ᠳ᠋ᠠ ᠲᠠᠩ  ᠺᠤᠮᠫᠠᠨᠢ ᠶᠢᠨ ᠠᠰᠢᠬᠠᠨ ᠰᠤᠮᠤᠨ ᠳᠠᠬᠢ 20 ᠲᠦᠮᠡᠨ ᠺᠢᠯᠣᠸᠠᠲ ᠤᠨ ᠬᠡᠷᠡᠯ ᠴᠡᠨᠡᠭ ᠤᠨ ᠢᠨᠵᠧᠨᠧᠷᠢᠩ  ᠤᠨ ᠪᠦᠲᠥᠭᠡᠨ ᠪᠠᠶᠢᠭᠤᠯᠤᠯᠳᠠ ᠶᠢᠨ ᠠᠬᠢᠴᠠ  ᠲᠦᠷᠭᠡᠨ ᠪᠠᠶᠢᠨ᠎ᠠ
ᠨᠡᠶᠢᠲᠡᠯᠡᠭᠰᠡᠨ ᠴᠠᠭ᠄
2024/11/25
     ᠣᠶᠢᠷ᠎ᠠ ᠳᠤ᠂ ᠮᠠᠨ ᠤ ᠬᠤᠰᠢᠭᠤᠨ ᠤ ᠬᠡᠪᠴᠢᠶᠡᠨ  ᠳ᠋ᠠ ᠲᠠᠩ  ᠺᠤᠮᠫᠠᠨᠢ ᠶᠢᠨ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠠᠴᠠ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ  ᠤᠯᠠᠭᠠᠨᠬᠠᠳᠠ ᠶᠢᠨ  ᠦᠨᠥᠴᠢᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ 100 ᠲᠦᠮᠡᠨ ᠺᠢᠯᠣᠸᠠᠲ ᠤᠨ ᠰᠠᠯᠬᠢ ᠬᠡᠷᠡᠯ ᠤᠨ ᠴᠠᠬᠢᠯᠭᠠᠨ ᠢ ᠬᠠᠳᠠᠭᠠᠯᠠᠵᠤ ᠡᠯᠡᠰᠦ ᠶᠢ ᠵᠠᠰᠠᠬᠤ ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ  ᠪᠤᠯᠬᠤ ᠠᠰᠢᠬᠠᠨ ᠰᠤᠮᠤᠨ ᠤ ᠬᠡᠪᠴᠢᠶᠡᠨ   ᠳᠠᠬᠢ 20 ᠲᠦᠮᠡᠨ ᠺᠢᠯᠣᠸᠠᠲ ᠤᠨ ᠬᠡᠷᠡᠯ ᠴᠡᠨᠡᠭ ᠤᠨ ᠢᠨᠵᠧᠨᠧᠷᠢᠩ   ᠤᠨ ᠪᠦᠲᠥᠭᠡᠨ ᠪᠠᠶᠢᠭᠤᠯᠤᠯᠳᠠ ᠨᠢ ᠲᠦᠷᠭᠡᠨ ᠠᠬᠢᠴᠠ ᠲᠠᠢ ᠪᠤᠯᠤᠭᠰᠠᠨ ᠪᠠᠶᠢᠨ᠎ᠠ᠃      ᠲᠣᠰ ᠲᠥᠷᠥᠯ ᠵᠦᠢᠯ ᠨᠢ ︽ᠰᠢᠨ᠎ᠡ ᠡᠨᠧᠷᠭᠢ  ᠠᠮᠢ ᠠᠬᠤᠶ  ᠶᠢ  ᠬᠤᠯᠪᠤᠨ  ᠵᠠᠰᠠᠬᠤ︾ ᠵᠠᠭᠪᠤᠷ ᠢ ᠬᠡᠷᠡᠭᠯᠡᠵᠦ᠂ ︽ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ  ᠳᠤᠤᠷ᠎ᠠ  ᠰᠡᠷᠭᠦᠭᠡᠨ ᠵᠠᠰᠠᠵᠤ᠂ ᠬᠠᠪᠲᠠᠰᠤᠨ  ᠳᠤᠮᠳᠠ  ᠨᠤᠭᠤᠭᠠᠷᠠᠭᠤᠯᠬᠤ︾ ᠪᠠᠷ ᠳᠠᠮᠵᠢᠭᠤᠯᠤᠨ᠂  ᠡᠯᠡᠰᠥᠷᠬᠡᠭ ᠤᠷᠤᠨ ᠤ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠢ ᠬᠠᠮᠤᠭ ᠤᠨ ᠶᠡᠭᠡ  ᠬᠡᠮᠵᠢᠶᠡᠨ ᠳᠤ ᠬᠦᠷᠭᠡᠵᠥ  ᠂ ᠭᠠᠵᠠᠷ ᠰᠢᠷᠣᠶ  ᠶᠢᠨ ᠪᠣᠰᠤᠭ᠎ᠠ ᠴᠣᠭᠴᠠᠲᠤ ᠥᠷᠲᠡᠭ ᠤᠨ ᠠᠰᠢᠭᠯᠠᠯᠲᠠ ᠶᠢ  ᠪᠡᠶᠡᠯᠡᠭᠦᠯᠬᠦ ᠪᠤᠯᠤᠨ᠎ᠠ᠃     ᠵᠢᠱᠢᠯᠳᠠ ᠪᠠᠷ12 ᠰᠠᠷ᠎ᠠ ᠶᠢᠨ20 ᠤ ᠤᠷᠴᠢᠮ ᠢᠶᠠᠷ ᠪᠦᠲᠥᠭᠡᠨ ᠪᠠᠶᠢᠭᠤᠯᠤᠯᠳᠠ ᠶᠢᠨ ᠠᠵᠢᠯ ᠢ ᠪᠦᠬᠦᠨ ᠢ ᠳᠠᠭᠤᠰᠬᠠᠵᠤ᠂12 ᠰᠠᠷ᠎ᠠ ᠶᠢᠨ24 ᠤ ᠦᠶ᠎ᠡ ᠪᠠᠷ  ᠴᠠᠬᠢᠯᠭᠠᠨ ᠲᠤᠤᠷᠵᠢᠯ ᠳᠤ ᠨᠡᠶᠢᠯᠡᠭᠦᠯᠥᠨ ᠴᠠᠬᠢᠯᠭᠠᠨ ᠭᠠᠷᠭᠠᠬᠤ  ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号