠷᠣᠢ ᠳᠤ | ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ | ᠨᠠᠶᠢᠳᠠᠪᠤᠷᠢᠵᠢᠭᠤᠯᠵᠤ᠂ ᠲᠠᠯᠠᠪᠠᠶ ᠶᠢ ᠲᠣᠭᠲᠠᠪᠤᠷᠢᠵᠢᠭᠤᠯᠬᠤ᠂ ᠲᠠᠯᠠᠪᠠᠶ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ | ᠬᠤᠶᠠᠷ ᠲᠠᠯ᠎ᠠ ᠪᠠᠷ ᠬᠦᠴᠣᠯᠡᠨ᠂ ᠲᠠᠷᠢᠶᠠᠨ ᠭᠠᠵᠠᠷ ᠤᠨ ᠨᠦᠭᠡᠴᠡᠯᠡᠯ ᠢ 200 ᠮᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ 6000 ᠮᠦ ᠳᠤ ᠬᠦᠷᠭᠡᠬᠦ ᠪᠠᠷ ᠲᠥᠯᠥᠪᠵᠢᠭᠦᠯᠦᠨ ᠬᠡᠷᠡᠭᠵᠢᠭᠦᠯᠵᠦ᠂ 1000 ᠮᠦ ᠰᠢᠬᠢᠷ | ᠯᠤᠤᠪᠠᠩ ᠤᠨ ᠲᠠᠷᠢᠶᠠᠯᠭ᠎ᠠ ᠶᠢ ᠳᠡᠯᠭᠡᠷᠡᠭᠦᠯᠦᠨ᠂ ᠨᠡᠶᠢᠲᠡᠯᠢᠭ ᠵᠢᠱᠢᠶ᠎ᠡ ᠶᠢ ᠠᠳᠬᠤᠬᠤ᠂ ᠵᠢᠱᠢᠶ᠎ᠡ ᠦᠵᠡᠭᠦᠯᠬᠦ᠂ | ᠤᠬᠠᠭᠤᠯᠭ᠎ᠠ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠢ ᠳᠠᠶᠢᠴᠢᠯᠠᠨ ᠰᠢᠷᠣᠢ | ᠲᠠᠲᠠᠵᠤ ᠭᠠᠵᠠᠷ ᠰᠢᠷᠣᠢ ᠲᠡᠭᠰᠢᠯᠡᠨ ᠪᠣᠷᠳᠣᠭᠤᠷ ᠣᠷᠣᠭᠤᠯᠵᠣ᠂ ᠵᠢᠯ ᠤᠨ ᠳᠣᠲᠣᠷ᠎ᠠ 1 ᠲᠦᠮᠡᠨ ᠮᠦ ᠠᠴᠠ ᠳᠡᠭᠡᠭᠰᠢ | ᠭᠠᠵᠠᠷ ᠤᠨ ᠰᠢᠮ᠎ᠡ ᠶᠢ ᠰᠠᠶᠢᠵᠢᠷᠠᠭᠤᠯᠬᠤ ᠪᠠᠷ ᠴᠢᠷᠮᠠᠶᠢᠨ᠎ᠠ᠃ ᠦᠭᠡᠷᠠᠴᠢᠯᠠᠵᠤ ᠬᠦᠭᠵᠢᠬᠦᠯᠬᠦ ᠴᠥᠭᠦᠷᠥᠮ ᠤᠨ | ᠣᠷᠣᠨ ᠤ ᠠᠷᠠᠳ ᠢ ᠨᠡᠭᠦᠯᠭᠡᠬᠦ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠬᠡᠷᠡᠭᠵᠢᠭᠦᠯᠵᠦ᠂ ᠨᠠᠷᠢᠨ ᠭᠤᠣᠯ | ᠭᠠᠴᠠᠭ᠎ᠠ ᠶᠢᠨ 6.5 ᠺᠢᠯᠣᠮᠧᠲᠷ ᠤᠨ ᠤᠰᠤ ᠵᠠᠯᠠᠬᠤ ᠰᠤᠪᠠᠭ ᠤᠨ ᠲᠥᠷᠥᠯ ᠵᠦᠢᠯ ᠢ ᠬᠡᠷᠡᠭᠵᠢᠭᠦᠯᠦᠨ᠂ ᠲᠠᠷᠢᠶᠠᠯᠠᠬᠤ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ | ᠮᠠᠯ ᠠᠵᠤ ᠠᠬᠤᠢ ᠶᠢᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠴᠥᠭᠡᠨ ᠲᠡᠵᠢᠭᠡᠵᠦ | ᠨᠠᠷᠢᠯᠢᠭ ᠲᠡᠵᠢᠭᠡᠵᠦ ᠲᠥᠪᠯᠡᠷᠡᠭᠦᠯᠦᠨ ᠲᠡᠵᠢᠭᠡᠬᠦ ᠠᠵᠢᠯ ᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠢ ᠵᠣᠬᠢᠶᠠᠨ | ᠪᠠᠶᠢᠭᠤᠯᠤᠨ ᠭᠠᠳᠠᠭᠰᠢ ᠭᠠᠷᠴᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠲᠤᠷᠰᠢᠯᠭ᠎ᠠ ᠦᠷ᠎ᠡ ᠪᠦᠲᠦᠮᠵᠢ ᠶᠢ | ᠰᠤᠷᠤᠯᠴᠠᠭᠤᠯᠵᠤ᠂ ᠦᠵᠡᠯ ᠰᠠᠨᠠᠭ᠎ᠠ ᠶᠢ ᠨᠢ ᠬᠤᠪᠢᠷᠠᠭᠤᠯᠤᠨ᠂ ᠴᠢᠨᠠᠷ ᠮᠠᠭᠤᠲᠠᠢ ᠦᠬᠡᠷ ᠢ ᠰᠢᠭᠰᠢᠭᠳᠡᠭᠦᠯᠵᠦ᠂ ᠴᠢᠨᠠᠷ | ᠰᠠᠶᠢᠲᠠᠢ ᠰᠦ ᠮᠢᠬᠠᠨ ᠤ ᠬᠤᠣᠰ ᠬᠡᠷᠡᠭᠴᠡᠭᠡᠲᠦ ᠦᠬᠡᠷ ᠬᠤᠳᠠᠯᠳᠤᠨ ᠣᠷᠣᠭᠤᠯᠤᠨ᠎ᠠ᠃ ᠳ᠋ᠦ᠋ ᠮᠧᠩ ᠡᠭᠦᠯᠳᠡᠷ ᠤᠨ | ᠬᠤᠨᠢᠨ ᠤ ᠲᠠᠯᠠᠪᠠᠶ ᠶᠢ ᠪᠠᠶᠢᠭᠤᠯᠵᠤ᠂ 700 ᠳ᠋ᠦ᠋ ᠮᠧᠩ ᠬᠤᠨᠢᠨ ᠳᠤ ᠬᠦᠪᠦᠷᠡᠯ ᠪᠣᠶᠢᠵᠢᠭᠤᠯᠬᠤ ᠶᠢ ᠪᠡᠶᠡᠯᠡᠭᠦᠯᠵᠦ᠂ | ᠪᠠᠷᠠᠭᠤᠨ ᠡᠮᠦᠨᠡᠲᠦ ᠬᠡᠰᠡᠭ ᠤᠨ ᠭᠤᠷᠪᠠᠨ ᠭᠠᠴᠠᠭ᠎ᠠ ᠶᠢ ᠳᠠᠶᠢᠴᠢᠯᠠᠨ ᠴᠢᠨᠠᠷ ᠰᠠᠶᠢᠲᠠᠢ ᠠᠯᠠᠰᠢᠨ ᠬᠤᠨᠢ ᠶᠢ | ᠬᠥᠭᠵᠢᠭᠦᠯᠦᠨ᠎ᠡ᠃ ᠣᠲᠣ ᠶᠢᠨ ᠪᠠᠶᠢᠭ᠎ᠠ 7 ᠲᠡᠵᠢᠭᠡᠨ ᠦᠷᠡᠵᠢᠭᠦᠯᠬᠦ ᠬᠤᠷᠰᠢᠶ᠎ᠠ᠂ 62 ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ ᠶᠢᠨ ᠰᠠᠭᠤᠷᠢᠨ ᠳᠡᠭᠡᠷ᠎ᠡ᠂ ᠵᠣᠬᠢᠬᠤ ᠬᠡᠪᠴᠢᠶᠡᠲᠦ ᠡᠵᠡᠩᠨᠡᠯᠲᠡ ᠶᠢ ᠦᠷᠭᠦᠯᠵᠢᠯᠡᠨ | ᠬᠥᠭᠵᠢᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠣᠳᠣᠬᠠᠨ ᠤ ᠦᠬᠡᠷ | ᠬᠤᠨᠢᠨ ᠤ ᠦᠨ᠎ᠡ ᠬᠢᠮᠳᠠ᠂ ᠵᠠᠬ᠎ᠠ ᠳᠡᠯᠭᠡᠭᠦᠷ ᠥᠭᠡᠳᠡ ᠦᠭᠡᠢ᠂ ᠣᠯᠠᠨ ᠲᠦᠮᠡᠨ ᠤ ᠬᠤᠷᠠᠭ᠎ᠠ ᠲᠤᠭᠤᠯ | ᠬᠤᠳᠠᠯᠳᠤᠬᠤ ᠳᠤᠷ᠎ᠠ ᠦᠭᠡᠢ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠪᠡᠭᠡᠵᠢᠩ ᠤᠨ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠲᠥᠪ ᠂ ᠲᠦᠩᠵᠸᠦ ᠲᠣᠭᠤᠷᠢᠭ ᠤᠨ ᠵᠠᠩ ᠵᠢᠶᠠ ᠸᠠᠨ ᠪᠠᠯᠭᠠᠰᠤ ᠲᠠᠢ | ᠵᠣᠯᠭᠤᠯᠴᠠᠨ ᠣᠯᠠᠨ ᠲᠦᠮᠡᠨ ᠢ ᠬᠠᠪᠰᠤᠷᠤᠨ ᠦᠬᠡᠷ ᠬᠤᠨᠢᠨ ᠤ ᠮᠢᠬ᠎ᠠ ᠶᠢ ᠪᠣᠷᠣᠯᠠᠭᠤᠯᠵᠤ᠂ ᠵᠠᠬ᠎ᠠ ᠳᠡᠯᠭᠡᠭᠦᠷ ᠤᠨ | ᠥᠭᠡᠳᠡ ᠦᠭᠡᠢ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠴᠢᠷᠮᠠᠶᠢᠨ ᠠᠷᠢᠯᠭᠠᠬᠤ ᠪᠠᠷ ᠲᠥᠯᠥᠪᠯᠡᠵᠦ | ᠪᠠᠶᠢᠨ᠎ᠠ᠃ | ᠰᠦ ᠶᠢᠨ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠴᠠᠭᠠᠨ ᠢᠳᠡᠭᠡᠨ ᠢ ᠡᠳ᠋ᠰᠢᠭᠦᠯᠬᠦ 1 | ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠬᠤ ᠶᠢᠨ ᠬᠠᠮᠲᠤ ᠬᠠᠶᠢᠯᠠᠰᠤ ᠶᠢᠨ ᠴᠠᠭᠠᠨ ᠢᠳᠡᠭᠡᠨ ᠤ ᠲᠥᠪ ᠤᠨ | ᠦᠢᠯᠡᠳᠪᠦᠷᠢᠯᠡᠯ ᠡᠵᠡᠩᠨᠡᠯᠲᠡ ᠳᠤ ᠡᠷᠦᠬᠡ ᠠᠮᠠ ᠣᠷᠣᠭᠤᠯᠣᠨ ᠡᠵᠡᠩᠨᠡᠯᠳᠡ ᠬᠢᠯᠭᠡᠵᠣ᠂ 1 ᠴᠠᠭᠠᠨ ᠢᠳᠡᠭᠡᠨ ᠢ | ᠡᠳ᠋ᠰᠢᠭᠦᠯᠬᠦ ᠦᠢᠯᠡᠳᠬᠡᠯ ᠤᠨ ᠭᠠᠵᠠᠷ ᠢ ᠤᠯᠠᠭᠠᠨᠬᠠᠳᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ | ᠣᠷᠣᠭᠤᠯᠣᠨ᠎ᠠ᠃ ᠬᠤᠰᠢᠭᠤᠨ ᠤ ᠴᠠᠭᠠᠨ ᠢᠳᠡᠭᠡᠨ ᠤ ᠠᠵᠢᠯ ᠲᠥᠷᠥᠯ ᠤᠨ ᠪᠠᠷᠢᠮᠵᠢᠶ᠎ᠠ ᠲᠣᠭᠳᠠᠭᠠᠯ ᠳᠤ | ᠲᠦᠰᠢᠭᠯᠡᠨ᠂ ᠬᠤᠳᠠᠯᠳᠤᠭ᠎ᠠ ᠳᠡᠯᠭᠡᠭᠦᠷ ᠲᠤ ᠣᠷᠣᠵᠣ ᠪᠣᠯᠬᠤ ᠠᠵᠠ ᠲᠣᠬᠢᠶᠠᠯ ᠢ ᠠᠰᠢᠭᠯᠠᠨ᠂ ᠣᠯᠠᠨ ᠲᠦᠮᠡᠨ ᠢ | ᠳᠠᠶᠢᠴᠢᠯᠠᠨ ᠴᠢᠨᠠᠷ ᠰᠠᠶᠢᠲᠠᠢ ᠰᠠᠭᠠᠯᠢ ᠶᠢᠨ ᠦᠨᠢᠶ᠎ᠡ᠂ ᠰᠠᠭᠠᠯᠢ ᠶᠢᠨ ᠬᠤᠨᠢ ᠵᠡᠷᠭᠡ ᠶᠢ ᠲᠡᠵᠢᠭᠡᠨ ᠦᠷᠡᠵᠢᠭᠦᠯᠵᠦ᠂ | ᠰᠦ ᠶᠢᠨ ᠭᠠᠷᠤᠯᠲᠠ ᠶᠢ ᠨᠡᠮᠡᠭᠳᠡᠬᠦᠯᠬᠦ ᠶᠢᠨ ᠬᠠᠮᠲᠤ ᠴᠠᠭᠠᠨ ᠢᠳᠡᠭᠡᠨ ᠤ ᠲᠦᠷᠣᠯ ᠵᠦᠢᠯ ᠢ ᠥᠷᠭᠡᠳᠭᠡᠨ᠎ᠡ︔ | ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠪᠣᠯᠣᠨ ᠭᠡᠷ ᠪᠦᠯᠢ ᠶᠢᠨ ᠦᠢᠯᠡᠳᠬᠡᠯ ᠤᠨ ᠭᠠᠵᠠᠷ ᠢ ᠲᠠᠶᠢᠴᠢᠯᠠᠨ᠂ | ᠰᠢᠨ᠎ᠡ ᠲᠦᠷᠦᠯ ᠵᠦᠢᠯ ᠢ ᠨᠡᠭᠡᠭᠡᠨ ᠬᠥᠭᠵᠢᠭᠦᠯᠵᠦ᠂ ᠤᠳᠤ ᠶᠢᠨ ᠡᠳᠦᠷ ᠲᠤ 7000 ᠵᠢᠩ ᠤᠨ ᠬᠡᠮᠵᠢᠶ᠎ᠡ ᠶᠢ | ᠲᠦᠮᠡᠨ ᠵᠢᠩ ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠢ ᠬᠦᠭᠵᠢᠭᠡᠨ᠎ᠡ᠃ ᠪᠦᠬᠦ | ᠬᠤᠰᠢᠭᠤᠨ ᠤ 300 ᠺᠢᠯᠣᠮᠧᠲᠷ ᠤᠨ ᠡᠯᠡᠰᠦᠨ ᠴᠥᠯ ᠤᠨ ᠠᠮᠢ ᠠᠬᠤᠢ ᠶᠢᠨ ᠵᠢᠭᠤᠯᠴᠢᠯᠠᠯ ᠤᠨ ᠲᠣᠮᠣ ᠲᠣᠭᠤᠷᠢᠯ | ᠵᠠᠮ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠪᠠᠷ ᠠᠵᠠ | ᠲᠣᠬᠢᠶᠠᠯ ᠪᠣᠯᠭᠠᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ | ᠴᠢᠷᠮᠠᠶᠢᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠨᠠᠷᠢᠯᠢᠭ ᠣᠨᠣᠴᠠᠲᠠᠢ ᠪᠠᠷ ᠥᠷᠨᠢᠭᠦᠯᠦᠨ᠂ | ᠪᠣᠮᠠᠨ ᠤ ᠮᠥᠩᠬᠦᠨ ᠡᠯᠡᠰᠣ᠂ ᠶᠡᠭᠡ ᠨᠠᠭᠤᠷ᠂ ᠡᠷᠲᠡᠨ ᠤ ᠬᠤᠳᠳᠤᠭ᠂ ᠤᠯᠠᠭᠠᠬᠤᠳᠤ ᠬᠤᠷᠰᠢᠶ᠎ᠠ ᠶᠢᠨ | ᠳᠤᠷᠠᠰᠬᠠᠯ ᠤᠨ ᠣᠷᠳᠣᠨ ᠵᠡᠷᠭᠡ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠠᠮᠢ ᠠᠬᠤᠢ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ | ᠵᠢᠭᠤᠯᠴᠢᠯᠠᠯ ᠢ ᠢᠳᠡᠪᠬᠢᠲᠡᠢ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ | ᠠᠬᠢᠭᠤᠯᠤᠨ᠎ᠠ᠃ ᠶᠦᠩ ᠶᠠᠨ ᠰᠧ ︵ᠦᠨᠢ ᠣᠷᠳᠣᠳᠠ ᠰᠦᠮ᠎ᠡ︶ ᠰᠦᠮ᠎ᠡ ᠶᠢᠨ ᠬᠤᠶᠠᠳᠤᠭᠠᠷ ᠬᠤᠭᠤᠴᠠᠭᠠᠨ ᠤ | ᠥᠷᠭᠡᠳᠬᠡᠨ ᠪᠠᠶᠢᠭᠤᠯᠬᠤ ᠢᠨᠵᠧᠨᠧᠷᠢᠩ ᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠱᠠᠰᠢᠨ | ᠰᠤᠷᠲᠠᠬᠤᠨ ᠤ ᠰᠣᠶᠣᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠬᠡᠰᠡᠭ ᠢ ᠨᠡᠭᠡᠭᠡᠨ ᠥᠷᠭᠡᠳᠬᠡᠨ᠎ᠡ᠃ ︽ | ᠠᠰᠢᠬᠠᠨ ᠤ ᠭᠠᠵᠠᠷ ᠤᠨ ᠨᠡᠷ᠎ᠡ ᠶᠢᠨ ᠲᠡᠮᠳᠡᠭᠯᠡᠯ︾᠂ ︽ᠠᠰᠢᠬᠠᠨ ᠤ ᠲᠠᠭᠤᠣ︾ ᠢ ᠨᠡᠶᠢᠲᠡᠯᠡᠬᠦ ᠪᠠᠷ ᠠᠵᠠ ᠲᠣᠬᠢᠶᠠᠯ | ᠪᠣᠯᠭᠠᠵᠤ᠂ ᠰᠣᠶᠣᠯ ᠵᠤᠭᠠᠴᠠᠯ ᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠣᠶᠣᠯ | ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ ᠢ | ᠪᠦᠷᠢᠯᠳᠦᠭᠦᠯᠦᠨ᠎ᠡ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠢᠯᠯᠠᠵᠣ ᠠᠮᠢᠳᠣᠷᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠲᠣᠪᠣᠶᠢᠮ᠎ᠠ | ᠪᠠᠶᠢᠷᠢᠨ ᠳᠤ ᠲᠠᠯᠪᠢᠵᠤ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠠᠷᠭ᠎ᠠ ᠬᠡᠮᠵᠢᠶ᠎ᠡ ᠶᠢ ᠰᠤᠯᠠᠷᠠᠭᠤᠯᠬᠤ ᠦᠭᠡᠢ᠂ | ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠦᠲᠦᠮᠵᠢᠲᠡᠢ | ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠰ ᠪᠠ ᠠᠵᠢᠯ ᠣᠯᠭᠤᠯᠲᠠ ᠪᠠᠷ ᠬᠠᠪᠰᠤᠷᠤᠨ | ᠲᠡᠳᠬᠦᠬᠦ ᠶᠢ ᠭᠦᠨᠵᠡᠭᠡᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠤᠯᠠᠨ ᠲᠦᠮᠡᠨ ᠤ ᠣᠷᠣᠯᠭ᠎ᠠ ᠶᠢ | ᠦᠷᠭᠦᠯᠵᠢᠯᠡᠨ ᠨᠡᠮᠡᠭᠳᠡᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ | ᠱᠤᠭᠤᠮ ᠢ ᠪᠠᠲᠤ ᠰᠠᠬᠢᠨ᠎ᠠ᠃ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ︽ᠲᠠᠪᠤ ᠶᠢ ᠨᠢᠭᠡᠳᠦᠯᠲᠡᠢ | ᠪᠠᠶᠢᠯᠭᠠᠬᠤ︾ ᠶᠢᠨ ᠵᠠᠭᠪᠤᠷ ᠢ ᠦᠷᠭᠦᠯᠵᠢᠯᠡᠨ ᠳᠡᠯᠭᠡᠷᠡᠭᠦᠯᠵᠦ᠂ ᠣᠯᠠᠨ ᠲᠦᠮᠡᠨ ᠢ ᠲᠠᠶᠢᠴᠢᠯᠠᠨ 5 ᠲᠦᠮᠡᠨ | ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠪᠠᠶᠠᠨᠣᠪᠣᠭ᠎ᠠ ᠭᠠᠴᠠᠭ᠎ᠠ ᠳᠤ ᠪᠦᠭᠡᠮᠨᠡᠷᠡᠬᠦᠯᠣᠭ᠍ᠰᠡᠨ ᠡᠵᠡᠩᠨᠡᠯᠲᠡ ᠶᠢ | ᠥᠷᠨᠢᠭᠦᠯᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠠᠰ ᠢ ᠳᠡᠭᠡᠭᠰᠢᠯᠡᠭᠦᠯᠦᠨ ᠬᠡᠪᠴᠢᠶ᠎ᠡ ᠶᠢ | ᠥᠷᠭᠡᠳᠬᠡᠬᠦ ᠪᠠᠷ ᠲᠥᠯᠥᠪᠯᠡᠵᠦ ᠪᠠᠶᠢᠨ᠎ᠠ᠃ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠣᠯᠬᠤ ᠪᠠᠷ ᠢᠳᠡᠪᠬᠢᠲᠡᠢ ᠴᠢᠷᠮᠠᠶᠢᠵᠤ᠂ ︽ᠭᠤᠷᠪᠠ ᠶᠢ ᠨᠢᠭᠡ | ᠴᠣᠭᠴᠠᠵᠢᠭᠤᠯᠬᠤ︾ ᠶᠡᠷᠦᠩᠬᠡᠶᠢᠯᠡᠭᠰᠡᠨ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ | ᠪᠠ ᠰᠤᠮᠤ ᠶᠢᠨ ᠲᠠᠷᠢᠶᠠᠯᠠᠩ ᠳᠤ ᠦᠢᠯᠡᠴᠢᠯᠡᠬᠦ ᠺᠣᠮᠫᠠᠨᠢ ᠶᠢᠨ ᠪᠣᠳᠠᠲᠤ ᠴᠣᠭᠴᠠ ᠶᠢᠨ ᠠᠵᠢᠯᠯᠠᠭᠠᠨ ᠢ ᠠᠬᠢᠭᠤᠯᠤᠨ᠂ | ᠣᠯᠠᠨ ᠲᠦᠮᠡᠨ ᠤ ᠦᠢᠯᠡᠳᠪᠦᠷᠢᠯᠡᠯ ᠤᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ | ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠯᠣᠰ ᠤᠨ ᠠᠪᠣᠷᠠᠨ ᠲᠡᠳᠬᠦᠬᠦ ᠪᠡᠯᠡ ᠮᠥᠩᠭᠦ ᠶᠢ | 200 ᠲᠦᠮᠡᠨ ᠲᠥᠭᠦᠷᠢᠭ ᠭᠤᠶᠣᠴᠢᠯᠠᠨ ᠣᠯᠵᠤ᠂ ᠨᠠᠷᠢᠨ ᠭᠤᠣᠯ ᠭᠠᠴᠠᠭᠠᠨ ᠤ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠲᠥᠷᠥᠯ ᠵᠦᠢᠯ ᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠪᠡᠯᠡ ᠮᠥᠩᠭᠦ ᠶᠢ 125 ᠲᠦᠮᠡᠨ ᠲᠥᠭᠦᠷᠢᠭ ᠣᠯᠵᠤ ᠴᠠᠭᠠᠨ ᠨᠠᠭᠤᠷ ᠭᠠᠴᠠᠭ᠎ᠠ ᠶᠢᠨ ᠡᠷᠳᠡᠨᠢ | ᠰᠢᠰᠢ ᠬᠠᠲᠠᠭᠠᠬᠤ ᠰᠤᠪᠤᠷᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠂ ᠪᠡᠭᠡᠵᠢᠩ | ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ 40 ᠲᠦᠮᠡᠨ ᠲᠥᠭᠦᠷᠢᠭ ᠣᠯᠵᠤ ᠤᠯᠠᠭᠠᠬᠤᠳᠤ ᠶᠢᠨ | ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ᠡᠪᠡᠰᠦ ᠪᠣᠭᠤᠵᠢᠯᠠᠬᠤ ᠮᠠᠰᠢᠨ ᠬᠤᠳᠠᠯᠳᠤᠨ ᠠᠪᠬᠤ ᠲᠥᠷᠥᠯ ᠵᠦᠢᠯ ᠢ | ᠬᠡᠷᠡᠭᠵᠢᠭᠦᠯᠦᠨ᠂ ᠵᠢᠷᠭᠤᠭᠠᠨ ᠭᠡᠷ ᠭᠠᠴᠠᠭ᠎ᠠ ᠶᠢᠨ ᠣᠨᠳᠣᠣ ᠭᠠᠵᠠᠷ ᠲᠤ ᠠᠳᠠᠯ ᠦᠢᠯᠡᠰ ᠴᠣᠭᠴᠠᠯᠠᠬᠤ ᠲᠥᠷᠥᠯ | ᠵᠦᠢᠯ ᠢ ᠲᠥᠯᠥᠪᠵᠢᠭᠦᠯᠵᠦ᠂ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ | ᠪᠤᠵᠠᠭᠠᠶᠢᠷᠠᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠦᠷᠭᠦᠯᠵᠢᠯᠡᠨ | ᠪᠠᠲᠤᠳᠬᠠᠨ᠎ᠠ᠃ | ᠡᠶ᠎ᠡ ᠵᠣᠬᠢᠴᠠᠯᠳᠣ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠮᠢᠩᠭᠠᠨ | ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ︽ᠵᠠᠰᠠᠭ ᠤᠨ ᠣᠷᠳᠣᠨ ᠢᠶᠠᠷ | ᠭᠤᠣᠯᠯᠠᠭᠤᠯᠵᠤ᠂ ᠣᠯᠠᠨ ᠲᠦᠮᠡᠨ ᠢᠶᠠᠷ ᠭᠤᠣᠯ ᠴᠣᠭᠴᠠ ᠪᠣᠯᠭᠠᠨ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ︾ | ᠰᠡᠳᠬᠢᠴᠡ ᠶᠣᠰᠣᠭᠠᠷ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠳᠡᠭᠡᠳᠦ ᠱᠠᠲᠤᠨ ᠤ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠬᠤᠭ | ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠲᠣᠰᠬᠤᠨ ᠤ ᠱᠠᠲᠤᠨ ᠤ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ | ᠬᠤᠣᠷ ᠦᠬᠡᠶᠢᠳᠡᠬᠦᠯᠣᠨ ᠬᠤᠷᠢᠶᠠᠨ ᠴᠤᠭᠯᠠᠭᠤᠯᠬᠤ ᠴᠢᠭ᠋ 6 ᠪᠠᠶᠢᠭᠤᠯᠬᠤ ᠪᠠᠷ ᠴᠢᠷᠮᠠᠶᠢᠵᠤ᠂ ᠡᠷᠦᠬᠡ ᠶᠢᠨ | ᠵᠣᠷᠯᠣᠩ ᠢ ᠥᠭᠡᠷᠡᠴᠢᠯᠡᠨ ᠪᠠᠶᠢᠭᠤᠯᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠬᠡᠪ ᠰᠤᠷᠲᠠᠯ ᠤᠨ | ᠪᠣᠯᠪᠠᠰᠤᠨ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠨᠢᠭᠡ ᠭᠡᠷ᠎ᠡ ᠲᠦᠷᠪᠡᠨ ᠬᠤᠷᠠᠯ︾ ᠤᠨ | ᠦᠢᠯᠡᠳᠦᠯ ᠢ ᠪᠠᠳᠠᠷᠠᠭᠤᠯᠵᠤ᠂ ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠯᠠᠷᠵᠨ ᠭᠠᠷᠭᠠᠨ ᠣᠷᠣᠰᠢᠭᠤᠯᠭ᠎ᠠ ᠬᠢᠬᠦ᠂ | ᠪᠦᠷᠢᠯᠭᠡᠨ ᠰᠦᠢᠳᠬᠡᠬᠦ ᠵᠡᠷᠭᠡ ᠠᠰᠠᠭᠤᠳᠠᠯ ᠢ ᠲᠥᠪᠯᠡᠷᠡᠭᠦᠯᠦᠨ ᠵᠠᠰᠠᠵᠤ᠂ ᠵᠠᠩ ᠳᠠᠳᠬᠠᠯ ᠢ ᠥᠭᠡᠷᠡᠴᠢᠯᠡᠬᠦ ᠶᠢ | ᠦᠷᠭᠦᠯᠵᠢᠯᠡᠨ ᠠᠬᠢᠭᠤᠯᠤᠨ᠎ᠠ᠃ | ︵ᠭᠤᠷᠪᠠ︶ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠳᠤ ᠠᠩᠬᠠᠷᠤᠯ ᠢᠶᠠᠨ | ᠲᠥᠪᠯᠡᠷᠡᠭᠦᠯᠵᠦ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠠᠰᠢᠭᠯᠠᠬᠤ ᠠᠵᠢᠯ ᠢ ᠰᠠᠶᠢᠲᠤᠷ ᠬᠢᠨ᠎ᠡ᠃ | ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠴᠢᠯᠠᠵᠣ ᠡᠯᠡᠰᠦᠷᠬᠡᠭ ᠭᠠᠵᠠᠷ ᠠᠴᠠ ᠠᠮᠢ ᠠᠬᠤᠢ ᠶᠢᠨ ᠦᠷ᠎ᠡ | ᠠᠰᠢᠭ ᠣᠯᠬᠤ ᠶᠢ ᠪᠠᠷᠢᠮᠲᠠᠯᠠᠨ᠎ᠠ᠃ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠲᠠᠢ ᠪᠥᠬᠦ | ᠬᠦᠴᠦᠨ ᠢᠶᠠᠷ ᠢᠶᠠᠨ ᠬᠠᠮᠵᠢᠯᠴᠠᠨ 38 ᠺᠢᠯᠣᠮᠧᠲᠷ ᠤᠨ ᠦᠷᠡᠯ︖ ᠵᠠᠮ ᠤᠨ ᠡᠯᠡᠰᠦ ᠨᠡᠪᠲᠡᠯᠬᠦ ᠵᠠᠮ ᠤᠨ ᠪᠦᠲᠦᠭᠡᠨ | ᠪᠠᠶᠢᠭᠤᠯᠤᠯᠲᠠ ᠵᠢᠴᠢ ᠬᠤᠶᠠᠷ ᠬᠠᠵᠠᠭᠤ ᠶᠢᠨ 2.25 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ | ᠪᠡᠶᠡᠯᠡᠭᠦᠯᠦᠨ᠎ᠡ᠃ ᠮᠠᠯᠵᠢᠬᠤ ᠡᠷᠦᠬᠡ ᠶᠢᠨ ᠣᠷᠣᠨ ᠰᠠᠭᠤᠴᠠ ᠶᠢᠨ ᠠᠷᠤ ᠥᠪᠥᠷ ᠤᠨ ᠡᠯᠡᠰᠦ ᠶᠢ ᠰᠡᠷᠭᠡᠶᠢᠯᠡᠬᠦ | ᠲᠥᠷᠥᠯ ᠵᠦᠢᠯ ᠢ 3000 ᠮᠦ᠂ ᠮᠠᠭᠤᠳᠠᠭᠰᠠᠨ ᠣᠶ ᠶᠢ ᠥᠭᠡᠷᠡᠴᠢᠯᠡᠬᠦ ᠲᠥᠷᠥᠯ ᠵᠦᠢᠯ ᠢ 4100 ᠮᠦ᠂ ᠪᠣᠳᠠ | ᠰᠥᠭᠡᠭ ᠲᠠᠷᠢᠵᠣ ᠰᠠᠭᠤᠯᠭᠠᠬᠤ ᠲᠥᠷᠥᠯ ᠵᠦᠢᠯ ᠢ 6 ᠲᠦᠮᠡᠨ ᠮᠦ ᠬᠡᠷᠡᠭᠵᠢᠭᠦᠯᠦᠨ᠎ᠡ᠃ ᠨᠠᠷᠢᠨ ᠭᠤᠣᠯ ᠠᠴᠠ ᠠᠬᠤ︖ | ᠬᠦᠷᠬᠦ 10 ᠺᠢᠯᠣᠮᠧᠲᠷ ᠤᠨ ᠱᠦᠢᠨᠢ ᠵᠠᠮ᠂ 25 ᠺᠢᠯᠣᠮᠧᠲᠷ ᠤᠨ ᠦᠷᠡᠯ︖ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ 22 ᠺᠢᠯᠣᠮᠧᠲᠷ ᠤᠨ ᠲᠦᠮᠡᠨ︖ ᠵᠠᠮ ᠤᠨ | ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ︽ᠵᠠᠮ ᠢᠶᠠᠷ ᠡᠯᠡᠰᠦ ᠶᠢ ᠵᠠᠰᠠᠬᠤ︾ ᠠᠵᠢᠯ ᠢ ᠲᠠᠬᠢᠨ 40 | ᠲᠦᠮᠡᠨ ᠮᠤ᠋ ᠪᠡᠶᠡᠯᠡᠭᠦᠯᠬᠦ ᠪᠠᠷ ᠴᠢᠷᠮᠠᠶᠢᠨ᠎ᠠ᠃ ᠪᠥᠬᠦ ᠠᠷᠠᠳ ᠢᠶᠠᠷ ᠢᠶᠠᠨ ᠡᠯᠡᠰᠦ ᠶᠢ ᠵᠠᠰᠠᠬᠤ ᠠᠵᠢᠯᠯᠠᠭ᠎ᠠ ᠶᠢ | ᠰᠦᠪᠡᠭᠴᠢᠯᠡᠨ ᠥᠷᠨᠢᠭᠦᠯᠵᠦ᠂ ᠡᠯᠡᠰᠦ ᠶᠢ ᠵᠠᠰᠠᠬᠤ ᠲᠥᠷᠥᠯ ᠵᠦᠢᠯ ᠤᠨ ᠲᠣᠭᠤᠷᠢᠭ ᠤᠨ ᠬᠠᠮᠢᠶᠠᠷᠤᠯᠲᠠ | ᠬᠠᠮᠠᠭᠠᠯᠠᠯᠲᠠ ᠶᠢ ᠵᠡᠷᠭᠡ ᠪᠠᠷ ᠴᠢᠩᠭᠠᠳᠬᠠᠨ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠬᠦᠨ ᠮᠠᠯᠵᠢᠬᠤ ᠠᠵᠢᠯ ᠤᠨ | ᠡᠷᠴᠢᠮ ᠢ ᠴᠢᠩᠭᠠᠷᠠᠭᠤᠯᠵᠤ᠂ ᠬᠢᠯᠪᠠᠷ ᠪᠤᠰᠤ ᠪᠠᠷ ᠣᠯᠣᠭᠰᠠᠨ ᠡᠯᠡᠰᠦ ᠶᠢ ᠰᠡᠷᠬᠡᠶᠢᠯᠡᠨ ᠵᠠᠰᠠᠭᠰᠠᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠪᠥᠬᠦ ᠬᠤᠰᠢᠭᠤᠨ ᠤ ᠡᠯᠡᠰᠦ ᠶᠢ ᠰᠡᠷᠭᠡᠶᠢᠯᠡᠵᠦ ᠵᠠᠰᠠᠬᠤ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠲᠣᠭᠤᠷᠢᠭ ᠤᠨ ᠪᠠᠶᠢᠭᠤᠯᠣᠯᠳᠠ ᠳᠤ ᠬᠦᠴᠦᠨ ᠴᠢᠳᠠᠯ ᠢᠶᠠᠨ ᠡᠷᠭᠦᠨ᠎ᠡ᠃ | ᠨᠣᠭᠤᠭᠠᠷᠠᠭᠤᠯᠵᠣ ᠪᠠᠶᠠᠵᠢᠭᠤᠯᠬᠤ ᠶᠢ ᠬᠠᠮᠲᠤ ᠳᠤᠨᠢ ᠠᠳᠬᠤᠵᠣ ᠡᠯᠡᠰᠦᠷᠬᠡᠭ ᠭᠠᠵᠠᠷ ᠠᠴᠠ ᠠᠵᠤ | ᠠᠬᠤᠢ ᠶᠢᠨ ᠦᠷ᠎ᠡ ᠠᠰᠢᠭ ᠣᠯᠬᠤ ᠶᠢ ᠠᠬᠢᠭᠤᠯᠤᠨ᠎ᠠ᠃ ︽ᠨᠣᠭᠤᠭᠠᠷᠠᠭᠤᠯᠬᠤ᠂ ᠠᠸ᠋ᠷᠭᠡᠭᠵᠢᠬᠦᠯᠬᠦ᠂ ᠬᠦᠭᠵᠢᠬᠦᠯᠬᠦ︾ | ᠰᠡᠳᠬᠢᠮᠵᠢ ᠶᠣᠰᠣᠭᠠᠷ᠂ ᠠᠮᠢ ᠠᠬᠤᠢ ᠶᠢᠨ ᠥᠷᠲᠡᠭ ᠢ ᠬᠤᠪᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠡᠯᠡᠰᠦ ᠶᠢ | ᠰᠡᠷᠭᠡᠶᠢᠯᠡᠨ ᠵᠠᠰᠠᠬᠤ ᠬᠢᠭᠡᠳ ᠰᠢᠨ᠎ᠡ ᠡᠨᠧᠷᠭᠢ᠂ ᠲᠡᠵᠢᠭᠡᠯ ᠡᠪᠡᠰᠦ ᠳᠠᠷᠢᠬᠤ᠂ ᠣᠨᠴᠠᠯᠢᠭᠲᠤ ᠲᠡᠵᠢᠭᠡᠨ ᠦᠷᠡᠵᠢᠭᠦᠯᠬᠦ | ᠂ ᠠᠮᠢ ᠠᠬᠤᠢ ᠶᠢᠨ ᠵᠢᠭᠤᠯᠴᠢᠯᠠᠯ ᠵᠡᠷᠭᠡ ᠠᠵᠤ ᠦᠢᠯᠡᠰ ᠤᠨ ᠠᠪᠴᠠᠯᠳᠤᠨ ᠬᠥᠭᠵᠢᠬᠦ ᠶᠢ ᠲᠦᠯᠬᠢᠨ ᠠᠬᠢᠭᠤᠯᠵᠤ᠂ | ᠠᠮᠢ ᠠᠬᠤᠢ ᠶᠢᠨ ᠠᠵᠤ ᠦᠶᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠯᠲᠠ ᠶᠢ ᠴᠢᠷᠮᠠᠶᠢᠨ ᠪᠡᠶᠡᠯᠡᠭᠦᠯᠦᠨ᠎ᠡ᠃ | ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠶᠢ ᠶᠡᠬᠡᠪᠡᠷ ᠠᠬᠢᠭᠤᠯᠬᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ | ᠡᠨᠧᠷᠭᠢ ᠶᠢᠨ ᠰᠠᠭᠤᠷᠢᠨ ᠭᠠᠵᠠᠷ ︵ᠨᠢᠭᠡᠳᠦᠭᠡᠷ ᠬᠤᠭᠤᠴᠠᠭ᠎ᠠ︶ ᠤᠨ ᠲᠥᠷᠥᠯ ᠵᠦᠢᠯ ᠤᠨ ᠭᠠᠵᠠᠷ ᠰᠢᠷᠣᠢ | ᠲᠠᠲᠠᠪᠤᠷᠢᠯᠠᠬᠤ ᠠᠵᠢᠯ ᠢ ᠲᠦᠷᠭᠡᠳᠬᠡᠨ ᠪᠡᠶᠡᠯᠡᠭᠦᠯᠵᠦ᠂ ᠥᠪᠣᠷ ᠮᠣᠩᠭᠤᠯ ᠭᠠᠵᠠᠷ ᠤᠨ ᠠᠭᠤᠷᠬᠠᠢ ᠶᠢᠨ ᠦᠢᠯᠡᠰ ᠲᠠᠢ | ᠬᠠᠮᠵᠢᠯᠴᠠᠨ ᠡᠯᠡᠰᠦᠨ ᠠᠭᠤᠷᠬᠠᠢ ᠶᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠠᠬᠢᠭᠤᠯᠤᠨ᠎ᠠ᠃ ᠡᠯᠡᠰᠦᠨ ᠤ | ᠤᠷᠭᠤᠮᠠᠯ ᠢ ᠡᠳ᠋ᠰᠢᠭᠦᠯᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠥᠯᠥᠪᠵᠢᠭᠦᠯᠵᠦ᠂ | ᠪᠣᠳᠠᠯᠢᠭ ᠮᠣᠳᠣ ᠶᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠪᠠ ᠬᠠᠲᠠᠭᠤ ᠪᠡᠶᠡᠲᠦ ᠶᠢ ᠨᠢ ᠲᠦᠯᠡᠰᠢ ᠪᠣᠯᠭᠠᠬᠤ | ᠦᠢᠯᠡᠳᠪᠦᠷᠢᠯᠡᠯ ᠢ ᠠᠬᠢᠭᠤᠯᠤᠨ᠎ᠠ᠃ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ᠂ ᠬᠠᠷᠢᠶᠠᠲᠤ ᠣᠷᠣᠨ ᠤ ᠳᠣᠲᠣᠷᠠᠬᠢ ᠡᠯᠡᠰᠦᠷᠬᠡᠭ ᠭᠠᠵᠠᠷ ᠢ | ᠵᠠᠰᠠᠬᠤ᠂ ᠡᠪᠡᠰᠦᠨ ᠤ ᠦᠢᠯᠡᠰ ᠢ ᠬᠥᠭᠵᠢᠭᠦᠯᠬᠦ ᠵᠡᠷᠭᠡ ᠲᠤᠰᠬᠠᠢ ᠲᠥᠯᠦᠪᠵᠢᠭᠦᠯᠭᠡ ᠶᠢ ᠰᠠᠶᠢᠲᠤᠷ ᠬᠢᠵᠦ᠂ ᠭᠠᠵᠠᠷ | ᠰᠢᠷᠣᠢ ᠶᠢᠨ ᠬᠡᠰᠡᠭ ᠪᠤᠰᠠᠭ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠥᠩ ᠬᠠᠨ ᠬᠤᠨᠢᠨ ᠡᠪᠡᠰᠦ᠂ | ᠮᠠᠯ ᠲᠠᠷᠢᠶ᠎ᠠ ᠡᠪᠡᠰᠣ ᠪᠡᠯᠴᠢᠭᠡᠷ ᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠬᠤ ᠳᠤ | ᠨᠥᠬᠦᠴᠡᠯ ᠪᠦᠷᠢᠯᠳᠦᠭᠦᠯᠵᠦ ᠥᠭᠭᠦᠨ᠎ᠡ᠃ ᠡᠯᠡᠰᠦᠷᠬᠡᠭ ᠭᠠᠵᠠᠷ ᠢ ᠵᠠᠰᠠᠬᠤ ᠳᠤ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ᠂ ᠬᠦᠴᠦ ᠬᠥᠳᠡᠯᠮᠦᠷᠢ ᠣᠷᠣᠭᠤᠯᠬᠤ ᠵᠡᠷᠭᠡ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ ︽ | ᠡᠯᠡᠰᠦᠷᠬᠡᠭ ᠭᠠᠵᠠᠷ ᠲᠤ ᠬᠤᠪᠢ ᠣᠷᠣᠭᠤᠯᠬᠤ︾ ᠰᠢᠨ᠎ᠡ ᠡᠨᠧᠷᠭᠢ ᠶᠢᠨ ᠵᠠᠭᠪᠤᠷ ᠢ ᠢᠳᠡᠪᠬᠢᠲᠡᠢ ᠲᠡᠮᠡᠴᠡᠨ ᠣᠯᠵᠤ᠂ | ᠣᠯᠠᠨ ᠲᠦᠮᠡᠨ ᠳᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠰᠢᠭ ᠲᠤᠰᠠ ᠶᠢ ᠨᠠᠩ ᠣᠯᠠᠨ ᠡᠳ᠋ᠯᠡᠭᠦᠯᠵᠦ | ᠂ ᠠᠮᠢ ᠠᠬᠤᠢ ᠰᠠᠶᠢᠨ᠂ ᠠᠵᠤ ᠦᠢᠯᠡᠰ ᠬᠥᠭᠵᠢᠭᠰᠡᠨ᠂ ᠠᠷᠠᠳ ᠢᠷᠭᠡᠳ ᠪᠠᠶᠠᠵᠢᠭᠰᠠᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠣᠶ ᠪᠣᠯᠭᠠᠨ᠎ᠠ᠃ | ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ ᠡᠯᠡᠰᠦᠷᠬᠡᠭ ᠭᠠᠵᠠᠷ ᠠᠴᠠ ᠨᠡᠶᠢᠭᠡᠮ ᠤᠨ | ᠦᠷ᠎ᠡ ᠠᠰᠢᠭ ᠢ ᠣᠯᠣᠨ᠎ᠠ᠃ 270 ᠲᠦᠮᠡᠨ ᠲᠥᠭᠦᠷᠢᠭ ᠤᠨ ᠪᠡᠯᠡ ᠮᠥᠩᠭᠦ ᠣᠯᠬᠤ ᠪᠠᠷ ᠢᠳᠡᠪᠬᠢᠲᠡᠢ ᠴᠢᠷᠮᠠᠶᠢᠵᠤ᠂ | ᠤᠯᠠᠭᠠᠬᠤᠳᠤ ᠶᠢᠨ ᠬᠤᠷᠰᠢᠶ᠎ᠠ ᠶᠢᠨ ᠳᠤᠷᠠᠰᠬᠠᠯ ᠤᠨ ᠣᠷᠳᠣᠨ ᠤ ᠠᠷᠤ ᠬᠦᠷᠢᠶᠡᠨ ᠳᠤ ᠬᠤᠷᠴᠢᠨ ᠤ ᠡᠯᠡᠰᠦᠷᠬᠡᠭ | ᠭᠠᠵᠠᠷ ᠤᠨ ᠰᠥᠨᠥᠭᠡᠬᠦ ᠪᠠᠶᠢᠯᠳᠤᠭᠠᠨ ᠤ ᠦᠵᠡᠭᠦᠯᠦᠯᠭᠡ ᠶᠢᠨ ᠣᠷᠳᠣᠨ ᠪᠠᠶᠢᠭᠤᠯᠬᠤ ᠶᠢ ᠲᠥᠯᠥᠪᠯᠡᠵᠦ᠂ | ᠤᠯᠠᠭᠠᠬᠤᠳᠤ ᠶᠢᠨ ᠭᠠᠴᠠᠭ᠎ᠠ ᠳᠤ ᠬᠤᠷᠴᠢᠨ ᠤ ᠡᠯᠡᠰᠦᠷᠬᠡᠭ ᠭᠠᠵᠠᠷ ᠤᠨ ᠲᠤᠷᠤᠭ ᠮᠣᠳᠣ᠂ ᠪᠣᠳᠠᠯᠢᠭ ᠮᠣᠳᠣᠨ ᠤ | ᠦᠯᠢᠭᠡᠷ ᠬᠡᠪ ᠤᠨ 2 ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠭᠤᠷᠢᠨ ᠭᠠᠵᠠᠷ ᠪᠠ 1 ᠡᠯᠡᠰᠦᠨ ᠤ | ᠤᠷᠭᠤᠮᠠᠯ ᠤᠨ ᠬᠡᠪ ᠵᠠᠭᠪᠤᠷ ᠤᠨ ᠦᠵᠡᠭᠦᠯᠦᠯᠭᠡ ᠶᠢᠨ ᠣᠷᠳᠣᠨ ᠢ ᠪᠠᠶᠢᠭᠤᠯᠵᠤ᠂ ᠠᠮᠢ ᠠᠬᠤᠢ ᠶᠢᠨ ᠪᠣᠯᠪᠠᠰᠤᠨ ᠤ | ᠣᠨᠣᠯᠵᠢᠬᠤᠨ ᠢ ᠦᠢᠯᠡᠳᠦᠯᠭᠡᠵᠢᠭᠦᠯᠬᠦ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠪᠠᠳᠠᠷᠠᠭᠤᠯᠬᠤ ᠺᠠᠳ᠋ᠷ | ᠣᠯᠠᠨ ᠲᠦᠮᠡᠨ ᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠭᠠᠨ᠎ᠠ᠃ | ︵ᠳᠥᠷᠪᠡ︶ ᠠᠷᠠᠳ ᠤᠨ ᠠᠮᠢᠳᠤᠷᠠᠯ ᠢ ᠬᠦᠭᠵᠢᠬᠦᠯᠵᠣ ᠰᠠᠶᠢᠵᠢᠷᠠᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠲᠦᠮᠡᠨ ᠤ ᠠᠵᠠ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠣᠯᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠤᠨ ᠪᠠᠭᠠᠵᠢ ᠬᠡᠷᠡᠭᠰᠡᠯ ᠢ ᠪᠦᠷᠢᠨᠰᠢᠬᠦᠯᠵᠣ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ | ᠰᠢᠢᠳᠪᠦᠷᠢᠯᠡᠵᠦ᠂ ᠪᠥᠬᠦ ᠵᠢᠯ ᠳᠤ ᠬᠡᠷᠡᠭᠯᠡᠵᠦ ᠪᠣᠯᠬᠤ᠂ ᠪᠥᠬᠦ ᠠᠷᠠᠳ ᠢᠶᠠᠷ ᠢᠶᠠᠨ ᠬᠡᠷᠡᠭᠯᠡᠵᠦ ᠪᠣᠯᠬᠤ ᠶᠢ ᠦᠨᠡᠨᠬᠦ | ᠪᠠᠲᠤᠯᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠰᠲᠠᠢ ᠪᠠᠷ ᠲᠣᠬᠢᠷᠠᠭᠤᠯᠣᠨ᠎ᠠ᠃ | 104 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠤᠯᠠᠭᠠᠬᠤᠳᠤ ᠭᠠᠴᠠᠭ᠎ᠠ᠂ ᠪᠠᠶ᠋ᠬᠠᠤᠪᠤᠭ᠎ᠠ ᠭᠠᠴᠠᠭ᠎ᠠ ᠶᠢᠨ | ᠵᠠᠮ ᠤᠨ ᠳ᠋ᠧᠩ ᠤᠭᠰᠠᠷᠠᠬᠤ ᠢᠨᠵᠧᠨᠧᠷᠢᠩ ᠢ ᠬᠡᠷᠡᠭᠵᠢᠭᠦᠯᠦᠨ᠎ᠡ᠃ 50 ᠲᠦᠮᠡᠨ ᠲᠥᠭᠦᠷᠢᠭ ᠤᠨ ᠪᠡᠯᠡ ᠣᠷᠣᠭᠤᠯᠵᠤ | ᠂ ᠤᠰᠤ ᠤᠮᠳᠠ ᠶᠢᠨ ᠠᠮᠤᠷ ᠲᠦᠪᠰᠢᠨ ᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠤᠰᠤ ᠤᠮᠳᠠ ᠶᠢᠨ | ᠠᠮᠤᠷ ᠲᠦᠪᠰᠢᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ᠎ᠡ᠃ | ᠤᠯᠠᠨ ᠨᠡᠶᠢᠲᠡ ᠶᠢᠨ ᠦᠨᠳᠦᠰᠦᠨ ᠪᠠᠳᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ | ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠠᠰᠤᠵᠢᠯ ᠤᠨ ᠦᠨᠳᠦᠰᠦᠨ | ᠳᠠᠭᠠᠳᠬᠠᠯ ᠤᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ᠂ ᠪᠦᠬᠦ ᠠᠷᠠᠳ ᠢᠶᠠᠷ ᠢᠶᠠᠨ ᠡᠮ ᠡᠮᠨᠡᠯᠭᠡ ᠶᠢᠨ | ᠦᠨᠳᠦᠰᠦᠨ ᠳᠠᠭᠠᠳᠬᠠᠯ ᠳᠤ ᠣᠷᠣᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠨᠠᠰᠤᠵᠢᠯ ᠤᠨ | ᠦᠢᠯᠡᠴᠢᠯᠡᠭᠡᠨ ᠤ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠰᠤᠮᠤ ᠶᠢᠨ ᠨᠠᠰᠤᠵᠢᠯ ᠤᠨ ᠦᠢᠯᠡᠴᠢᠯᠡᠭᠡᠨ ᠤ | ᠲᠥᠪ ᠲᠤ ᠣᠷᠣᠵᠤ ᠰᠠᠭᠤᠬᠤ ᠶᠢ ᠠᠬᠢᠭᠤᠯᠤᠨ᠂ ︽ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ︾᠂ ︽ | ᠡᠷᠡᠭᠦᠯᠵᠢᠯ ᠪᠠ ᠰᠤᠪᠢᠯᠠᠬᠤ ᠶᠢ ᠤᠶᠠᠯᠳᠤᠭᠤᠯᠬᠤ︾ ᠶᠢ ᠪᠡᠶᠡᠯᠡᠭᠦᠯᠬᠦ ᠶᠢ ᠠᠬᠢᠭᠤᠯᠤᠨ᠎ᠠ᠃ ︽ᠬᠡᠦᠬᠡᠳ ᠤᠨ ᠪᠠᠶᠠᠷ︾ | ︽ᠪᠠᠭᠰᠢ ᠶᠢᠨ ᠪᠠᠶᠠᠷ︾ ᠢᠶᠠᠷ ᠠᠵᠠ ᠲᠣᠬᠢᠶᠠᠯ ᠪᠣᠯᠭᠠᠵᠤ᠂ ᠠᠰᠢᠠᠬᠠᠨ ᠪᠠᠭ᠎ᠠ ᠰᠤᠷᠭᠠᠭᠤᠯᠢ ᠶᠢᠨ ᠰᠢᠯᠢᠳᠡᠭ | ᠰᠣᠷᠣᠭᠴᠢ᠂ ᠰᠢᠯᠢᠳᠡᠭ ᠪᠠᠭᠰᠢ ᠶᠢ ᠰᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠭᠰᠢ ᠶᠢ ᠬᠦᠨᠳᠦᠯᠡᠵᠦ | ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠨ᠎ᠠ᠃ | ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠯᠤᠭ᠎ᠠ ᠨᠡᠪᠲᠡᠷᠡᠯᠴᠡᠨ ᠵᠣᠯᠭᠤᠯᠴᠠᠭᠠ ᠪᠠᠨ ᠴᠢᠩᠭᠠᠳᠬᠠᠵᠤ᠂ | ︽ᠣᠨᠴᠠᠯᠢᠭᠲᠤ ᠡᠯᠡᠰᠦᠨ ᠵᠠᠰᠠᠯ︾ ᠤᠨ ᠲᠤᠬᠠᠶᠢᠯᠠᠭᠰᠠᠨ ᠠᠵᠢᠯ ᠨᠡᠭᠡᠭᠡᠬᠦ ᠪᠠᠷ ᠴᠢᠷᠮᠠᠶᠢᠨ᠎ᠠ᠃ ᠪᠣᠯᠪᠠᠰᠤᠨ | ᠣᠷᠣᠰᠢᠭᠤᠯᠭ᠎ᠠ ᠶᠢᠨ ᠠᠵᠢᠯ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ᠂ ᠡᠮᠡᠭᠲᠡᠶᠢᠴᠦᠳ ᠬᠡᠦᠬᠡᠳ ᠵᠡᠷᠭᠡ | ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ | ᠲᠤᠰᠠ ᠶᠢ ᠪᠠᠲᠤᠯᠠᠨ᠎ᠠ᠃ | ︵ᠲᠠᠪᠤ︶ ᠠᠮᠤᠷ ᠲᠦᠪᠰᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ | ᠲᠣᠭᠲᠠᠭᠤᠨ ᠤ ᠬᠤᠷᠢᠭ᠎ᠠ ᠱᠤᠭᠤᠮ ᠢ ᠴᠢᠩᠭ᠎ᠠ ᠰᠠᠬᠢᠨ ᠬᠠᠮᠠᠭᠠᠯᠠᠨ᠎ᠠ᠃ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ᠃ ᠬᠥᠭᠵᠢᠯᠲᠡ ᠪᠣᠯᠣᠨ | ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠤᠣᠯᠳᠠᠯᠭ᠎ᠠ ᠲᠠᠢ ᠠᠵᠢᠯ | ᠲᠦᠷᠦᠯ ᠪᠣᠯᠣᠨ ᠵᠠᠩᠭᠢᠯᠠᠭ᠎ᠠ ᠶᠢᠨ ᠣᠷᠣᠨ ᠪᠦᠰᠡ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠬᠡᠮ ᠰᠣᠭᠤᠭ ᠢ | ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠰᠢᠰᠲ᠋ᠥᠮ ᠢ ᠪᠦᠷᠢᠨᠰᠢᠭᠦᠯᠵᠦ ᠳᠡᠭᠡᠭᠰᠢᠯᠡᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ | ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠨ ᠵᠢᠷᠤᠮᠵᠢᠭᠤᠯᠵᠤ᠂ | ᠤᠴᠢᠷ ᠶᠠᠪᠤᠳᠠᠯ ᠢ ᠰᠡᠳᠬᠢᠯ ᠨᠢᠭᠡᠲᠡᠢ ᠰᠢᠢᠳᠪᠦᠷᠢᠯᠡᠬᠦ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ | ᠴᠢᠷᠮᠠᠶᠢᠨ ᠪᠡᠶᠡᠯᠡᠭᠦᠯᠦᠨ᠎ᠡ᠃ ᠬᠤᠲᠠ ᠶᠢᠨ ᠬᠡᠪᠴᠢᠶᠡᠨ ᠳᠠᠬᠢ ᠨᠡᠶᠢᠭᠡᠮᠴᠢᠯᠡᠭᠰᠡᠨ ᠵᠠᠰᠠᠯᠲᠠ ᠶᠢᠨ ᠠᠵᠢᠯ ᠤᠨ ᠦᠷ᠎ᠡ | ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠵᠢᠯ ᠢ | ᠪᠥᠬᠦ ᠲᠠᠯ᠎ᠠ ᠪᠠᠷ ᠴᠢᠩᠭᠠᠳᠬᠠᠨ᠂ ᠲᠣᠮᠢᠯᠠᠭᠰᠠᠨ ᠰᠠᠯᠪᠤᠷᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ | ᠦᠨᠳᠦᠰᠦᠨ ᠱᠠᠲᠤᠨ ᠤ ᠲᠣᠣᠷᠵᠢᠯᠳᠠ ᠶᠢᠨ ᠠᠵᠢᠯᠲᠠᠨ᠂ ᠨᠠᠮ ᠤᠨ ᠭᠡᠰᠢᠭᠦᠨ ᠺᠠᠳ᠋ᠷ ᠵᠡᠷᠭᠡ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠠᠷᠢᠯᠭᠠᠬᠤ ᠡᠷᠴᠢᠮ ᠢ ᠴᠢᠩᠭᠠᠷᠠᠭᠤᠯᠤᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠡᠶ᠎ᠡ ᠵᠣᠬᠢᠴᠠᠯ ᠲᠠᠢ ᠨᠡᠶᠢᠭᠡᠮ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠦᠨᠳᠦᠰᠦᠲᠡᠨ ᠤ ᠪᠦᠯᠬᠦᠮᠳᠡᠯ ᠢ ᠪᠠᠬᠢᠵᠢᠬᠦᠯᠣᠨᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ | ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠰᠠᠶᠢᠲᠤᠷ ᠲᠠᠶᠢᠯᠪᠤᠷᠢᠯᠠᠨ | ᠲᠣᠳᠣᠷᠬᠠᠶᠢᠯᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡᠨ ᠬᠠᠮᠲᠤ ᠪᠠᠷ︾ ︽ᠳᠥᠷᠪᠡᠨ | ᠬᠠᠮᠳᠣᠷᠬᠦᠢ︾ ︽ᠲᠠᠪᠤᠨ ᠬᠠᠮᠲᠤ ᠶᠢᠨ ᠮᠡᠳᠡᠷᠡᠮᠵᠢ︾ ︽ᠲᠠᠪᠤᠨ ᠦᠵᠡᠯᠲᠡ︾ ︽ᠲᠤᠯᠤᠭᠠᠨ ᠵᠢᠱᠢᠶᠡᠴᠢ ᠪᠣᠯᠬᠤ︾ | ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ | ᠰᠡᠳᠬᠢᠯ ᠳᠤ ᠭᠦᠨ ᠦᠨᠳᠦᠰᠦᠯᠡᠭᠦᠯᠬᠦ ᠶᠢ ᠲᠦᠯᠬᠢᠨ ᠠᠬᠢᠭᠤᠯᠣᠨ᠎ᠠ᠃ | ︵ᠵᠢᠷᠭᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠣᠨ᠎ᠠ | ᠬᠥᠭᠵᠢᠯᠲᠡ ᠶᠢᠨ ᠬᠦᠨᠳᠦ ᠡᠭᠦᠷᠭᠡ᠂ ᠠᠷᠠᠳ ᠲᠦᠮᠡᠨ ᠤ ᠬᠦᠰᠡᠯ ᠡᠷᠡᠮᠡᠯᠵᠡᠯ ᠨᠢ ᠵᠠᠰᠠᠭ ᠤᠨ ᠣᠷᠳᠣᠨ ᠤ | ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠶᠢ ᠳᠤᠷᠠᠳᠤᠭᠰᠠᠨ ᠪᠠᠶᠢᠨ᠎ᠠ᠃ ᠪᠢᠳᠡ ᠡᠭᠦᠷᠭᠡ ᠬᠠᠷᠢᠭᠤᠴᠠᠯᠭ᠎ᠠ ᠪᠠᠨ | ᠴᠠᠭ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠤ ᠢᠲᠡᠭᠡᠯ ᠢ ᠬᠤᠪᠢ ᠲᠠᠬᠢᠨ ᠨᠠᠨᠳᠢᠩᠨᠠᠵᠤ᠂ ᠡᠭᠦᠷᠭᠡ | ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ | ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠡᠷᠡᠰ ᠪᠠᠷᠢᠮᠳᠠᠯᠠᠨ᠎ᠠ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠣᠨ᠎ᠡ᠃ ᠲᠤᠭ ᠲᠡᠮᠳᠡᠭ | ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠪᠥᠬᠦ ᠶᠠᠪᠤᠴᠠ ᠳᠤ ᠲᠤᠤᠱᠯᠠᠭᠤᠯᠤᠨ᠂ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠳᠡᠭᠡᠳᠦ ᠱᠠᠲᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠰᠤᠮᠤ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠣᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠡᠷᠡᠰ ᠪᠠᠷᠢᠮᠳᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ | ᠵᠠᠮ ᠳᠤ ᠪᠦᠬᠦ ᠲᠠᠯ᠎ᠠ ᠪᠠᠷ ᠣᠷᠣᠭᠤᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ | ᠠᠵᠢᠯ ᠢ ᠭᠦᠨᠵᠡᠭᠡᠢ ᠥᠷᠨᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠤᠨ | ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠡᠷᠴᠢᠮ ᠢ ᠴᠢᠩᠭᠠᠷᠠᠭᠤᠯᠵᠤ᠂ ᠡᠷᠬᠡ ᠶᠢ ᠢᠯᠡ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ | ᠦᠨᠡᠨ ᠬᠦ ᠠᠳᠬᠤᠵᠤ ᠪᠣᠳᠠᠲᠠᠢ ᠪᠠᠷ ᠬᠢᠬᠦ ᠶᠢ ᠡᠷᠡᠰ ᠪᠠᠷᠢᠮᠳᠠᠯᠠᠨ᠎ᠠ᠃ ︽ᠬᠡᠯᠡᠪᠡᠯ ᠬᠢᠵᠦ᠂ ᠲᠦᠷᠭᠡᠨ | ᠬᠢᠵᠦ᠂ ᠰᠠᠶᠢᠲᠤᠷ ᠬᠢᠬᠦ︾ ᠶᠢ ᠪᠠᠷᠢᠮᠲᠠᠯᠠᠨ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ | ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢᠨ ᠳᠦᠷᠢᠮ ᠢ ᠭᠦᠨᠵᠡᠭᠡᠢ ᠬᠡᠷᠡᠭᠯᠡᠨ᠂ ︽ᠤᠳᠠᠭᠠᠨ | ᠪᠦᠳᠦᠭᠦᠯᠢᠭ ᠬᠡᠶᠢᠰᠪᠦᠷᠢ︾ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠵᠡᠷᠭᠡ ᠠᠰᠠᠭᠤᠳᠠᠯ ᠢ | ᠦᠨᠡᠨᠬᠦ ᠰᠡᠶᠢᠳᠪᠣᠷᠢᠯᠡᠨᠡ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠰᠡᠳᠬᠢᠴᠡ ᠪᠠᠨ | ᠥᠷᠭᠡᠳᠬᠡᠨ᠂ ︽ᠰᠡᠳᠬᠢᠬᠦᠢ ᠶᠢ ᠣᠶᠢᠯᠠᠭᠠᠬᠤ︾ ᠶᠢ ᠪᠠᠲᠤ ᠪᠣᠶ ᠪᠣᠯᠭᠠᠵᠤ᠂ ︽ᠳᠣᠯᠤᠭ᠎ᠠ ᠶᠢ ᠲᠠᠶᠠᠭᠳᠠᠬᠤ︾ ᠶᠢ | ᠪᠡᠶᠡᠯᠡᠭᠦᠯᠦᠨ᠂ ᠬᠦᠴᠢᠷ ᠪᠡᠷᠬᠡᠰᠢᠶᠡᠯ ᠳᠤ ᠰᠢᠯᠲᠠᠭ ᠡᠷᠢᠬᠦ ᠦᠭᠡᠢ᠂ ᠵᠥᠪᠬᠡᠨ ᠨᠠᠶᠢᠳᠠᠪᠤᠷᠢᠵᠢᠭᠤᠯᠬᠤ ᠶᠢᠨ ᠲᠥᠯᠥᠭᠡ | ᠠᠷᠭ᠎ᠠ ᠪᠤᠳᠤᠵᠤ᠂ ᠡᠯ᠎ᠡ ᠵᠦᠢᠯ ᠤᠨ ᠠᠵᠢᠯ ᠢ ᠵᠢᠷᠤᠮᠵᠢᠭᠤᠯᠤᠨ ᠴᠣᠮᠬᠠᠳᠬᠠᠵᠤ᠂ ᠬᠤᠷᠳᠤᠴᠠ ᠪᠠᠨ ᠲᠦᠷᠭᠡᠳᠬᠡᠬᠦ ᠶᠢ | ᠲᠦᠯᠬᠢᠨ ᠠᠬᠢᠭᠤᠯᠣᠨ᠎ᠠ᠃ | ᠠᠷᠢᠭᠤᠨ ᠴᠢᠬᠡᠴᠢ ᠪᠠᠶᠢᠬᠤ ᠶᠢ ᠡᠷᠡᠰ ᠪᠠᠷᠢᠮᠳᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠡ ᠠᠵᠢᠯ ᠤᠨ ᠪᠠᠶᠢᠷᠢ ᠤᠨ ᠬᠤᠶᠠᠷ | ᠬᠠᠷᠢᠭᠤᠴᠠᠯᠭ᠎ᠠ︾ ᠶᠢ ᠭᠦᠢᠴᠡᠳᠬᠡᠵᠦ᠂ ︽ᠬᠡᠷᠡᠭ ᠢᠶᠠᠷ ᠥᠭᠡᠷᠡᠴᠢᠯᠡᠬᠦ ᠶᠢ ᠠᠬᠢᠭᠤᠯᠬᠤ︾ ᠶᠢ ᠭᠦᠨᠵᠡᠭᠡᠶᠢᠷᠡᠭᠦᠯᠦᠨ᠂ | ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠤᠨ᠎ᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠤᠷᠳᠤ ᠬᠤᠭᠤᠴᠠᠭ᠎ᠠ ᠪᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠠᠵᠢᠯ ᠤᠨ | ᠰᠤᠷᠲᠠᠯ ᠢᠶᠠᠨ ᠰᠠᠶᠢᠵᠢᠷᠠᠭᠤᠯᠤᠨ᠂ ᠲᠥᠪ ᠴᠢᠬᠡᠴᠢ ᠰᠤᠷᠲᠠᠯ ᠢ ᠬᠥᠭᠵᠢᠭᠡᠵᠦ᠂ ᠲᠥᠪ ᠭᠤᠣᠯᠴᠢ ᠠᠷᠢᠭᠤᠨ ᠴᠢᠬᠡᠴᠢ | ᠵᠠᠰᠠᠭ ᠤᠨ ᠣᠷᠳᠣᠨ ᠤ ᠳᠦᠷᠢ ᠲᠥᠷᠬᠦ ᠪᠠᠷ ᠠᠷᠠᠳ ᠤᠨ ᠰᠡᠳᠬᠢᠯ ᠢ ᠣᠯᠵᠤ᠂ ᠬᠥᠭᠵᠢᠯᠲᠡ ᠶᠢ ᠲᠦᠯᠬᠢᠨ | ᠠᠬᠢᠭᠤᠯᠤᠨ᠎ᠠ᠃ | ᠲᠥᠯᠥᠭᠡᠯᠡᠭᠴᠢᠳ ᠠ᠋︕ ᠲᠡᠮᠡᠴᠡᠯ ᠡᠭᠦᠷᠢᠳᠡ ᠳᠠᠭᠤᠰᠤᠰᠢ ᠦᠭᠡᠢ ᠶᠣᠮ᠂ ᠪᠣᠳᠠᠲᠠᠢ ᠪᠠᠷ ᠠᠵᠢᠯᠯᠠᠨ | ᠢᠷᠡᠭᠡᠳᠦᠢ ᠪᠠᠨ ᠴᠣᠭᠴᠠᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠪᠣᠯᠣᠨ ᠰᠤᠮᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ | ᠴᠢᠬᠡᠴᠢ ᠪᠠᠷ ᠰᠢᠨ᠎ᠡ ᠶᠢ ᠡᠭᠦᠳᠴᠦ᠂ ᠳᠠᠷᠤᠯᠲᠠ ᠲᠠᠯᠪᠢᠨ ᠡᠷᠡᠯᠬᠡᠭᠯᠡᠨ ᠤᠷᠤᠭᠰᠢᠯᠠᠵᠤ᠂ ᠬᠤᠷᠳᠤᠨ ᠮᠣᠷᠢᠨ ᠳᠤ | ᠲᠠᠰᠢᠭᠤᠷ ᠨᠡᠮᠡᠵᠦ᠂ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠵᠦ᠂ ᠠᠰᠢᠠᠬᠠᠨ ᠰᠤᠮᠤᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ | | |