| ︵ᠭᠤᠷᠪᠠ︶ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠦᠲᠦᠭᠡᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠪᠠᠷ ᠠᠵᠤ ᠠᠬᠤᠢ ᠶᠢᠨ | ᠬᠥᠭᠵᠢᠯᠲᠡ ᠶᠢ ᠠᠬᠢᠭᠤᠯᠤᠨ᠂ ᠣᠷᠣᠨ ᠪᠠᠶᠢᠷᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ | ᠬᠤᠪᠢᠷᠠᠭᠤᠯᠤᠨ᠎ᠠ᠃ ᠨᠢᠭᠡ ᠳᠤ ᠰᠢᠨᠡᠰᠦ᠋ᠮ᠎ᠡ ᠰᠤᠮᠤ ᠶᠢᠨ ᠬᠡᠬᠦᠦᠳᠤ ᠭᠠᠴᠠᠭ᠎ᠠ ᠶᠢᠨ ᠤᠰᠤ ᠵᠠᠯᠠᠬᠤ ᠢᠨᠵᠧᠨᠧᠷᠢᠩ ᠤᠨ | ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠤᠨ᠎ᠠ᠃ 173.43 ᠲᠦᠮᠡᠨ ᠲᠥᠭᠦᠷᠢᠭ ᠣᠷᠣᠭᠤᠯᠵᠤ ᠲᠣᠰ ᠲᠥᠷᠥᠯ | ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠡᠭᠦᠨ ᠳᠤ ᠬᠡᠬᠦᠦᠳᠤ ᠭᠠᠴᠠᠭ᠎ᠠ ᠶᠢᠨ ᠵᠡᠭᠡᠯᠢ ᠶᠢᠨ ᠲᠣᠭᠤᠷᠢᠭ ᠤᠨ | ᠤᠰᠤ ᠵᠠᠯᠠᠬᠤ ᠢᠨᠵᠧᠨᠧᠷᠢᠩ ᠲᠤ 51.13 ᠲᠦᠮᠡᠨ ᠲᠥᠭᠦᠷᠢᠭ ᠤᠨ ᠪᠠᠯᠠ ᠤᠷᠤᠭᠤᠯᠵᠤ᠂ ᠵᠠᠮ ᠤᠨ ᠬᠤᠶᠠᠷ | ᠬᠠᠵᠠᠭᠤ ᠶᠢᠨ ᠵᠠᠰᠠᠯᠳᠠ ᠢᠨᠵᠧᠨᠧᠷᠢᠩ ᠳᠤ 122.3 ᠲᠦᠮᠡᠨ ᠲᠥᠭᠦᠷᠢᠭ ᠤᠨ ᠪᠠᠯᠠ ᠤᠷᠤᠭᠤᠯᠤᠨ᠎ᠠ᠂ ᠭᠤᠣᠯᠳᠠᠭᠤ | ᠬᠡᠬᠦᠦᠳᠤ ᠭᠠᠴᠠᠭ᠎ᠠ ᠶᠢᠨ ᠵᠡᠭᠡᠯᠢ ᠶᠢᠨ ᠲᠣᠭᠤᠷᠢᠭ ᠤᠨ S210 ᠵᠠᠰᠠᠮᠠᠯ ᠵᠠᠮ ᠵᠢᠴᠢ ᠬᠠᠷᠠᠭᠠᠯᠵᠠᠭᠰᠠᠨ ᠵᠡᠭᠡᠯᠢ | ᠭᠤᠳᠤᠮᠵᠢ ᠶᠢᠨ ᠤᠰᠤ ᠵᠠᠯᠠᠬᠤ ᠢᠨᠵᠧᠨᠧᠷᠢᠩ ᠢ ᠪᠦᠳᠦᠭᠡᠨ ᠪᠠᠶᠢᠭᠤᠯᠤᠨ᠎ᠠ᠂ ᠡᠨᠡ ᠨᠢ ᠰᠤᠮᠤ ᠶᠢᠨ ᠵᠠᠮ ᠤᠨ ᠲᠤᠨᠤᠭ | ᠲᠦᠬᠦᠭᠡᠷᠦᠮᠵᠢ ᠪᠠ ᠪᠠᠯᠭᠠᠰᠤ ᠶᠢᠨ ᠲᠦᠷᠢ ᠲᠦᠷᠬᠦ ᠶᠢ ᠴᠢᠷᠮᠠᠶᠢᠨ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠬᠤᠶᠠᠷ ᠲᠤ᠂ ᠰᠢᠨᠡᠰᠦ᠋ᠮ᠎ᠡ ᠰᠤᠮᠤ ᠶᠢᠨ ᠲᠠᠰᠤᠷᠬᠠᠢ ᠵᠠᠮ ᠢ ᠨᠡᠪᠲᠡᠷᠡᠭᠦᠯᠦᠨ ᠬᠠᠲᠠᠭᠤᠷᠠᠭᠤᠯᠬᠤ | ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠤᠨ᠎ᠠ᠃ 424 ᠲᠦᠮᠡᠨ ᠲᠥᠭᠦᠷᠢᠭ ᠤᠨ ᠪᠠᠯᠠ ᠣᠷᠣᠭᠤᠯᠵᠤ᠂ | ᠰᠢᠨᠠᠰᠦ᠋ᠮ᠎ᠠ ᠰᠤᠮᠤ ᠶᠢᠨ ᠳᠠᠷᠬᠠᠨ ᠭᠠᠴᠠᠭ᠎ᠠ ᠳᠤ 5 ᠮᠧᠲᠷ ᠥᠷᠭᠡᠨ᠂ 7 ᠺᠢᠯᠣᠮᠧᠲᠷ ᠣᠷᠳᠣ ᠱᠦᠢᠨᠢ ᠵᠠᠮ | ᠲᠠᠪᠢᠰᠴᠤ᠂ ᠪᠠᠶ᠋ᠬᠠᠦ᠋ᠨᠳᠤᠷ ᠭᠠᠴᠠᠭ᠎ᠠ ᠳᠤ 3.5 ᠮᠧᠲᠷ ᠥᠷᠭᠡᠨ᠂ 2 ᠺᠢᠯᠣᠮᠧᠲᠷ ᠣᠷᠳᠣ ᠱᠦᠢᠨᠢ ᠵᠠᠮ ᠲᠠᠪᠢᠰᠤᠨ᠂ | ᠪᠣᠷᠣᠭᠠᠨ ᠤ ᠤᠯᠠᠷᠢᠯ ᠳᠤ ᠵᠠᠮ ᠤᠨ ᠰᠢᠪᠠᠷ ᠪᠠᠯᠴᠢᠭ ᠤᠨ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ | ᠶᠠᠪᠤᠵᠤ ᠰᠠᠭᠤᠬᠤ ᠳᠤ ᠲᠥᠬᠦᠮ ᠦᠵᠡᠭᠦᠯᠦᠨ᠎ᠡ᠃ ᠭᠤᠷᠪᠠ ᠳᠤ ᠬᠠᠷᠢᠶ᠎ᠠ ᠣᠷᠣᠨ ᠤ ᠳᠣᠲᠣᠷᠠᠬᠢ ᠮᠤᠵᠢ ᠶᠢᠨ | ᠵᠠᠮ ᠤᠨ 210 ᠱᠤᠭᠤᠮ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠠᠷᠢᠯᠭ᠎ᠠ ᠶᠢᠨ ᠠᠬᠢᠴᠠ ᠪᠠ ᠠᠶᠤᠯᠬᠦᠢ ᠡᠮᠬᠢ ᠵᠢᠷᠤᠮ | ᠲᠠᠢ ᠶᠠᠪᠤᠬᠳᠠᠬᠤ ᠶᠢ ᠪᠠᠳᠤᠯᠠᠨ᠎ᠠ᠃ ᠳᠥᠷᠪᠡ ᠳᠤ᠂ ᠰᠤᠮᠤ ᠶᠢᠨ ᠲᠣᠭᠤᠷᠢᠯ ᠵᠠᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ 304 ᠮᠤᠵᠢ ᠶᠢᠨ ᠵᠠᠮ ᠪᠠ 210 ᠮᠤᠵᠢ ᠶᠢᠨ ᠵᠠᠮ ᠰᠤᠮᠤ ᠶᠢᠨ ᠬᠠᠷᠢᠶᠠᠳᠤ | ᠤᠷᠤᠨ ᠤ ᠵᠠᠮ ᠤᠨ ᠬᠡᠰᠡᠭ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠣᠯᠠᠨ ᠲᠦᠮᠡᠨ ᠤ ᠶᠠᠪᠤᠵᠤ | ᠰᠠᠭᠤᠬᠤ ᠶᠢᠨ ᠠᠮᠤᠷ ᠲᠦᠪᠰᠢᠨ ᠢ ᠪᠠᠲᠤᠯᠠᠨ᠎ᠠ᠃ ᠲᠠᠪᠤ ᠳᠤ᠂ ᠬᠠᠶᠢᠯᠠᠰᠣ ᠠᠴᠠ ᠳ᠋ᠠᠰᠢᠩ ᠬᠦᠷᠬᠦ ᠵᠠᠮ ᠢ ᠰᠠᠶᠢᠲᠤᠷ | ᠬᠠᠮᠠᠭᠠᠯᠠᠵᠤ᠂ ᠡᠪᠳᠡᠷᠡᠵᠦ ᠰᠦᠢᠳᠦᠭᠰᠡᠨ ᠵᠠᠮ ᠢ ᠴᠠᠭ ᠲᠤᠬᠠᠢ ᠳᠤᠨᠢ ᠰᠡᠯᠪᠢᠨ ᠵᠠᠰᠠᠨ᠎ᠠ᠃ | ︵ᠳᠥᠷᠪᠡ︶ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶᠠᠷᠴᠤ ᠬᠠᠮᠠᠭᠠᠯᠠᠬᠤ᠂ ᠬᠠᠤᠯᠢ ᠬᠡᠷᠡᠭᠵᠢᠭᠦᠯᠵᠦ ᠴᠡᠭᠴᠡᠯᠡᠨ | ᠵᠠᠰᠠᠬᠤ ᠪᠠ ᠣᠶ ᠰᠢᠭᠤᠢ ᠶᠢᠨ ᠬᠠᠮᠢᠶ᠎ᠠ ᠪᠦᠬᠦᠢ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠨᠢᠭᠡ ᠳᠤ | ᠪᠣᠬᠢᠷᠲᠤᠯ ᠢ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠭᠤᠣᠯ ᠤᠨ ᠳᠠᠷᠤᠭ᠎ᠠ ᠶᠢᠨ ᠳᠦᠷᠢᠮ᠂ ᠣᠶ ᠰᠢᠭᠤᠢ ᠶᠢᠨ | ᠳᠠᠷᠤᠭ᠎ᠠ ᠶᠢᠨ ᠳᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠦᠨᠡᠮᠯᠡᠯ ᠦᠭᠡᠢ ᠪᠠᠷ ᠡᠯᠡᠰᠦ ᠮᠠᠯᠲᠠᠬᠤ᠂ | ᠭᠤᠣᠯ ᠤᠨ ᠲᠤᠬᠤᠢ ᠶᠢ ᠬᠦᠷᠢᠶᠡᠯᠡᠨ ᠬᠠᠭᠠᠯᠪᠤᠷᠢᠯᠠᠬᠤ᠂ ᠭᠤᠣᠯ ᠤᠨ ᠲᠣᠬᠤᠢ ᠳᠤ ᠬᠠᠷᠰᠢ ᠰᠠᠭᠠᠳ ᠭᠠᠷᠭᠠᠬᠤ | ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠨ᠎ᠠ᠃ ᠬᠤᠶᠠᠷ ᠲᠤ ᠪᠠᠶᠢᠭᠠᠯᠢᠭ ᠤᠢ | ᠰᠢᠭᠤᠢ ᠶᠢᠨ ᠤᠷᠤᠨ᠂ ᠡᠯᠡᠰᠦᠨ ᠤ ᠡᠬᠢ ᠰᠤᠷᠪᠤᠯᠵᠢ ᠶᠢᠨ ᠲᠥᠷᠥᠯ ᠵᠦᠢᠯ ᠤᠨ ᠣᠷᠣᠨ ᠤ ᠬᠠᠮᠢᠶᠠᠷᠴᠤ ᠬᠠᠮᠠᠭᠠᠯᠠᠬᠤ | ᠡᠷᠴᠢᠮ ᠢ ᠴᠢᠩᠭᠠᠷᠠᠭᠤᠯᠤᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ | ᠂ ᠰᠡᠯᠬᠦᠨ ᠮᠠᠯᠵᠢᠬᠤ ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠭᠤᠷᠪᠠᠨ ᠵᠦᠢᠯ ᠤᠨ ᠦᠨᠳᠦᠰᠦᠨ | ᠳᠦᠷᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠭᠤᠷᠪᠠ ᠳᠤ ᠠᠮᠢ ᠠᠬᠤᠢ ᠶᠢᠨ | ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠦᠷᠭᠦᠯᠵᠢᠯᠡᠨ ᠥᠨᠳᠥᠷ ᠳᠠᠷᠤᠯᠲᠠ ᠪᠠᠷ | ᠣᠶ ᠰᠢᠭᠤᠢ ᠡᠪᠡᠰᠦ ᠪᠡᠯᠴᠢᠭᠡᠷ ᠢ ᠡᠪᠳᠡᠬᠦ᠂ ᠬᠠᠤᠯᠢ ᠪᠤᠰᠤ ᠪᠠᠷ ᠮᠠᠯ ᠬᠠᠷᠢᠭᠤᠯᠬᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠠᠮᠢᠶᠠᠷᠤᠯᠲᠠ ᠶᠢᠨ ᠡᠮᠬᠢ ᠳᠢᠭᠯᠢᠮ ᠢ ᠴᠢᠩᠭ᠎ᠠ ᠠᠳᠬᠤᠨ᠂ ᠪᠠᠶᠢᠴᠠᠭᠠᠨ ᠰᠢᠢᠳᠪᠦᠷᠢᠯᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠂ ᠪᠡᠯᠴᠢᠭᠡᠷᠯᠡᠭᠦᠯᠬᠦ ᠶᠢ | ᠵᠣᠭᠰᠤᠭᠠᠬᠤ ᠬᠤᠭᠤᠴᠠᠭᠠᠨ ᠳᠠᠬᠢ ᠲᠣᠭᠤᠷᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠦᠨ᠂ ᠬᠠᠤᠯᠢ ᠶᠢ ᠵᠥᠷᠢᠴᠡᠨ | ᠬᠠᠭᠠᠯᠪᠤᠷᠢᠯᠠᠬᠤ᠂ ᠳᠤᠷ᠎ᠠ ᠪᠠᠷ ᠢᠶᠠᠨ ᠮᠤᠳᠤ ᠣᠭᠲᠣᠯᠬᠤ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠨ᠂ ᠠᠮᠢ | ᠠᠬᠤᠢ ᠶᠢᠨ ᠲᠡᠩᠴᠡᠭᠦᠷᠢ ᠶᠢ ᠬᠠᠮᠠᠭᠠᠯᠠᠵᠤ᠂ ᠣᠶ ᠰᠢᠭᠤᠢ ᠡᠪᠡᠰᠦ ᠪᠡᠯᠴᠢᠭᠡᠷ ᠢ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢᠨ ᠦᠷ᠎ᠡ ᠪᠦᠲᠦᠭᠡᠯ ᠢ ᠦᠨᠡᠨᠬᠦ ᠪᠠᠳᠣᠳᠬᠠᠨ᠎ᠠ᠃ ᠳᠥᠷᠪᠡ ᠳᠤ ᠣᠶᠢᠲᠤ ᠭᠠᠵᠠᠷ ᠤᠨ ᠤᠷᠭᠤᠮᠠᠯ ᠤᠨ | ᠬᠤᠴᠢᠯᠭ᠎ᠠ ᠶᠢ ᠪᠦᠲᠦᠭᠡᠨ ᠪᠠᠶᠢᠭᠤᠯᠵᠤ ᠰᠡᠷᠭᠦᠭᠡᠬᠦ ᠠᠵᠢᠯ ᠢ ᠦᠷᠭᠦᠯᠵᠢᠯᠡᠨ ᠠᠬᠢᠭᠤᠯᠤᠨ᠎ᠠ᠃ ᠬᠥᠮᠥᠨ ᠤ | ᠬᠦᠴᠦ ᠪᠠᠷ ᠣᠶᠢᠵᠢᠭᠤᠯᠬᠤ᠂ ᠨᠥᠬᠦᠵᠦ ᠳᠠᠷᠢᠵᠤ ᠣᠶᠢᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠣᠶᠢᠲᠤ ᠭᠠᠵᠠᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠣᠶ ᠰᠢᠭᠤᠢ ᠳᠤ ᠬᠤᠯᠪᠣᠭᠳᠠᠬᠤ ᠲᠥᠷᠥᠯ ᠵᠦᠢᠯ ᠢ ᠢᠳᠡᠪᠬᠢᠲᠡᠢ ᠪᠠᠷ | ᠠᠬᠢᠭᠤᠯᠤᠨ᠂ ᠢᠵᠢ ᠪᠦᠷᠢᠳᠦᠭᠦᠯᠦᠭᠰᠡᠨ ᠬᠥᠮᠥᠨ ᠤ ᠬᠦᠴᠦ ᠪᠠᠷ ᠣᠶᠢᠵᠢᠭᠤᠯᠬᠤ ᠢᠨᠵᠧᠨᠧᠷᠢᠩ ᠪᠠ ᠣᠶ | ᠰᠢᠭᠤᠢ ᠶᠢᠨ ᠠᠮᠢ ᠠᠬᠤᠢ ᠶᠢᠨ ᠰᠦᠷᠦᠭᠵᠢᠯ ᠤᠨ ᠪᠦᠰᠡ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ | ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ | ᠨᠣᠭᠤᠭᠠᠷᠠᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠤᠨ᠎ᠠ᠃ ᠲᠠᠪᠤ ᠳᠤ᠂ ᠤᠢ ᠰᠢᠭᠤᠢ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠬᠦ ᠠᠵᠢᠯ ᠢ ᠴᠢᠩᠭ᠎ᠠ ᠠᠳᠬᠤᠨ᠎ᠠ᠃ ᠭᠠᠯ ᠤᠨᠲᠠᠷᠠᠭᠠᠬᠤ᠂ ᠭᠠᠯ ᠢ ᠰᠡᠷᠭᠡᠶᠢᠯᠡᠬᠦ ᠤᠬᠠᠭᠤᠯᠭ᠎ᠠ | ᠬᠥᠮᠦᠵᠢᠯ ᠪᠣᠯᠣᠨ ᠭᠠᠯ ᠤᠨᠲᠠᠷᠠᠭᠠᠬᠤ ᠠᠩᠭᠢ ᠶᠢᠨ ᠪᠣᠯᠪᠠᠰᠤᠷᠠᠯ ᠤᠨ ᠡᠷᠴᠢᠮ ᠢ ᠳᠡᠭᠡᠭᠰᠢᠯᠡᠭᠦᠯᠵᠦ᠂ ᠤᠷᠢᠳᠴᠢᠯᠠᠨ | ᠰᠡᠷᠡᠮᠵᠢᠯᠡᠭᠦᠯᠬᠦ ᠵᠢᠴᠢ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ | ᠨᠡᠮᠡᠭᠳᠡᠭᠦᠯᠦᠨ᠎ᠡ᠃ | ︵ᠲᠠᠪᠤ︶ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠠᠮᠤᠷ ᠠᠮᠤᠭᠤᠯᠠᠩ ᠰᠢᠨᠠᠰᠦ᠋ᠮ᠎ᠠ ᠰᠤᠮᠤ ᠶᠢ ᠬᠦᠴᠦᠯᠡᠨ ᠪᠦᠲᠦᠭᠡᠨ | ᠪᠠᠶᠢᠭᠤᠯᠤᠨ᠎ᠠ᠃ ᠨᠢᠭᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ | ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠪᠦᠬᠦ ᠲᠠᠯ᠎ᠠ ᠪᠠᠷ | ᠭᠦᠨᠵᠡᠭᠡᠢ ᠪᠣᠳᠠᠲᠠᠢ ᠪᠠᠷ ᠲᠤᠭᠤᠰᠢᠯᠠᠭᠤᠯᠤᠨ᠎ᠠ᠃ 1. ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠡᠭᠡᠳᠦ | ᠬᠡᠮᠵᠢᠶᠡᠨ ᠠᠴᠠ ᠡᠨᠡ ᠬᠦ ᠭᠤᠣᠯ ᠰᠢᠵᠢᠮ ᠢ ᠡᠵᠡᠮᠳᠡᠨ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ᠂ ᠠᠴᠢᠶᠠᠯᠠᠪᠤᠷᠢ ᠶᠢ ᠥᠷᠭᠡᠳᠬᠡᠬᠦ᠂ ᠲᠥᠷᠥᠯ ᠵᠦᠢᠯ ᠢᠶᠠᠷ ᠠᠬᠢᠭᠤᠯᠬᠤ᠂ ᠠᠭᠤᠷ ᠠᠮᠢᠰᠬᠤᠯ ᠢ ᠪᠣᠶ | ᠪᠣᠯᠭᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠤᠳᠤᠷᠢᠳᠬᠤ ᠳᠤᠭᠤᠶᠢᠯᠠᠩ᠂ ᠠᠬᠢᠭᠤᠯᠬᠤ ᠳᠤᠭᠤᠶᠢᠯᠠᠩ᠂ ᠤᠬᠠᠭᠤᠯᠬᠤ ᠠᠩᠭᠢ ᠵᠡᠷᠭᠡ ᠭᠤᠷᠪᠠᠨ | ᠡᠩᠨᠡᠭᠡ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠭᠦᠢᠴᠡᠳ ᠰᠠᠶᠢᠲᠤᠷ ᠬᠡᠷᠡᠭᠯᠡᠵᠦ᠂ ᠡᠯ᠎ᠡ ᠵᠦᠢᠯ ᠤᠨ | ᠠᠵᠢᠯ ᠤᠨ ᠨᠠᠶᠢᠳᠠᠪᠤᠷᠢᠵᠢᠭᠤᠯᠤᠯᠲᠠ ᠪᠠ ᠦᠷ᠎ᠡ ᠪᠦᠲᠦᠮᠵᠢ ᠣᠯᠬᠤ ᠶᠢ ᠠᠬᠢᠭᠤᠯᠤᠨ᠂ ᠦᠨᠳᠦᠰᠦᠲᠡᠨ ᠤ | ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ 2. ᠲᠤᠰᠬᠠᠢ ᠬᠢᠴᠢᠶᠡᠯ ᠲᠣᠬᠢᠷᠠᠭᠤᠯᠵᠤ᠂ | ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ | ᠬᠥᠲᠥᠯᠥᠨ ᠵᠢᠯᠤᠭᠤᠳᠴᠤ ᠪᠠᠶᠢᠭᠠᠳ ︽ᠭᠤᠷᠪᠠᠨ ᠰᠠᠯᠵᠤ ᠴᠢᠳᠠᠬᠤ ᠦᠭᠡᠢ︾ ︽ᠳᠥᠷᠪᠡᠨ ᠬᠠᠮᠲᠤ ᠪᠠᠷ︾ ︽ | ᠲᠦᠷᠪᠡ ᠶᠢ ᠬᠠᠮᠳᠤᠪᠠᠷ ᠡᠳ᠋ᠯᠡᠬᠦ︾ ︽ᠲᠠᠪᠤᠨ ᠬᠠᠮᠳᠣ ᠶᠢᠨ ᠮᠡᠳᠡᠯ︾ ︽ᠲᠠᠪᠤᠨ ᠦᠵᠡᠯᠲᠡ︾ ᠵᠡᠷᠭᠡ | ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠡᠵᠡᠮᠰᠢᠬᠦᠯᠣᠨᠡ︔ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠭᠤᠣᠯ ᠰᠢᠵᠢᠮ ᠢ ᠪᠦᠬᠦ | ᠲᠠᠯ᠎ᠠ ᠪᠠᠷ ᠲᠤᠤᠱᠯᠠᠭᠤᠯᠬᠤ ᠶᠢ ︽ᠭᠤᠷᠪᠠ ᠶᠢ ᠲᠣᠭᠲᠠᠭᠠᠬᠤ︾ ᠲᠣᠭᠲᠠᠭᠠᠯ ᠳᠤ ᠪᠢᠴᠢᠨ ᠣᠷᠣᠭᠤᠯᠵᠤ᠂ ᠡᠯ᠎ᠡ | ᠠᠵᠢᠯ ᠲᠦᠷᠦᠯ ᠤᠨ ᠳᠦᠷᠢᠮ ᠲᠣᠭᠲᠠᠭᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠠ ᠲᠣᠰᠬᠤᠨ ᠤ | ᠳᠦᠷᠢᠮ ᠠᠷᠠᠳ ᠤᠨ ᠭᠡᠷ᠎ᠡ ᠳᠤ ᠪᠢᠴᠢᠨ ᠣᠷᠣᠭᠤᠯᠵᠤ᠂ ᠰᠤᠷᠭᠠᠭᠤᠯᠢ ᠶᠢᠨ ᠰᠤᠷᠭᠠᠭᠤᠯᠢ ᠡᠷᠬᠢᠯᠡᠵᠤ ᠰᠤᠷᠭᠠᠭᠤᠯᠢ ᠶᠢ | ᠵᠠᠰᠠᠬᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠪᠦᠬᠦ ᠶᠠᠪᠤᠴᠠ ᠳᠤ ᠠᠭᠤᠰᠬᠠᠨ ᠣᠷᠣᠭᠤᠯᠵᠤ᠂ ᠺᠠᠳ᠋ᠷ ᠤᠨ | ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠰᠤᠷᠭᠠᠭᠤᠯᠢ ᠶᠢᠨ ᠬᠥᠮᠦᠵᠢᠯ᠂ ᠨᠡᠶᠢᠭᠡᠮ ᠤᠨ ᠬᠥᠮᠦᠵᠢᠯ ᠳᠤ | ᠠᠭᠤᠰᠬᠠᠨ᠎ᠠ᠃ 3. ᠦᠨᠳᠦᠰᠦᠲᠡᠨ ᠤ ᠰᠣᠶᠣᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠠ ᠣᠨᠴᠠᠯᠢᠭᠲᠤ | ᠠᠵᠤ ᠦᠢᠯᠡᠰ ᠢ ᠳᠡᠯᠭᠡᠷᠡᠭᠦᠯᠬᠦ ᠶᠢ ᠳᠡᠮᠵᠢᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠵᠣ᠂ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ 4. ᠦᠨᠳᠦᠰᠦᠲᠡᠨ ᠤ ᠬᠠᠤᠯᠢ ᠴᠠᠭᠠᠵᠠ | ᠬᠠᠤᠯᠢ ᠲᠣᠭᠲᠠᠭᠠᠯ ᠢ ᠤᠬᠠᠭᠤᠯᠬᠤ ᠪᠠ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ︽ᠬᠤᠶᠠᠷ ᠰᠠᠷ᠎ᠠ ᠨᠢᠭᠡ | ᠭᠠᠷᠠᠭ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ | ᠭᠤᠣᠯ ᠰᠢᠵᠢᠮ ᠢᠶᠠᠷ ᠲᠣᠪᠣᠶᠢᠮ᠎ᠠ ᠦᠨᠳᠦᠰᠦᠲᠡᠨ ᠤ ᠠᠭᠤᠰᠤᠯᠴᠠᠯ ᠤᠨ ᠰᠢᠷᠢᠰ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ︽ᠵᠢᠷᠭᠤᠭᠠᠨ | ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠰᠠᠶᠢᠲᠤᠷ ᠲᠠᠶᠢᠯᠪᠤᠷᠢᠯᠠᠨ ᠥᠭᠴᠦ᠂ ᠥᠷᠭᠡᠨ ᠣᠯᠠᠨ | ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ | ᠪᠦᠯᠬᠦᠮᠳᠡᠨ ᠲᠡᠮᠡᠴᠡᠵᠦ ᠰᠢᠨ᠎ᠡ ᠠᠶᠠᠨ ᠵᠠᠮ ᠳᠤ ᠤᠷᠤᠭᠰᠢᠯᠠᠭᠤᠯᠤᠨ᠎ᠠ᠃ ᠬᠤᠶᠠᠷ ᠲᠤ᠂ ᠵᠥᠷᠢᠴᠡᠯ ᠵᠢᠭᠤᠷᠠᠭᠠᠨ ᠢ | ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ | ᠣᠷᠣᠯᠠᠨ ᠭᠦᠢᠴᠡᠳᠬᠡᠬᠦ ᠡᠩᠨᠡᠭᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ︽ᠭᠠᠴᠠᠭ᠎ᠠ ᠣᠷᠣᠯᠠᠨ | ᠭᠦᠢᠴᠡᠳᠬᠡᠬᠦ᠂ ᠰᠤᠮᠤ ᠬᠠᠮᠵᠢᠨ ᠭᠦᠢᠴᠡᠳᠬᠡᠬᠦ︾ ᠲᠣᠭᠲᠠᠴᠠ ᠶᠢ ᠪᠦᠷᠢᠨᠰᠢᠭᠦᠯᠵᠦ᠂ ᠠᠶᠤᠯ ᠲᠦᠭᠰᠢᠭᠦᠷᠢ ᠶᠢᠨ | ᠳᠠᠯᠳᠠ ᠭᠡᠮ ᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠨ᠎ᠡ᠃ ᠭᠤᠷᠪᠠ ᠳᠤ ᠬᠤᠶᠠᠷ ᠱᠠᠲᠤᠨ ᠤ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ | ᠴᠢᠩᠭᠠᠳᠬᠠᠵᠤ᠂ ᠣᠯᠠᠨ ᠲᠦᠮᠡᠨ ᠤ ᠪᠠᠴᠢᠮ ᠪᠡᠷᠬᠡ᠂ ᠬᠦᠴᠢᠷ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠦᠨᠳᠦᠰᠦᠨ ᠱᠠᠲᠤᠨ ᠤ ᠵᠠᠰᠠᠯᠲᠠ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠯᠲᠠ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ᠃ ᠲᠦᠷᠪᠠ ᠳᠤ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ | ᠬᠠᠮᠠᠭᠠᠯᠠᠬᠤ ᠠᠵᠢᠯ ᠤᠨ ᠡᠷᠴᠢᠮ ᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠮᠠᠶ᠋ᠢᠭ ᠢᠶᠠᠷ | ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠰᠢᠢᠳᠪᠤᠷᠢᠯᠠᠵᠤ᠂ ᠬᠡᠪ ᠤᠨ ᠪᠤᠰᠤ ᠪᠠᠷ ᠳᠡᠭᠡᠭᠰᠢ | ᠰᠤᠷᠪᠤᠯᠵᠢᠯᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠵᠦ᠂ ︽ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ + ᠨᠡᠶᠢᠭᠡᠮ ᠤᠨ ᠵᠠᠰᠠᠯᠲᠠ︾ ᠶᠢᠨ ᠠᠭᠤᠰᠤᠯᠴᠠᠬᠤ ᠵᠠᠭᠪᠤᠷ ᠢ ᠠᠬᠢᠭᠤᠯᠵᠤ᠂ ᠦᠨᠳᠦᠰᠦᠲᠡᠨ ᠤ | ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ᠂ ᠬᠢᠯᠢ ᠬᠢᠵᠠᠭᠠᠷ ᠤᠨ ᠲᠣᠭᠲᠠᠭᠤᠨ ᠪᠠᠶᠢᠬᠤ ᠰᠠᠶᠢᠨ ᠰᠠᠶᠢᠬᠠᠨ | ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ︵ᠵᠢᠷᠭᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ︽ᠬᠤᠷᠢᠭ᠎ᠠ ᠱᠤᠭᠤᠮ ᠢ ᠰᠠᠬᠢᠬᠤ᠂ ᠬᠥᠭᠵᠢᠯᠲᠡ ᠶᠢ ᠠᠳᠬᠤᠬᠤ᠂ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ︾ ᠶᠢ ᠲᠣᠪᠣᠶᠢᠯᠭᠠᠨ᠎ᠠ᠃ ᠨᠢᠭᠡ ᠳᠤ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ | ᠶᠢᠨ ᠲᠣᠭᠤᠷᠢᠨ ᠳᠤ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠯᠠᠪᠳᠠᠭᠤᠨ ᠢᠶᠠᠷ ᠠᠬᠢᠭᠤᠯᠣᠨ᠎ᠠ᠃ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠳᠡ ᠪᠠ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠭᠦᠯᠵᠦ᠂ ᠣᠯᠵᠤ ᠮᠡᠳᠡᠪᠡᠯ ᠴᠠᠭ ᠲᠤᠬᠠᠢ ᠳᠤᠨᠢ ᠣᠷᠣᠭᠤᠯᠬᠤ ᠶᠢ ᠪᠡᠶᠡᠯᠡᠭᠦᠯᠬᠦ ᠶᠢᠨ ᠬᠠᠮᠲᠤ ᠴᠠᠭ ᠲᠤᠬᠠᠢ | ᠳᠤᠨᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ | ᠴᠢᠩᠭ᠎ᠠ ᠰᠡᠷᠭᠡᠶᠢᠯᠡᠨ᠎ᠡ᠃ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ | ᠪᠦᠲᠦᠭᠡᠯ ᠢ ᠪᠠᠬᠢᠵᠢᠭᠦᠯᠵᠦ᠂ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ | ᠬᠦᠷᠢᠶᠡᠨ ᠳᠠᠬᠢ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠬᠤᠶᠠᠷ ᠲᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠵᠢᠯ ᠲᠥᠷᠥᠯ ᠤᠨ ᠰᠠᠯᠠᠭ᠎ᠠ ᠮᠥᠴᠢᠷ | ᠲᠠᠢ ᠢᠳᠡᠪᠬᠢᠲᠡᠢ ᠪᠠᠷ ᠵᠣᠯᠭᠠᠭᠤᠯᠵᠤ᠂ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠪᠠ ᠲᠥᠷᠥᠯ | ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠴᠠᠭ ᠲᠤᠬᠠᠢ ᠳᠤᠨᠢ ᠮᠥᠷᠳᠡᠨ ᠪᠠᠶᠢᠴᠠᠭᠠᠨ᠎ᠠ᠃ ᠭᠤᠷᠪᠠ ᠳᠤ ︽ᠭᠤᠷᠪᠠ ᠶᠢ | ᠬᠤᠪᠢᠷᠠᠭᠤᠯᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠨᠠᠮ ᠤᠨ ᠭᠡᠰᠢᠭᠦᠨ ᠤᠯᠠᠨ | ᠲᠦᠮᠡᠨ ᠢ ᠤᠷᠢᠶᠠᠯᠠᠨ ᠢᠳᠡᠪᠬᠢᠲᠡᠢ ᠣᠷᠣᠯᠴᠠᠭᠤᠯᠵᠤ᠂ ᠬᠤᠷᠰᠢᠭᠰᠠᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ᠂ | ᠭᠠᠴᠠᠭᠠᠨ ᠱᠠᠲᠤᠨ ᠤ ᠡᠳ᠋ ᠬᠥᠷᠥᠩᠭᠡ ᠶᠢ ᠴᠡᠪᠡᠷᠯᠡᠨ ᠪᠡᠯᠡ ᠮᠥᠩᠭᠦ ᠶᠢ ᠬᠠᠷᠭᠤᠭᠤᠯᠬᠤ᠂ ᠠᠵᠢᠯᠲᠠᠨ ᠤ ᠪᠡᠶ᠎ᠡ ᠶᠢᠨ | ᠭᠠᠷᠤᠯ ᠢ ᠵᠠᠭᠠᠭᠯᠠᠨ ᠲᠣᠭᠲᠠᠭᠠᠬᠤ ᠵᠡᠷᠭᠡ ᠠᠵᠢᠯ ᠢ ᠰᠠᠶᠢᠲᠤᠷ ᠬᠢᠵᠦ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢ ᠯᠠᠪᠳᠠᠭᠤᠨ ᠢᠶᠠᠷ ᠶᠠᠪᠣᠭᠳᠠᠭᠤᠯᠣᠨ᠎ᠠ᠃ ᠳᠥᠷᠪᠡ ᠳᠤ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠣᠷᠣᠰᠢᠨ ᠰᠠᠭᠤᠬᠤ | ᠣᠷᠴᠢᠨ ᠲᠣᠭᠤᠷᠢᠨ ᠤ ᠵᠠᠰᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠲᠣᠨᠤᠭ ᠲᠥᠬᠦᠭᠡᠷᠦᠮᠵᠢ ᠶᠢ ᠪᠦᠷᠢᠨ | ᠭᠦᠢᠴᠡᠳ ᠲᠣᠬᠢᠷᠠᠭᠤᠯᠤᠨ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠤᠬᠠᠭᠤᠯᠭ᠎ᠠ ᠪᠠ ᠨᠣᠭᠤᠭᠠᠷᠠᠭᠤᠯᠵᠤ ᠭᠤᠶᠣᠵᠢᠭᠤᠯᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠬᠠᠮᠠᠭᠠᠯᠠᠯ ᠤᠨ ᠰᠠᠶᠢᠨ | ᠰᠠᠶᠢᠬᠠᠨ ᠵᠠᠩ ᠳᠠᠳᠬᠠᠯ ᠲᠠᠢ ᠪᠣᠯᠭᠠᠵᠤ᠂ ᠠᠷᠢᠭᠤᠨ ᠴᠠᠪᠠᠷ ᠤᠷᠴᠢᠨ ᠲᠤᠭᠤᠷᠢᠨ ᠢ ᠪᠤᠢ ᠪᠤᠯᠭᠠᠨ᠎ᠠ᠃ | ︵ᠳᠣᠯᠤᠭ᠎ᠠ︶ ᠵᠢᠵᠢᠭ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠯᠭᠠᠰᠤ ᠲᠣᠰᠬᠤᠨ ᠤ ᠳᠦᠷᠢ ᠲᠥᠷᠬᠦ ᠪᠠ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠤ᠂ ᠣᠯᠠᠨ ᠲᠦᠮᠡᠨ ᠤ ᠵᠣᠯ ᠵᠢᠷᠭᠠᠯ ᠤᠨ | ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡ ᠳᠤ ᠰᠤᠮᠤ ᠶᠢᠨ ᠠᠮᠢᠳᠤᠷᠠᠯ ᠤᠨ ᠬᠤᠭ | ᠨᠣᠪᠰᠢ ᠶᠢ ᠪᠤᠬᠢᠷᠳᠤᠯ ᠦᠭᠡᠢ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠯᠠᠪᠳᠠᠭᠤᠨ ᠢᠶᠠᠷ | ᠠᠬᠢᠭᠤᠯᠤᠨ᠎ᠠ᠃ ︵1500 ᠭᠠᠷᠤᠢ ᠲᠦᠮᠡᠨ ᠲᠥᠭᠦᠷᠢᠭ ᠤᠨ ᠪᠠᠯᠠ ᠣᠷᠣᠭᠤᠯᠣᠨ᠂ 1 ᠲᠦᠮᠠᠨ ᠲᠡᠭᠰᠢ | ᠳᠥᠷᠪᠡᠯᠵᠢᠨ ᠮᠧᠲᠷ ᠤᠨ ᠭᠠᠵᠠᠷ ᠲᠤ ᠠᠮᠢᠳᠤᠷᠠᠯ ᠤᠨ ᠬᠤᠭ ᠨᠣᠪᠰᠢ ᠶᠢ ᠬᠠᠯᠠᠭᠤᠨ ᠢᠶᠠᠷ ᠵᠠᠳᠠᠷᠠᠭᠤᠯᠵᠤ | ᠬᠡᠶᠢᠵᠢᠭᠦᠯᠦᠨ ᠰᠢᠢᠳᠪᠦᠷᠢᠯᠡᠬᠦ ᠰᠢᠰᠲ᠋ᠧᠮ ᠢ 1 ᠢᠵᠢ ᠤᠭᠰᠠᠷᠠᠵᠤ᠂ ᠲᠠᠯᠠᠪᠤᠷ ᠲᠤ ᠣᠷᠣᠬᠤ ᠵᠠᠮ 260 ᠮᠧᠲᠷ | ᠵᠠᠰᠠᠬᠤ ᠶᠢᠨ ᠬᠠᠮᠲᠤ ᠢᠵᠢ ᠪᠦᠷᠢᠳᠦᠭᠦᠯᠬᠦ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠣᠶ︶᠃ | ᠠᠮᠢᠳᠤᠷᠠᠯ ᠤᠨ ᠬᠤᠭ ᠨᠣᠪᠰᠢ ᠶᠢᠨ ᠡᠳᠦᠷ ᠤᠨ ᠰᠢᠢᠳᠪᠦᠷᠢᠯᠡᠬᠦ ᠬᠡᠮᠵᠢᠶ᠎ᠡ ᠶᠢ 20 ᠲᠣᠨ ᠳᠤ ᠬᠦᠷᠭᠡᠵᠦ᠂ ᠵᠢᠯ ᠤᠨ | ᠰᠢᠢᠳᠪᠦᠷᠢᠯᠡᠬᠦ ᠬᠡᠮᠵᠢᠶ᠎ᠡ ᠶᠢ 7300 ᠲᠣᠨ ᠳᠤ ᠬᠦᠷᠭᠡᠵᠦ᠂ ᠰᠤᠮᠤ ᠵᠢᠴᠢ ᠡᠷᠬᠢᠨ ᠲᠣᠭᠤᠷᠢᠨ ᠤ ᠠᠮᠢᠳᠤᠷᠠᠯ ᠤᠨ | ᠬᠤᠭ ᠨᠣᠪᠰᠢ ᠶᠢᠨ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ ᠰᠢᠢᠳᠪᠤᠷᠢᠯᠠᠨ᠎ᠠ᠃ ᠬᠤᠭ ᠨᠣᠪᠰᠢ ᠶᠢ ᠪᠠᠭᠠᠰᠬᠠᠨ᠂ | ᠰᠤᠮᠤ ᠶᠢᠨ ᠠᠮᠢ ᠠᠬᠤᠢ ᠶᠢᠨ ᠣᠷᠴᠢᠨ ᠲᠣᠭᠤᠷᠢᠨ ᠪᠠ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠦᠨᠡᠨᠬᠦ ᠰᠠᠶᠢᠵᠢᠷᠠᠭᠤᠯᠣᠨ᠎ᠠ᠃ ᠬᠤᠶᠠᠷ ᠲᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠣᠷᠴᠢᠨ ᠲᠣᠭᠤᠷᠢᠨ ᠤ ᠵᠠᠰᠠᠯᠲᠠ ᠶᠢᠨ ᠡᠷᠴᠢᠮ ᠢ ᠦᠷᠭᠦᠯᠵᠢᠯᠡᠨ | ᠴᠢᠩᠭᠠᠷᠠᠭᠤᠯᠤᠨ᠎ᠠ᠃ ᠭᠤᠷᠪᠠ ᠳᠤ᠂ ᠰᠤᠮᠤᠨ ᠤ ᠪᠠᠶᠢᠭ᠎ᠠ ᠭᠠᠵᠠᠷ ᠲᠤ ᠨᠡᠶᠢᠭᠡᠮ ᠲᠣᠭᠤᠷᠢᠭ ᠪᠠᠶᠢᠭᠤᠯᠬᠤ ᠪᠠᠷ | ᠲᠦᠯᠦᠪᠯᠠᠵᠤ᠂ ᠰᠤᠮᠤ ᠪᠠᠯᠭᠠᠰᠤ ᠲᠣᠭᠤᠷᠢᠭ ᠤᠨ ᠨᠡᠶᠢᠭᠡᠮ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠢ | ᠲᠠᠭᠡᠭᠰᠢᠯᠠᠬᠦᠯᠦᠨ᠎ᠠ᠃ | ︵ᠨᠠᠢᠮᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ᠂ ᠬᠠᠤᠯᠢ ᠶᠣᠰᠣᠭᠠᠷ | ᠵᠠᠰᠠᠭ ᠶᠠᠪᠤᠭᠤᠯᠬᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ᠂ ᠦᠨᠡᠨ ᠬᠦ ᠠᠳᠬᠤᠵᠤ ᠪᠣᠳᠠᠲᠠᠢ ᠪᠠᠷ | ᠠᠵᠢᠯᠯᠠᠬᠤ ᠶᠢ ᠡᠷᠡᠰ ᠪᠡᠶᠡᠯᠡᠭᠦᠯᠦᠨ᠎ᠡ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠤᠬᠠᠵᠤ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ | ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠬᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠣᠨ᠎ᠠ᠃ ᠨᠠᠮ ᠤᠨ ᠪᠥᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠵᠠᠰᠠᠭ ᠤᠨ ᠣᠷᠳᠣᠨ ᠤ ᠠᠵᠢᠯ ᠤᠨ ᠪᠥᠬᠦ | ᠶᠠᠪᠤᠴᠠ ᠳᠤ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠭᠦᠨᠵᠡᠭᠡᠶᠢᠷᠡᠭᠦᠯᠦᠨ ᠥᠷᠭᠡᠳᠬᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠰᠤᠮᠤᠨ ᠤ | ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠲᠤᠤᠱᠯᠠᠭᠤᠯᠤᠨ ᠬᠡᠷᠡᠭᠵᠢᠬᠦᠯᠣᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢ | ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ | ᠬᠡᠷᠡᠭᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠡᠷᠬᠡ ᠶᠢᠨ ᠢᠯᠡ ᠪᠠᠷ | ᠶᠠᠪᠤᠬᠳᠠᠭᠤᠯᠬᠤ ᠶᠢ ᠦᠨᠡᠨ ᠬᠦ ᠪᠠᠲᠤᠯᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠲᠠᠢ ᠪᠠᠶᠢᠬᠤ︾ ᠶᠢ ᠭᠦᠢᠴᠡᠳᠬᠡᠵᠦ᠂ ︽ᠬᠡᠷᠡᠭ ᠢᠶᠠᠷ ᠥᠭᠡᠷᠡᠴᠢᠯᠡᠬᠦ ᠶᠢ ᠠᠬᠢᠭᠤᠯᠬᠤ︾ ᠶᠢ | ᠭᠦᠨᠵᠡᠭᠡᠶᠢᠷᠡᠭᠦᠯᠵᠦ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠤᠷᠳᠤ ᠬᠤᠭᠤᠴᠠᠭ᠎ᠠ ᠪᠠᠷ ᠨᠠᠶᠢᠳᠠᠪᠤᠷᠢᠵᠢᠭᠤᠯᠤᠨ᠎ᠠ᠃ ︽ᠮᠣᠩᠭᠤᠯ ᠮᠣᠷᠢᠨ ᠤ | ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ | ᠳᠦᠷᠢᠮ ᠢ ᠭᠦᠨᠵᠡᠭᠡᠢ ᠬᠡᠷᠡᠭᠯᠡᠨ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ︽ | ᠤᠳᠠᠭᠠᠨ ᠪᠦᠳᠦᠭᠦᠯᠢᠭ ᠬᠡᠶᠢᠰᠪᠦᠷᠢ︾ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠵᠡᠷᠭᠡ | ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠰᠤᠷᠲᠠᠯ ᠴᠢᠬᠡᠴᠢ ᠣᠪᠣᠷ ᠲᠥᠪ᠂ ᠦᠨᠡᠨ ᠪᠣᠳᠠᠲᠠᠢ ᠠᠵᠢᠯᠯᠠᠵᠤ | ᠬᠠᠷᠢᠭᠤᠴᠠᠯᠭ᠎ᠠ ᠡᠭᠦᠷᠭᠡᠯᠡᠳᠡᠭ ᠵᠠᠰᠠᠭ ᠤᠨ ᠣᠷᠳᠣᠨ ᠤ ᠳᠦᠷᠢ ᠲᠥᠷᠬᠦ ᠪᠠᠷ ᠠᠷᠠᠳ ᠤᠨ ᠰᠡᠳᠬᠢᠯ ᠢ ᠣᠯᠵᠤ᠂ | ᠬᠥᠭᠵᠢᠯᠲᠡ ᠶᠢ ᠠᠬᠢᠭᠤᠯᠤᠨ᠎ᠠ᠃ | ᠲᠥᠯᠥᠭᠡᠯᠡᠭᠴᠢᠳ ᠠ᠋᠂ ᠠᠯᠣᠰ ᠢᠷᠡᠭᠡᠳᠣᠢ ᠶᠢᠨ ᠠᠶᠠᠨ ᠵᠠᠮ ᠪᠡᠷᠬᠡ ᠪᠠᠷᠳᠠᠭᠠᠨᠲᠠᠢ ᠪᠠᠶᠢᠭᠰᠠᠨ ᠴᠣ᠋᠂ | ᠬᠤᠷᠳᠣᠨ ᠮᠣᠷᠢᠨ ᠳᠤ ᠲᠠᠰᠢᠭᠤᠷ ᠲᠠᠯᠪᠢᠨ ᠥᠷᠬᠦᠯᠵᠢᠯᠡᠨ ᠮᠠᠷᠠᠶᠢᠨ ᠴᠠᠷᠮᠠᠶᠢᠵᠠᠭᠠᠶᠠ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠤᠮᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠰᠤᠮᠤᠨ ᠤ ᠪᠥᠬᠦ ᠠᠷᠠᠳ ᠲᠦᠮᠡᠨ ᠳᠤ ᠨᠢᠭᠲᠠ ᠲᠦᠰᠢᠭᠯᠡᠨ᠂ ᠪᠦᠯᠬᠦᠮᠳᠡᠨ ᠲᠡᠮᠡᠴᠡᠵᠦ᠂ | ᠲᠥᠪ ᠴᠢᠬᠡᠴᠢ ᠪᠠᠷ ᠰᠢᠨ᠎ᠡ ᠶᠢ ᠡᠭᠦᠳᠴᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠶᠢ | ᠡᠭᠦᠳᠬᠦ ᠪᠠᠷ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠰᠢᠨᠠᠰᠦ᠋ᠮ᠎ᠠ ᠰᠤᠮᠤ ᠶᠢᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠬᠠᠭᠤᠳᠠᠰᠤ ᠶᠢ ᠪᠥᠬᠦ ᠬᠦᠴᠦᠨ ᠢᠶᠠᠷ ᠢᠶᠠᠨ ᠪᠢᠴᠢᠭᠯᠡᠵᠡᠭᠡᠶ᠎ᠡ︕ | | |