| ᠲᠥᠯᠥᠭᠡᠯᠡᠭᠴᠢᠳ ᠠ᠋᠄ | ᠤᠳᠤ᠂ ᠪᠢ ᠰᠤᠮᠤ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠤ ᠶᠡᠭᠡ ᠬᠤᠷᠠᠯ ᠳᠤ ᠠᠵᠢᠯ | ᠤᠨ ᠢᠯᠠᠳᠭᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ | ᠳᠤᠷᠠᠳᠬᠤ ᠪᠤᠯᠪᠠᠤ᠃ | 2023 ᠣᠨ ᠤ ᠠᠵᠢᠯ ᠤᠨ ᠡᠷᠭᠢᠴᠡᠭᠦᠯᠦᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠰᠢᠨᠡᠰᠦ᠋ᠮ᠎ᠡ ᠰᠤᠮᠤ ᠶᠢᠨ ᠠᠷᠠᠳ ᠤᠨ ᠵᠠᠰᠠᠭ ᠤᠨ ᠣᠷᠳᠣᠨ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠣᠯ ᠱᠤᠭᠤᠮ ᠪᠣᠯᠭᠠᠵᠤ᠂ ᠬᠤᠰᠢᠭᠤᠨ ᠨᠠᠮ ᠤᠨ ᠬᠤᠷᠢᠶ᠎ᠠ᠂ | ᠬᠤᠰᠢᠭᠤᠨ ᠵᠠᠰᠠᠭ ᠤᠨ ᠣᠷᠳᠣᠨ ᠪᠣᠯᠣᠨ ᠰᠤᠮᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ | ᠳᠣᠣᠷ᠎ᠠ᠂ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠣᠣᠷ᠎ᠠ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠪᠠᠨ ᠡᠭᠦᠷᠭᠡᠯᠡᠨ ᠪᠣᠳᠠᠲᠠᠢ | ᠠᠵᠢᠯᠯᠠᠵᠤ᠂ ᠦᠭᠡᠷᠠᠴᠢᠯᠠᠯᠳᠠ ᠬᠦᠭᠵᠢᠯᠳᠠ ᠲᠣᠭᠲᠠᠭᠤᠨ ᠪᠠᠶᠢᠬᠤ ᠡᠯ᠎ᠡ ᠲᠦᠷᠦᠯ ᠤᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨᠡᠰᠦ᠋ᠮ᠎ᠡ ᠰᠤᠮᠤ ᠶᠢᠨ ᠠᠵᠤ ᠠᠬᠤᠢ ᠪᠠ ᠨᠠᠶᠢᠭᠡᠮ ᠤᠨ ᠬᠥᠭᠵᠢᠯᠲᠡ | ᠢᠳᠠᠷᠠᠬᠦᠨ ᠠᠯᠬᠤᠭ᠎ᠠ ᠪᠠᠷ ᠤᠷᠤᠬᠰᠢᠯᠠᠵᠠᠢ᠃ | ᠨᠢᠭᠡ ᠵᠢᠯ ᠳᠤ᠂ ᠪᠢᠳᠡ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠪᠠᠲᠤᠯᠠᠭ᠎ᠠ ᠪᠠᠨ ᠴᠢᠩᠭᠠᠳᠬᠠᠵᠤ᠂ | ᠠᠵᠤ ᠦᠢᠯᠡᠰ ᠤᠨ ᠬᠥᠭᠵᠢᠯᠲᠡ ᠶᠢ ᠲᠣᠭᠲᠠᠭᠤᠨ ᠤ ᠳᠤᠮᠳᠠ ᠠᠮᠢᠵᠢᠷᠠᠯ ᠤᠨ ᠬᠦᠴᠦᠨ ᠲᠠᠢ ᠪᠣᠯᠭᠠᠪᠠ᠃ 2023 | ᠣᠨ ᠳᠤ᠂ ᠰᠤᠮᠤ ᠶᠢᠨ ᠲᠠᠷᠢᠮᠠᠯ ᠤᠨ ᠶᠡᠷᠦᠩᠬᠡᠢ ᠲᠠᠯᠠᠪᠠᠶ 50.8 ᠲᠦᠮᠡᠨ ᠮᠦ ᠳᠤ ᠬᠦᠷᠴᠦ᠂ ᠠᠮᠤ ᠪᠤᠳᠠᠭᠠᠨ ᠤ | ᠲᠠᠷᠢᠮᠠᠯ ᠤᠨ ᠲᠠᠯᠠᠪᠠᠢ 49.7 ᠲᠦᠮᠡᠨ ᠮᠦ ᠳᠤ ᠬᠦᠷᠴᠡᠢ᠂ ᠡᠭᠦᠨ ᠳᠤ ᠡᠷᠳᠡᠨᠢ ᠰᠢᠰᠢ 47.56 ᠲᠦᠮᠡᠨ ᠮᠦ᠂ | ᠤᠰᠤᠨ ᠲᠤᠲᠤᠷᠭ᠎ᠠ 2.1 ᠲᠦᠮᠡᠨ ᠮᠦ᠂ ᠪᠤᠰᠤᠳ ᠲᠠᠷᠢᠮᠠᠯ 1.1 ᠲᠦᠮᠡᠨ ᠮᠦ ᠬᠦᠷᠪᠠ᠃ ᠪᠥᠬᠦ ᠵᠢᠯ ᠳᠤ ᠮᠢᠬᠠᠨ | ᠦᠬᠡᠷ 5.7 ᠲᠦᠮᠡ᠂ ᠮᠢᠬᠠᠨ ᠬᠤᠨᠢ 14.5 ᠲᠦᠮᠠᠨ ᠲᠤᠯᠤᠭᠠᠢ ᠳᠤ ᠬᠦᠷᠴᠡᠢ᠃ ᠲᠠᠷᠢᠶᠠᠯᠠᠩ ᠤᠨ ᠲᠠᠯ᠎ᠠ ᠪᠠᠷ᠂ | ᠠᠮᠤ ᠪᠤᠳᠠᠭᠠᠨ ᠤ ᠨᠦᠬᠦᠪᠤᠷᠢ ᠶᠢ 39.7 ᠲᠦᠮᠡᠨ ᠮᠦ᠂ 4401 ᠡᠷᠦᠬᠡ ᠶᠢᠨ ᠨᠠᠶᠢᠳᠠ 151.1 ᠲᠦᠮᠡᠨ | ᠲᠥᠭᠦᠷᠢᠭ ᠨᠠᠶᠢᠳᠠᠪᠤᠷᠢᠵᠢᠭᠤᠯᠪᠠ︔ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠨᠥᠬᠦᠪᠦᠷᠢ ᠶᠢ 9.54 ᠲᠦᠮᠡᠨ ᠮᠦ | ᠂ 4077 ᠡᠷᠦᠬᠡ ᠶᠢᠨ ᠨᠠᠶᠢᠳᠠ 647.4 ᠲᠦᠮᠡᠨ ᠲᠥᠭᠦᠷᠢᠭ ᠨᠠᠶᠢᠳᠠᠪᠤᠷᠢᠵᠢᠭᠤᠯᠪᠠ︔ ᠡᠷᠳᠡᠨᠢ ᠰᠢᠰᠢ ᠶᠢᠨ ︽ | ᠨᠢᠭᠡ ᠰᠦᠷᠴᠢᠯᠲᠡ ᠪᠠᠷ ᠣᠯᠠᠨ ᠢ ᠠᠬᠢᠭᠤᠯᠬᠤ︾ ᠨᠦᠬᠦᠪᠤᠷᠢ ᠶᠢ 13 ᠲᠦᠮᠡᠨ ᠮᠦ᠂ 530 ᠡᠷᠦᠬᠡ ᠶᠢᠨ ᠨᠠᠶᠢᠳᠠ | 130 ᠲᠦᠮᠡᠨ ᠲᠥᠭᠦᠷᠢᠭ ᠢ ᠨᠠᠶᠢᠳᠠᠪᠤᠷᠢᠵᠢᠭᠤᠯᠵᠤ᠂ ᠡᠭᠦᠨ ᠳᠤ ᠠᠮᠢᠳᠤ ᠪᠣᠳᠠᠰ ᠤᠨ ᠡᠭᠦᠯᠳᠡᠷ | ᠪᠣᠶᠢᠵᠢᠭᠤᠯᠤᠯᠲᠠ ᠶᠢ 10.084 ᠲᠦᠮᠡᠨ ᠮᠦ ᠳᠤ ᠬᠦᠷᠭᠡᠪᠡ︔ ᠪᠤᠷᠴᠠᠭ ᠤᠨ ᠨᠦᠬᠦᠪᠤᠷᠢ ᠶᠢ 120 ᠮᠦ᠂ 5 | ᠡᠷᠦᠬᠡ ᠳᠤ ᠨᠠᠶᠢᠳᠠ 3.6 ᠲᠦᠮᠡᠨ ᠲᠥᠭᠦᠷᠢᠭ ᠢ ᠨᠠᠶᠢᠳᠠᠪᠤᠷᠢᠵᠢᠭᠤᠯᠪᠠ︔ ᠬᠤᠯᠢᠵᠤ ᠲᠠᠷᠢᠬᠤ ᠨᠦᠬᠦᠪᠤᠷᠢ ᠶᠢ | 82.11 ᠮᠦ᠂ 2 ᠡᠷᠦᠬᠡ ᠶᠢᠨ 1.23 ᠲᠦᠮᠡᠨ ᠲᠥᠭᠦᠷᠢᠭ ᠨᠠᠶᠢᠳᠠᠪᠤᠷᠢᠵᠢᠭᠤᠯᠪᠠ︔ ᠰᠢᠯᠢᠳᠡᠭ ᠴᠢᠨᠠᠷ ᠤᠨ | ᠤᠨᠠᠯᠳᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠢᠬᠴᠢ ᠳᠠᠷᠢᠬᠤ ᠨᠦᠬᠦᠪᠤᠷᠢ ᠶᠢᠨ | 0.27 ᠲᠦᠮᠡᠨ ᠮᠦ ᠶᠢᠨ 11 ᠡᠷᠦᠬᠡ ᠳᠤ ᠨᠠᠶᠢᠳᠠ 27 ᠲᠦᠮᠡᠨ ᠲᠥᠭᠦᠷᠢᠭ ᠤᠨ ᠨᠥᠬᠦᠪᠦᠷᠢ ᠣᠯᠭᠤᠪᠠ᠃ | ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠠᠵᠢᠯ ᠤᠨ ᠡᠭᠦᠷᠭᠡ ᠲᠠᠢ 3.77 ᠲᠦᠮᠡᠨ ᠮᠦ 13 | ᠡᠷᠦᠬᠡ ᠳᠤ 151.5 ᠲᠦᠮᠡᠨ ᠲᠥᠭᠦᠷᠢᠭ ᠤᠨ ᠨᠥᠬᠦᠪᠦᠷᠢ ᠣᠯᠭᠤᠪᠠ︔ ᠬᠦᠨ ᠬᠠᠭᠠᠯᠪᠤᠷᠢᠯᠠᠬᠤ ᠨᠦᠬᠦᠪᠤᠷᠢ ᠶᠢ | 3.4 ᠲᠦᠮᠡᠨ ᠮᠦ᠂ 6 ᠡᠷᠦᠬᠡ ᠶᠢᠨ ᠨᠠᠶᠢᠳᠠ 85 ᠲᠦᠮᠡᠨ ᠲᠥᠭᠦᠷᠢᠭ ᠤᠨ ᠨᠥᠬᠦᠪᠦᠷᠢ ᠣᠯᠭᠤᠪᠠ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ 7804 ᠮᠦ ᠪᠡᠶᠡᠯᠡᠭᠦᠯᠵᠦ᠂ 2019 ᠣᠨ | ᠠᠴᠠ ᠨᠠᠰᠢ 5.4 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠪᠠ᠃ ᠮᠠᠯ ᠠᠵᠤ | ᠠᠬᠤᠢ ᠶᠢᠨ ᠲᠠᠯ᠎ᠠ ᠪᠠᠷ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠠᠵᠢᠯ ᠢ ᠠᠬᠢᠭᠤᠯᠵᠤ᠂ 1.9 ᠲᠦᠮᠡᠨ ᠡᠬᠡ ᠮᠠᠯ | ᠳᠤ ᠬᠡᠬᠡᠯᠳᠤᠬᠦᠯᠭᠡ ᠬᠢᠵᠣ᠂ 978 ᠡᠷᠦᠬᠡ ᠶᠢᠨ 15325 ᠡᠬᠡ ᠮᠠᠯ ᠤᠨ ᠰᠦᠷᠦᠭᠵᠢᠯ ᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠬᠦᠯᠵᠣ᠂ 327.1 ᠲᠦᠮᠡᠨ ᠲᠥᠭᠦᠷᠢᠭ ᠨᠠᠶᠢᠳᠠᠪᠤᠷᠢᠵᠢᠭᠤᠯᠪᠠ᠃ | 20 ᠨᠡᠷᠡᠰ ᠭᠠᠴᠠᠭᠠᠨ ᠤ ᠬᠢᠵᠢᠭ ᠢ ᠰᠠᠷᠬᠡᠶᠢᠯᠠᠬᠦ ᠠᠵᠢᠯᠳᠠᠨ ᠲᠠᠢ ᠠᠮᠢᠲᠠᠨ ᠤ ᠬᠢᠵᠢᠭ ᠢ ᠰᠡᠷᠭᠡᠶᠢᠯᠡᠬᠦ ᠭᠡᠷ᠎ᠡ | ᠲᠤᠬᠳᠠᠪᠠ᠃ ︽ᠲᠠᠪᠤᠨ ᠨᠢᠭᠡ︾ ᠶᠢᠨ ᠱᠠᠭᠠᠷᠳᠠᠯᠭ᠎ᠠ ᠶᠣᠰᠣᠭᠠᠷ ᠡᠯ᠎ᠡ ᠲᠥᠷᠥᠯ ᠤᠨ ᠮᠠᠯ ᠤᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠪᠥᠬᠦ ᠲᠠᠯ᠎ᠠ ᠪᠠᠷ ᠪᠡᠶᠡᠯᠡᠬᠦᠯᠪᠡ᠃ ᠮᠠᠯ ᠪᠡᠯᠴᠢᠭᠡᠷ ᠤᠨ ᠲᠡᠩᠴᠡᠭᠦᠷᠢ ᠶᠢ ᠬᠠᠮᠠᠭᠠᠯᠠᠬᠤ ᠨᠦᠬᠦᠪᠤᠷᠢ | 37.2 ᠲᠦᠮᠡᠨ ᠮᠦ᠂ 2709 ᠡᠷᠦᠬᠡ ᠳᠤ 163.5 ᠲᠦᠮᠡᠨ ᠲᠥᠭᠦᠷᠢᠭ ᠨᠦᠬᠦᠪᠣᠷᠢᠯᠡᠪᠡ︔ | ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ 240 ᠮᠦ᠂ 1 ᠡᠷᠦᠬᠡ ᠶᠢᠨ ᠨᠠᠶᠢᠳᠠ 0.23 ᠲᠦᠮᠡᠨ | ᠲᠥᠭᠦᠷᠢᠭ ᠢ ᠨᠠᠶᠢᠳᠠᠪᠤᠷᠢᠵᠢᠭᠤᠯᠪᠠ︔ ᠲᠥᠪ ᠤᠨ ᠡᠳ᠋ ᠤᠨ ᠵᠠᠰᠠᠭ ᠤᠨ ᠠᠮᠤ ᠪᠤᠳᠠᠭ᠎ᠠ ᠶᠢ ᠪᠣᠷᠳᠤᠭ᠎ᠠ ᠪᠣᠯᠭᠠᠨ | ᠥᠭᠡᠷᠡᠴᠢᠯᠡᠬᠦ ᠨᠦᠬᠦᠪᠤᠷᠢ ᠶᠢ 76881 ᠲᠣᠨ᠂ 753 ᠡᠷᠦᠬᠡ ᠳᠤ 667.5 ᠲᠦᠮᠡᠨ ᠲᠥᠭᠦᠷᠢᠭ ᠢ | ᠨᠠᠶᠢᠳᠠᠪᠤᠷᠢᠵᠢᠭᠤᠯᠪᠠ᠃ | ᠨᠢᠭᠡ ᠵᠢᠯ ᠳᠤ᠂ ᠪᠢᠳᠡ ᠰᠠᠭᠤᠷᠢ ᠪᠠᠨ ᠪᠠᠬᠢᠵᠢᠭᠦᠯᠵᠦ᠂ ᠴᠢᠩᠭ᠎ᠠ ᠨᠠᠷᠢᠯᠢᠭ ᠠᠳᠬᠤᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠨᠳᠥᠷ ᠪᠦᠲᠦᠮᠵᠢᠲᠡᠢ ᠠᠬᠢᠭᠤᠯᠪᠠ᠃ ᠶᠠᠳᠠᠭᠤ ᠠᠴᠠ | ᠠᠩᠭᠢᠵᠢᠷᠠᠭᠤᠯᠬᠤ᠂ ᠬᠢᠨᠠᠨ ᠰᠢᠯᠭᠠᠬᠤ ᠵᠢᠴᠢ ᠬᠥᠳᠡᠯᠦᠩᠭᠦᠢ ᠲᠣᠬᠢᠷᠠᠭᠤᠯᠤᠯᠲᠠ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠪᠡᠶᠡᠯᠡᠭᠦᠯᠵᠦ᠂ ᠡᠪᠡᠳᠴᠢᠨ ᠠᠴᠠ ᠪᠣᠯᠣᠭᠰᠠᠨ 1 | ᠡᠷᠦᠬᠡ ᠶᠢᠨ 5 ᠬᠥᠮᠥᠨ ᠢ ᠰᠢᠨ᠎ᠡ ᠪᠠᠷ ᠬᠢᠨᠠᠨ ᠬᠡᠮᠵᠢᠯᠳᠠ ᠳᠤ ᠣᠷᠣᠭᠤᠯᠵᠤ᠂ 3 ᠡᠷᠦᠬᠡ ᠶᠢᠨ 11 ᠬᠥᠮᠥᠨ ᠢ | ᠬᠢᠨᠠᠨ ᠬᠡᠮᠵᠢᠯᠳᠠ ᠠᠴᠠ ᠭᠠᠷᠭᠠᠵᠤ᠂ ᠨᠠᠶᠢᠳᠠ 35 ᠡᠷᠦᠬᠡ ᠶᠢᠨ 82 ᠬᠥᠮᠥᠨ ᠤ ᠲᠠᠬᠢᠨ ᠶᠠᠳᠠᠭᠤᠷᠠᠬᠤ | ᠲᠦᠭᠰᠢᠭᠦᠷᠢ ᠶᠢ ᠠᠷᠢᠯᠭᠠᠪᠠ᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ 40 ᠲᠣᠬᠢᠷᠠᠭᠤᠯᠵᠤ᠂ | ᠡᠭᠦᠨ ᠳᠤ ᠣᠷᠴᠢᠨ ᠠᠬᠤᠢ ᠶᠢᠨ ᠡᠷᠡᠭᠦᠯ ᠬᠠᠮᠠᠭᠠᠯᠠᠬᠴᠢ 37 ᠬᠥᠮᠥᠨ᠂ ᠠᠶᠤᠯᠭᠦᠢ ᠤᠤᠭᠤᠬᠤ ᠤᠰᠤᠨ ᠤ | ᠲᠥᠬᠦᠭᠡᠷᠦᠮᠵᠢ ᠶᠢᠨ ᠬᠠᠮᠢᠶᠠᠷᠤᠭᠴᠢ 3 ᠬᠥᠮᠥᠨ ᠲᠤᠬᠢᠷᠠᠭᠤᠯᠪᠠ᠃ ᠣᠳᠣᠬᠠᠨ ᠳᠤ ᠰᠤᠮᠤ ᠪᠠ ᠨᠡᠭᠦᠯᠭᠡᠬᠦ | ᠲᠣᠭᠤᠷᠢᠭ ᠤᠨ ᠰᠢᠰᠲ᠋ᠧᠮ ᠳᠠᠬᠢ ᠠᠵᠢᠯᠯᠠᠵᠤ ᠪᠠᠶᠢᠭ᠎ᠠ ᠬᠦᠮᠦᠨ ᠤ ᠲᠤᠭ᠎ᠠ ᠨᠡᠶᠢᠲᠡ 419 ᠪᠠᠶᠢᠨ᠎ᠠ᠃ 9 ᠡᠷᠦᠬᠡ | ᠶᠢᠨ 27 ᠬᠥᠮᠥᠨ ᠤ ︽ᠶᠠᠳᠠᠭᠤᠷᠠᠯ ᠢ ᠰᠡᠷᠭᠡᠶᠢᠯᠡᠬᠦ ᠳᠠᠭᠠᠳᠬᠠᠯ︾ ᠤᠨ ᠲᠥᠯᠥᠪᠦᠷᠢ ᠥᠭᠬᠦ ᠠᠵᠢᠯ ᠢ ᠪᠡᠶᠡᠯᠡᠭᠦᠯᠵᠦ | ᠂ ᠡᠭᠦᠨ ᠳᠤ ᠬᠢᠨᠠᠨ ᠬᠡᠮᠵᠢᠭᠰᠡᠨ 2 ᠡᠷᠦᠬᠡ ᠶᠢᠨ 7 ᠬᠥᠮᠥᠨ᠂ ᠶᠠᠳᠠᠭᠤ ᠠᠴᠠ ᠠᠩᠭᠢᠵᠢᠷᠠᠭᠰᠠᠨ 2 ᠡᠷᠦᠬᠡ ᠶᠢᠨ 4 | ᠬᠥᠮᠥᠨ ᠪᠠᠶᠢᠵᠤ᠂ 18.5 ᠲᠦᠮᠠᠨ ᠲᠥᠭᠦᠷᠢᠭ ᠤᠨ ᠲᠦᠯᠦᠪᠤᠷᠢ ᠦᠭᠪᠠ᠃ 295 ᠡᠷᠦᠬᠡ ᠶᠢᠨ ︽ᠵᠣᠷᠯᠣᠩ ᠢ | ᠦᠭᠡᠷᠠᠴᠢᠯᠠᠵᠤ ᠰᠠᠶᠢᠵᠢᠷᠠᠭᠤᠯᠬᠤ︾ ᠠᠵᠢᠯ ᠨᠢ ᠬᠤᠰᠢᠭᠤᠨ ᠲᠠᠰ ᠤᠨ ᠰᠢᠯᠭᠠᠨ ᠪᠠᠶᠢᠴᠠᠭᠠᠯᠲᠠ ᠶᠢ ᠠᠮᠵᠢᠯᠳᠠ ᠲᠠᠢ | ᠤᠬᠳᠤᠪᠠ ᠃ 324 ᠲᠦᠮᠡᠨ ᠲᠥᠭᠦᠷᠢᠭ ᠣᠷᠣᠭᠤᠯᠵᠤ ᠢᠳᠡᠭᠡᠨ ᠵᠢᠴᠢ ᠤᠯᠠᠮᠵᠢᠯᠠᠯᠲᠤ ᠭᠠᠷ ᠤᠷᠠᠯᠠᠯ ᠤᠨ | ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠬᠦᠯᠪᠡ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠠᠰᠢᠭᠯᠠᠨ 50 | ᠲᠦᠮᠡᠨ ᠲᠥᠭᠦᠷᠢᠭ ᠤᠨ ᠴᠠᠭᠠᠨ ᠢᠳᠡᠭᠡᠨ ᠢ ᠡᠳ᠋ᠰᠢᠭᠦᠯᠬᠦ ᠲᠥᠬᠦᠭᠡᠷᠦᠮᠵᠢ ᠶᠢ ᠬᠤᠳᠠᠯᠳᠤᠨ ᠠᠪᠤᠪᠠ᠃ 125 | ᠲᠦᠮᠡᠨ ᠲᠥᠭᠦᠷᠢᠭ ᠤᠨ ᠪᠡᠯᠡ ᠮᠥᠩᠭᠦ ᠤᠷᠤᠭᠤᠯᠵᠤ ᠪᠠᠶᠠᠨᠰᠢᠭᠤᠢ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ | 310.65 ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠬᠡᠷᠡᠭᠵᠢᠭᠦᠯᠵᠦ᠂ 570 | ᠬᠡᠰᠡᠭ ᠨᠡᠷᠡᠨ ᠡᠨᠧᠷᠭᠢ ᠶᠢᠨ ᠬᠠᠪᠲᠠᠰᠤ ᠤᠬᠰᠠᠷᠠᠨ᠂ ᠨᠢᠭᠡᠨᠲᠡ ᠲᠣᠣᠷᠵᠢᠯ ᠳᠤ ᠣᠷᠣᠭᠤᠯᠵᠣ ᠴᠠᠬᠢᠯᠭᠠᠨ ᠭᠠᠷᠭᠠᠪᠠ᠃ | | ᠨᠢᠭᠡ ᠵᠢᠯ ᠳᠤ᠂ ᠪᠢᠳᠡ ᠵᠠᠰᠠᠯᠲᠠ ᠪᠠᠨ ᠴᠢᠩᠭᠠᠳᠬᠠᠨ᠂ ᠴᠢᠩᠭ᠎ᠠ ᠴᠣᠬᠢᠯᠲᠠ ᠥᠭᠴᠣ᠂ ᠠᠮᠢ ᠠᠬᠤᠢ ᠶᠢᠨ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠠᠮᠢ ᠠᠬᠤᠢ ᠤᠢ ᠰᠢᠭᠤᠢ ᠶᠢᠨ ᠲᠠᠯ᠎ᠠ ᠪᠠᠷ᠂ ᠤᠢ | ᠰᠢᠭᠤᠢ ᠶᠢᠨ ᠳᠠᠷᠤᠭ᠎ᠠ ᠶᠢᠨ ᠵᠠᠷᠯᠢᠭ 1 ᠶᠢ ᠪᠠᠭᠤᠯᠭᠠᠵᠤ᠂ ᠲᠣᠪᠴᠢ ᠮᠡᠳᠡᠭᠡ 5 ᠨᠡᠶᠢᠳᠡᠯᠡᠵᠣ᠂ ᠬᠥᠮᠥᠨ ᠤ | ᠬᠦᠴᠦ ᠪᠠᠷ ᠣᠶᠢᠵᠢᠭᠤᠯᠬᠤ᠂ ᠨᠥᠬᠦᠵᠦ ᠣᠶᠢᠵᠢᠭᠤᠯᠬᠤ ᠵᠡᠷᠭᠡ ᠪᠠᠷ ᠳᠠᠮᠵᠢᠭᠤᠯᠤᠨ 68 ᠬᠡᠰᠡᠭ ᠭᠠᠵᠠᠷ ᠤᠨ | 6330 ᠮᠤ᠋ ᠣᠶᠢᠲᠤ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠪᠡ᠃ ᠪᠠᠶᠠᠨᠨᠠᠭᠤᠷ ᠭᠠᠴᠠᠭ᠎ᠠ ᠳᠤ 13.5 | ᠲᠦᠮᠡᠨ ᠲᠥᠭᠦᠷᠢᠭ ᠣᠷᠣᠭᠤᠯᠣᠨ ᠶᠡᠷᠦᠩᠬᠡᠢ ᠣᠷᠳᠣ ᠨᠢ 2700 ᠮᠧᠲᠷ ᠤᠨ ᠵᠠᠮ ᠤᠨ ᠬᠠᠵᠠᠭᠤ ᠶᠢᠨ | ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠬᠡᠷᠡᠭᠵᠢᠬᠦᠯᠪᠠ᠃ ᠣᠶ ᠰᠢᠭᠤᠢ ᠡᠪᠡᠰᠦ ᠪᠡᠯᠴᠢᠭᠡᠷ ᠢ ᠶᠡᠷᠦᠩᠬᠡᠶᠢᠯᠡᠨ | ᠬᠢᠨᠠᠨ ᠬᠡᠮᠵᠢᠬᠦ ᠵᠢᠴᠢ ᠪᠠᠶᠢᠴᠠᠭᠠᠨ ᠬᠠᠷᠭᠤᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠥᠬᠦ ᠰᠤᠮᠤᠨ ᠤ | ᠬᠡᠪᠴᠢᠶᠡᠨ ᠳᠠᠬᠢ 98 ᠬᠡᠰᠡᠭ ᠭᠠᠵᠠᠷ ᠤᠨ ︽ᠭᠠᠵᠠᠷ ᠤᠨ ᠵᠦᠢᠯ᠂ ᠡᠭᠦᠰᠦᠯ᠂ ᠮᠣᠳᠣᠨ ᠤ ᠲᠥᠷᠥᠯ᠂ | ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠲᠥᠷᠥᠯ ᠬᠡᠯᠪᠡᠷᠢ᠂ ᠡᠷᠬᠡ ᠶᠢᠨ ᠬᠠᠷᠢᠶᠠᠯᠠᠯ᠂ ᠣᠶ ᠶᠢᠨ ᠲᠥᠷᠥᠯ᠂ | ᠣᠨ ᠵᠢᠯ︾ ᠵᠡᠷᠭᠡ ᠭᠤᠣᠯ ᠪᠣᠯᠬᠤ ᠣᠶ ᠰᠢᠭᠤᠢ ᠶᠢᠨ ᠡᠯᠧᠮᠧᠨ᠋ᠲ ᠢᠶᠠᠷ ᠵᠠᠰᠠᠪᠣᠷᠢᠯᠠᠪᠠ᠃ ᠣᠶ ᠰᠢᠭᠤᠢ ᠶᠢᠨ | ᠬᠦᠨᠥᠭᠡᠯᠳᠣ ᠪᠣᠳᠠᠰ ᠤᠨ ᠨᠡᠶᠢᠳᠡᠮ ᠪᠠᠶᠢᠴᠠᠭᠠᠯᠲᠠ ᠵᠢᠴᠢ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ | ᠲᠥᠷᠥᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠨᠡᠶᠢᠲᠡ 13 ᠤᠳᠠᠭ᠎ᠠ 135.56 | ᠺᠢᠯᠣᠮᠧᠲᠷ ᠲᠣᠭᠤᠷᠢᠨ ᠪᠠᠶᠢᠴᠠᠭᠠᠵᠣ᠂ ᠪᠦᠲᠦᠮᠵᠢᠲᠡᠶ ᠵᠠᠬᠪᠤᠷ ᠤᠨ ᠴᠣᠭᠯᠠᠭᠤᠯᠳᠠ 105 ᠲᠦᠷᠦᠯ ᠳᠤ ᠬᠦᠷᠪᠡ᠃ | ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢ ᠬᠠᠮᠠᠭᠠᠯᠠᠬᠤ ᠢᠨᠵᠧᠨᠧᠷᠢᠩ ᠤᠨ ᠲᠦᠷᠦᠯ ᠵᠦᠢᠯ ᠳᠤ | 16700 ᠮᠦ 338 ᠡᠷᠦᠬᠡ ᠳᠤ 191.9 ᠲᠦᠮᠡᠨ ᠲᠥᠭᠦᠷᠢᠭ ᠤᠨ ᠨᠥᠬᠦᠪᠦᠷᠢ ᠶᠢ ᠨᠠᠶᠢᠳᠠᠪᠤᠷᠢᠵᠢᠭᠤᠯᠬᠤ ᠶᠢᠨ | ᠬᠠᠮᠲᠤ 2021 ᠣᠨ ᠤ ᠲᠦᠷᠦᠯ ᠵᠦᠢᠯ ᠢ ᠰᠢᠯᠭᠠᠨ ᠠᠪᠬᠤ ᠠᠵᠢᠯ ︵ᠲᠠᠷᠢᠮᠠᠯ ᠡᠪᠡᠰᠦ ᠪᠣᠷᠳᠣᠭᠠᠨ ᠤ ᠰᠠᠭᠤᠷᠢᠨ | 16700 ᠮᠦ᠂ ᠨᠣᠭᠤᠭᠠᠨ ᠲᠠᠷᠣᠰᠢ ᠶᠢᠨ ᠵᠣᠭᠤᠷᠢ 5000 ᠪᠣᠰᠤᠭ᠎ᠠ ᠳᠥᠷᠪᠡᠯᠵᠢᠨ ᠮᠧᠲᠷ︶ ᠢ ᠠᠬᠢᠭᠤᠯᠪᠠ︔ | 2023 ᠣᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠦᠷᠢ ᠶᠢ 62.73 | ᠲᠦᠮᠡᠨ ᠲᠥᠭᠦᠷᠢᠭ ᠲᠠᠷᠬᠠᠭᠠᠪᠠ᠃ ᠣᠶ ᠰᠢᠭᠤᠢ ᠡᠪᠡᠰᠦ ᠪᠡᠯᠴᠢᠭᠡᠷ ᠤᠨ ᠵᠥᠪᠰᠢᠶᠡᠷᠡᠯ ᠤᠨ ᠳᠠᠩᠰᠠᠯᠠᠯᠲᠠ ᠶᠢ | ᠴᠢᠩᠭ᠎ᠠ ᠬᠡᠷᠡᠭᠵᠢᠬᠦᠯᠵᠣ᠂ ᠨᠡᠶᠢᠲᠡ 14 ᠵᠦᠢᠯ ᠢ ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ 8 ᠵᠦᠢᠯ ᠤᠨ | ᠣᠶ ᠮᠣᠳᠣᠨ ᠤ ᠡᠷᠬᠡ ᠶᠢᠨ ᠳᠠᠩᠰᠠᠯᠠᠯᠲᠠ ᠶᠢ ᠭᠦᠢᠴᠡᠳᠬᠡᠵᠦ᠂ 6 ᠬᠤᠪᠢ ᠶᠢᠨ ᠣᠶ ᠮᠣᠳᠣ ᠣᠭᠲᠣᠯᠬᠤ ᠡᠷᠬᠡ | ᠶᠢᠨ ᠵᠦᠪᠰᠢᠶᠠᠷᠠᠯᠳᠠ ᠶᠢ ᠭᠦᠢᠴᠡᠳᠬᠡᠵᠡᠢ᠃ ᠬᠠᠤᠯᠢ ᠬᠡᠷᠡᠭᠵᠢᠭᠦᠯᠬᠦ ᠲᠠᠯ᠎ᠠ ᠪᠠᠷ᠂ ᠣᠶ ᠰᠢᠭᠤᠢ ᠡᠪᠡᠰᠦ ᠪᠡᠯᠴᠢᠭᠡᠷ ᠢ | ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠲᠥᠷᠥᠯ ᠤᠨ | ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠵᠥᠪᠰᠢᠶᠡᠷᠡᠯ | ᠦᠭᠡᠢ ᠪᠠᠷ ᠤᠷᠢᠳᠠᠪᠠᠷ ᠡᠵᠡᠯᠡᠭᠰᠡᠨ᠂ ᠬᠡᠪᠴᠢᠶ᠎ᠡ ᠠᠴᠠ ᠬᠡᠲᠦᠷᠡᠭᠦᠯᠦᠨ ᠡᠵᠡᠯᠡᠨ ᠬᠡᠷᠡᠭᠯᠡᠭᠰᠡᠨ᠂ ᠣᠨᠳᠣᠣ ᠭᠠᠵᠠᠷ ᠲᠤ | ᠡᠵᠡᠯᠡᠨ ᠬᠡᠷᠡᠭᠯᠡᠭᠰᠡᠨ ᠪᠠ ᠡᠪᠳᠡᠨ ᠰᠦᠢᠳᠬᠡᠭᠰᠡᠨ᠂ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ 9 | ᠰᠦᠪᠡᠭᠴᠢ ᠶᠢ ᠢᠯᠡᠷᠡᠬᠦᠯᠣᠨ ᠰᠢᠢᠳᠪᠦᠷᠢᠯᠡᠵᠦ᠂ ᠡᠭᠦᠨ ᠳᠤ 1 ᠬᠡᠷᠡᠭ ᠢ ᠳᠣᠲᠣᠭᠠᠳᠤ ᠶᠢᠨ ᠬᠠᠮᠠᠭᠠᠯᠠᠬᠤ | ᠪᠠᠶᠢᠭᠤᠯᠭ᠎ᠠ ᠳᠤ ᠰᠢᠯᠵᠢᠭᠦᠯᠦᠨ ᠬᠦᠷᠭᠡᠪᠡ᠃ ᠳᠠᠭᠠᠭᠤᠯᠢ ᠣᠳᠣᠨ ᠤ ᠹᠢᠯᠢᠮ ᠢᠶᠠᠷ ᠬᠠᠤᠯᠢ ᠬᠡᠷᠡᠭᠵᠢᠭᠦᠯᠬᠦ ᠠᠵᠢᠯ ᠢ | ᠦᠷᠭᠦᠯᠵᠢᠯᠡᠨ ᠥᠷᠨᠢᠭᠦᠯᠵᠦ᠂ 2022 ᠣᠨ ᠤ ᠨᠤᠲᠤᠭ ᠪᠡᠯᠴᠢᠭᠡᠷ ᠤᠨ ᠬᠢᠨᠠᠨ ᠬᠡᠮᠵᠢᠯᠲᠡ ᠶᠢᠨ ᠬᠢᠨᠠᠨ | ᠬᠠᠷᠭᠤᠭᠤᠯᠵᠤ ᠠᠵᠢᠯ ᠢ ᠪᠡᠶᠡᠯᠡᠬᠦᠯᠵᠣ᠂ 2023 ᠣᠨ ᠤ ᠬᠠᠤᠯᠢ ᠲᠣᠭᠲᠠᠭᠠᠯ ᠠᠴᠠ ᠵᠥᠷᠢᠴᠡᠭᠰᠡᠨ 2 ᠠᠵᠢᠯᠯᠠᠭ᠎ᠠ | ᠶᠢ ᠪᠠᠶᠢᠴᠠᠭᠠᠨ ᠰᠢᠢᠳᠪᠦᠷᠢᠯᠡᠪᠡ︔ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠦᠨᠳᠦᠰᠦᠨ ᠲᠠᠷᠢᠶᠠᠨ ᠭᠠᠵᠠᠷ ᠤᠨ 4 | ᠬᠡᠰᠡᠭ ᠵᠢᠷᠤᠭ ᠢ ᠬᠠᠤᠯᠢ ᠶᠣᠰᠣᠭᠠᠷ ᠰᠢᠢᠳᠪᠤᠷᠢᠯᠠᠵᠤ᠂ ᠲᠠᠷᠢᠶᠠᠨ ᠭᠠᠵᠠᠷ ᠤᠨ ᠬᠤᠪᠢᠷᠠᠯᠲᠠ ᠶᠢᠨ ᠵᠢᠷᠤᠭ ᠤᠨ | ᠨᠡᠶᠢᠲᠡ 126 ᠶᠢ ᠬᠠᠷᠭᠤᠭᠤᠯᠤᠨ ᠪᠠᠶᠢᠴᠠᠭᠠᠪᠠ᠃ ᠭᠤᠣᠯ ᠭᠤᠷᠤᠬ᠎ᠠ ᠶᠢᠨ ᠬᠠᠮᠢᠶᠠᠷᠤᠯᠲᠠ ᠶᠢᠨ ᠡᠮᠬᠢ ᠳᠢᠭᠯᠢᠮ ᠢ | ᠴᠢᠩᠭ᠎ᠠ ᠠᠩᠬᠠᠷᠴᠤ᠂ ᠭᠤᠣᠯ ᠤᠨ ᠲᠣᠬᠤᠢ ᠠᠴᠠ ᠬᠠᠤᠯᠢ ᠪᠤᠰᠤ ᠪᠠᠷ ᠰᠢᠷᠣᠢ ᠠᠪᠤᠭᠰᠠᠨ 1 ᠬᠡᠷᠡᠭ ᠢ ᠪᠠᠶᠢᠴᠠᠭᠠᠨ | ᠰᠢᠢᠳᠪᠦᠷᠢᠯᠡᠪᠡ︔ ᠭᠠᠩ ᠬᠠᠭᠰᠠᠷᠠᠭᠠᠨ ᠲᠠᠢ ᠲᠡᠮᠡᠴᠡᠬᠦ ᠲᠥᠬᠦᠭᠡᠷᠦᠮᠵᠢ ᠶᠢ ᠡᠵᠡᠯᠡᠭᠰᠡᠨ 1 ᠬᠡᠷᠡᠭ ᠢ ᠪᠠᠶᠢᠴᠠᠭᠠᠨ | ᠰᠢᠢᠳᠪᠦᠷᠢᠯᠡᠪᠡ︔ 5 ᠤᠳᠠᠭ᠎ᠠ ᠶᠢᠨ ᠭᠤᠣᠯ ᠤᠨ ᠲᠣᠬᠤᠢ ᠳᠤ ᠳᠤᠷ᠎ᠠ ᠪᠠᠷ ᠢᠶᠠᠨ ᠭᠤᠣᠯ ᠤᠨ ᠬᠠᠰᠢᠯᠭ᠎ᠠ ᠪᠠᠷᠢᠭᠰᠠᠨ | ᠬᠠᠤᠯᠢ ᠠᠴᠠ ᠵᠥᠷᠢᠴᠡᠭᠰᠡᠨ ᠬᠡᠷᠡᠭ ᠢ ᠰᠢᠢᠳᠪᠦᠷᠢᠯᠡᠵᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ | ᠠᠵᠢᠯ ᠢ ᠴᠢᠩᠭ᠎ᠠ ᠠᠳᠬᠤᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠠᠤᠯᠢ ᠪᠤᠰᠤ ᠪᠠᠷ ᠮᠠᠯᠵᠢᠭᠰᠠᠨ 1 | ᠬᠡᠷᠡᠭ ᠢ ᠰᠢᠢᠳᠪᠦᠷᠢᠯᠡᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ᠬᠠᠤᠯᠢ ᠪᠤᠰᠤ ᠪᠠᠷ ᠮᠠᠯᠵᠢᠭᠰᠠᠨ | 3 ᠬᠡᠷᠡᠭ ᠢ ᠰᠢᠢᠳᠪᠦᠷᠢᠯᠡᠪᠡ᠃ | ᠨᠢᠭᠡ ᠵᠢᠯ ᠳᠤ᠂ ᠪᠢᠳᠡ ᠬᠡᠷᠡᠭ ᠤᠴᠢᠷ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠬᠠᠮᠲᠤᠪᠠᠷ ᠵᠠᠰᠠᠵᠤ | ᠬᠠᠮᠲᠤᠪᠠᠷ ᠡᠳ᠋ᠯᠡᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠠᠮᠤᠷ ᠲᠦᠪᠰᠢᠨ ᠡᠮᠬᠢ ᠳᠢᠭᠯᠢᠮ ᠢ | ᠰᠠᠶᠢᠵᠢᠷᠠᠭᠤᠯᠪᠠ᠃ ᠵᠠᠬᠢᠳᠠᠯ ᠰᠣᠷᠪᠤᠯᠵᠢᠯᠠᠭ᠎ᠠ ᠶᠢᠨ ᠲᠠᠯ᠎ᠠ ᠪᠠᠷ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠰᠢᠢᠳᠪᠤᠷᠢᠯᠠᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ 26 ᠤᠳᠠᠭ᠎ᠠ ᠶᠢᠨ ᠶᠠᠪᠣᠳᠠᠯ ᠢ | ᠢᠯᠡᠷᠡᠭᠦᠯᠦᠭᠰᠡᠨ ᠪᠥᠭᠡᠳ ᠨᠠᠮᠳᠠᠭᠤᠯᠪᠠ᠃ ᠰᠤᠮᠤ᠂ ᠭᠠᠴᠠᠭ᠎ᠠ ᠬᠤᠶᠠᠷ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠᠷ ᠭᠤᠣᠯ ᠴᠣᠭᠴᠠ ᠪᠣᠯᠭᠠᠭᠰᠠᠨ᠂ ᠲᠣᠰᠬᠤᠨ ᠳᠤ ᠰᠠᠭᠤᠭ᠎ᠠ ᠺᠠᠳ᠋ᠷ᠂ ᠰᠦᠯᠵᠢᠶᠡᠨ ᠤ ᠠᠵᠢᠯᠲᠠᠨ᠂ | ᠨᠠᠮ ᠤᠨ ᠭᠡᠰᠢᠭᠦᠨ ᠵᠡᠷᠭᠡ ᠬᠠᠮᠲᠤ ᠪᠠᠷ ᠣᠷᠣᠯᠴᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ | ᠡᠩᠨᠡᠭᠡ ᠶᠢ ᠪᠠᠶᠢᠭᠤᠯᠵᠤ᠂ ︽ᠭᠠᠴᠠᠭ᠎ᠠ ᠣᠷᠣᠯᠠᠨ ᠭᠦᠢᠴᠡᠳᠬᠡᠬᠦ᠂ ᠰᠤᠮᠤ ᠬᠠᠮᠵᠢᠯᠴᠠᠨ ᠭᠦᠢᠴᠡᠳᠬᠡᠬᠦ︾ | ᠲᠣᠭᠲᠠᠴᠠ ᠶᠢ ᠪᠠᠶᠢᠭᠤᠯᠵᠤ᠂ ︽ᠣᠯᠠᠨ ᠡᠰᠢᠲᠦ ᠣᠷᠣᠯᠠᠨ ᠭᠦᠢᠴᠡᠳᠬᠡᠬᠦ᠂ ᠨᠢᠭᠡ ᠴᠣᠭᠴᠠᠵᠢᠭᠤᠯᠤᠨ | ᠰᠢᠢᠳᠪᠦᠷᠢᠯᠡᠬᠦ︾ ᠠᠵᠢᠯ ᠤᠨ ᠪᠠᠶᠢᠷᠢᠰᠢᠯ ᠢ ᠪᠠᠶᠢᠭᠤᠯᠪᠠ᠃ ︽ᠭᠤᠷᠪᠠ ᠶᠢ ᠪᠠᠭᠠᠰᠬᠠᠵᠤ ᠭᠤᠷᠪᠠ ᠶᠢ | ᠰᠢᠯᠢᠳᠡᠭᠵᠢᠭᠦᠯᠬᠦ︾ ᠵᠠᠭᠪᠤᠷ ᠢ ᠨᠠᠶᠢᠳᠠᠪᠤᠷᠢᠵᠢᠭᠤᠯᠤᠨ ᠬᠤᠶᠠᠷ ᠱᠠᠲᠤᠨ ᠤ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠴᠢᠩᠭᠠᠳᠬᠠᠵᠤ᠂ | ᠦᠨᠳᠦᠰᠦᠨ ᠱᠠᠲᠤᠨ ᠤ ᠵᠠᠰᠠᠯᠲᠠ ᠪᠠ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ | ᠲᠦᠯᠬᠢᠨ ᠠᠬᠢᠭᠤᠯᠪᠠ᠃ ᠲᠣᠰ ᠵᠢᠯ ᠳᠤ ᠣᠯᠠᠨ ᠲᠦᠮᠡᠨ ᠳᠤ 300 ᠭᠠᠷᠤᠢ ᠵᠦᠢᠯ ᠤᠨ ᠤᠴᠢᠷ ᠶᠠᠪᠤᠳᠠᠯ ᠢ | ᠣᠷᠣᠯᠠᠨ ᠭᠦᠢᠴᠡᠳᠬᠡᠵᠦ᠂ 36 ᠵᠦᠢᠯ ᠤᠨ ᠪᠠᠴᠢᠮ᠂ ᠬᠦᠴᠢᠷ ᠠᠰᠠᠭᠤᠳᠠᠯ ᠢ ᠰᠢᠢᠳᠪᠦᠷᠢᠯᠡᠵᠡᠢ᠃ ᠠᠶᠤᠯᠭᠦᠢ | ᠦᠢᠯᠡᠳᠪᠦᠷᠢᠯᠡᠯ ᠤᠨ ᠲᠠᠯ᠎ᠠ ᠪᠠᠷ᠂ ᠰᠤᠮᠤ ᠶᠢᠨ 236 ᠢᠳᠡᠭᠡᠨ ᠤᠮᠳᠠᠭᠠᠨ᠂ ᠬᠡᠲᠦ ᠳᠡᠯᠭᠡᠭᠦᠷ᠂ ᠲᠣᠰᠣ ᠨᠡᠮᠡᠬᠦ | ᠥᠷᠲᠡᠭᠡ᠂ ᠰᠢᠲᠠᠮᠠᠭᠠᠢ ᠬᠡᠢ ᠵᠡᠷᠭᠡ ᠴᠢᠬᠤᠯᠠ ᠲᠠᠯᠠᠪᠤᠷ ᠲᠤ 4 ᠤᠳᠠᠭ᠎ᠠ ᠠᠶᠤᠯᠬᠦᠢ ᠤᠶᠢᠯᠠᠳᠪᠤᠷᠢᠯᠠᠯ ᠢ ᠵᠢᠭᠰᠠᠭᠠᠨ | ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ | ᠰᠠᠶᠢᠵᠢᠷᠠᠭᠤᠯᠤᠭᠰᠠᠨ ᠨᠣᠷᠮ᠎ᠠ ᠶᠢ 100% ᠳᠤ ᠬᠦᠷᠭᠡᠪᠡ᠃ 210 ᠮᠤᠵᠢ ᠶᠢᠨ ᠵᠠᠮ ᠤᠨ ᠪᠠᠷᠢᠯᠭ᠎ᠠ ᠶᠢᠨ ᠬᠡᠰᠡᠭ᠂ | ᠢᠳᠡᠭᠡᠨ ᠤ ᠵᠦᠢᠯ ᠢ ᠬᠥᠮᠥᠷᠭᠡᠯᠡᠨ ᠬᠠᠳᠠᠭᠠᠯᠠᠬᠤ ᠲᠥᠪ ᠤᠨ ᠪᠠᠷᠢᠯᠭ᠎ᠠ ᠶᠢᠨ ᠪᠠᠶᠢᠳᠠᠯ ᠢ ᠰᠠᠷ᠎ᠠ ᠪᠦᠷᠢ ᠪᠠᠶᠢᠴᠠᠭᠠᠵᠤ᠂ | ᠪᠠᠷᠢᠯᠭ᠎ᠠ ᠶᠢᠨ ᠣᠷᠴᠢᠨ ᠲᠣᠭᠤᠷᠢᠨ ᠤ ᠠᠮᠤᠷ ᠲᠦᠪᠰᠢᠨ ᠠᠶᠤᠯᠭᠦᠢ ᠪᠠᠶᠢᠳᠠᠯ ᠢ ᠪᠠᠳᠣᠯᠠᠪᠠ︔ 8 ᠤᠳᠠᠭ᠎ᠠ ᠶᠢᠨ | ᠲᠣᠮᠣ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ 1200 ᠭᠠᠷᠤᠢ ᠬᠤᠪᠢ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠵᠤ᠂ 240 ᠭᠠᠷᠤᠢ ᠬᠥᠮᠥᠨ ᠤᠳᠠᠭ᠎ᠠ ᠶᠢᠨ ᠯᠠᠪᠯᠠᠭᠴᠢ ᠶᠢ ᠬᠦᠯᠢᠶᠡᠨ ᠠᠪᠤᠪᠠ᠃ ᠣᠷᠣᠰᠢᠨ | ᠰᠠᠭᠤᠬᠤ ᠣᠷᠴᠢᠨ ᠲᠣᠭᠤᠷᠢᠨ ᠤ ᠲᠠᠯ᠎ᠠ ᠪᠠᠷ᠂ ᠨᠢᠭᠡ ᠳᠤ᠂ ︽ᠰᠢᠨᠡᠰᠦ᠋ᠮ᠎ᠡ ᠰᠤᠮᠤ ᠶᠢᠨ ᠵᠢᠵᠢᠭ ᠬᠤᠲᠠ | ᠪᠠᠯᠭᠠᠰᠤ ᠶᠢᠨ ᠬᠠᠮᠢᠶᠠᠷᠤᠯᠲᠠ ᠶᠢᠨ ᠠᠷᠭ᠎ᠠ︾ ᠶᠢ ᠭᠦᠨᠵᠡᠭᠡᠢ ᠬᠡᠷᠡᠭᠵᠢᠭᠦᠯᠵᠦ᠂ ᠰᠤᠮᠤ ᠶᠢᠨ ᠵᠠᠷᠤᠳᠠᠯ ᠠᠴᠠ 40 | ᠲᠦᠮᠡᠨ ᠲᠥᠭᠦᠷᠢᠭ ᠭᠠᠷᠭᠠᠵᠤ᠂ ᠬᠠᠷᠢᠶᠠᠲᠤ ᠣᠷᠣᠨ ᠤ ᠬᠤᠭ ᠨᠣᠪᠰᠢ ᠶᠢ ᠴᠡᠪᠡᠷᠯᠡᠬᠦ᠂ ᠲᠡᠭᠡᠭᠡᠪᠣᠷᠢᠯᠡᠬᠦ ᠵᠡᠷᠭᠡ | ᠠᠵᠢᠯ ᠢ ᠪᠡᠶᠡᠯᠡᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠬᠤᠭ ᠨᠣᠪᠰᠢ ᠶᠢ | ᠰᠢᠢᠳᠪᠦᠷᠢᠯᠡᠬᠦ ᠠᠵᠢᠯ ᠢ ᠨᠠᠩ ᠵᠢᠷᠤᠮᠵᠢᠬᠦᠯᠪᠡ᠃ ᠬᠤᠶᠠᠷ ᠲᠤ᠂ 2000 ᠭᠠᠷᠤᠢ ᠬᠥᠮᠥᠨ ᠤᠳᠠᠭ᠎ᠠ ᠶᠢ ᠵᠣᠬᠢᠶᠠᠨ | ᠪᠠᠶᠢᠭᠤᠯᠤᠨ ᠬᠠᠷᠢᠶᠠᠳᠤ ᠤᠷᠤᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠵᠡᠭᠡᠯᠢ ᠳᠠᠭᠠᠤ ᠶᠢᠨ ᠬᠤᠳᠠᠯᠳᠤᠭᠠᠴᠢᠨ ᠢ ᠳᠠᠶᠢᠴᠢᠯᠠᠨ ᠣᠷᠣᠯᠴᠠᠭᠤᠯᠵᠤ᠂ ᠬᠠᠷᠢᠶᠠᠳᠤ ᠤᠷᠤᠨ ᠤ | ᠤᠷᠴᠢᠨ ᠲᠤᠭᠤᠷᠢᠨ ᠢᠯᠡᠳᠲᠡ ᠳᠡᠭᠡᠭᠰᠢᠯᠡᠪᠡ᠃ ᠬᠠᠷᠢᠶᠠᠲᠤ ᠣᠷᠣᠨ ᠤ ᠭᠤᠣᠯ ᠤᠨ ᠲᠣᠬᠤᠢ ᠶᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠵᠤ᠂ ᠪᠣᠬᠢᠷᠲᠤᠯ ᠦᠭᠡᠢ ᠪᠠᠶᠢᠬᠤ ᠶᠢ ᠦᠨᠡᠨᠬᠦ ᠪᠠᠳᠣᠯᠠᠪᠠ᠃ ᠭᠤᠷᠪᠠ ᠳᠤ᠂ ᠠᠶᠢᠯ | ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠤᠬᠠᠭᠤᠯᠭ᠎ᠠ | ᠳᠠᠶᠢᠴᠢᠯᠠᠯᠲᠠ ᠶᠢ ᠴᠢᠩᠭᠠᠳᠬᠠᠵᠤ᠂ ᠠᠶᠢᠯ ᠲᠣᠰᠬᠤᠨ ᠤ ᠠᠷᠢᠭᠤᠨ ᠴᠡᠪᠡᠷ ᠤᠨ ᠡᠳᠦᠷ ᠭᠠᠷᠭᠠᠵᠤ᠂ ᠠᠶᠢᠯ | ᠲᠣᠰᠬᠤᠨ ᠤ ᠠᠷᠢᠭᠤᠨ ᠴᠡᠪᠡᠷ ᠢ ᠭᠠᠴᠠᠭ᠎ᠠ ᠲᠣᠰᠬᠤᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠪᠠ᠃ | ᠳᠥᠷᠪᠡ ᠳᠤ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠭᠤᠯᠬᠤ︾ ᠳᠦᠷᠢᠮ ᠢ ᠪᠠᠶᠢᠭᠤᠯᠵᠤ᠂ ︽ᠡᠭᠦᠳᠡᠨ | ᠡᠮᠦᠨᠡᠬᠢ ᠭᠤᠷᠪᠠ ᠶᠢ ᠳᠠᠭᠠᠭᠠᠴᠢᠯᠠᠭᠤᠯᠬᠤ︾ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠶᠢ | ᠪᠡᠶᠡᠯᠡᠭᠦᠯᠵᠦ᠂ ᠬᠦᠷᠢᠶ᠎ᠡ ᠬᠠᠰᠢᠶ᠎ᠠ᠂ ᠭᠡᠷ ᠤᠨ ᠠᠷᠤ ᠥᠪᠣᠷ᠂ ᠭᠡᠷ ᠤᠨ ᠳᠣᠲᠣᠷᠠᠬᠢ ᠠᠷᠢᠭᠤᠨ ᠴᠡᠪᠡᠷ ᠤᠨ | ᠵᠠᠰᠠᠯᠳᠠ ᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠤᠬᠠᠮᠰᠠᠷ ᠠᠴᠠ ᠪᠠᠨ ᠬᠤᠭ ᠨᠣᠪᠰᠢ ᠶᠢ ᠴᠡᠪᠡᠷᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠶᠢᠷᠠᠯᠠᠵᠤ᠂ ︽ | ᠬᠤᠪᠢ ᠬᠤᠷᠠᠮᠳᠤᠭᠤᠯᠬᠤ ᠳᠦᠷᠢᠮ︾ ᠵᠡᠷᠭᠡ ᠬᠥᠳᠡᠭᠡ ᠲᠣᠰᠬᠤᠨ ᠤ ᠵᠠᠰᠠᠯᠲᠠ ᠶᠢᠨ ᠵᠠᠭᠪᠤᠷ ᠲᠠᠢ ᠤᠶᠠᠯᠳᠤᠭᠤᠯᠵᠤ᠂ | ᠤᠯᠠᠨ ᠲᠦᠮᠡᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ︽ᠡᠵᠡᠨ ᠬᠥᠮᠥᠨ︾ ᠤ ᠤᠬᠠᠮᠰᠠᠷ ᠢ | ᠳᠠᠰᠤᠷᠠᠯᠳᠠ ᠦᠭᠡᠢ ᠲᠡᠭᠡᠭᠰᠢᠯᠡᠬᠦᠯᠪᠡ᠃ | | | | | | |