ᠮᠥᠩᠬᠡ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠶᠡᠷᠦᠩᠬᠡᠶᠢᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/25
      11 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠶᠡᠷᠦᠩᠬᠡᠶᠢᠯᠡᠨ ᠵᠠᠰᠠᠬᠤ ᠪᠠ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠵᠦ ᠴᠦᠨ ᠶᠦᠩ᠂ ᠴᠠᠭᠠᠨᠪᠠᠭᠠᠲᠤᠷ ᠬᠠᠮᠲᠤ ᠪᠠᠷ ᠪᠠᠶᠢᠴᠠᠭᠠᠨ ᠰᠤᠳᠤᠯᠤᠯᠲᠠ ᠳᠤ  ᠤᠷᠤᠯᠴᠠᠵᠠᠢ᠃     ᠮᠥᠩᠬᠡ  ᠪᠣᠷᠣᠬᠤᠲᠠ ᠪᠠᠯᠭᠠᠰᠤᠨ ᠤ ᠬᠤᠷᠬ᠎ᠠ ᠭᠠᠴᠠᠭᠠᠨ  ᠳᠠᠬᠢ  ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠶᠡᠷᠦᠩᠬᠡᠶᠢᠯᠡᠭᠰᠡᠨ ᠵᠠᠰᠠᠯᠲᠠ ᠶᠢᠨ ᠣᠷᠣᠨ ᠳᠤ ᠬᠦᠷᠴᠦ᠂ ᠡᠯᠡᠰᠦᠷᠬᠡᠭᠵᠢᠯ ᠢ ᠰᠡᠷᠭᠡᠶᠢᠯᠡᠨ  ᠵᠠᠰᠠᠬᠤ ᠢᠨᠵᠧᠨᠧᠷᠢᠩ ᠤᠨ ᠠᠬᠢᠴᠠ᠂ ᠡᠯᠡᠰᠦᠷᠬᠡᠭᠵᠢᠯ  ᠤᠨ ᠲᠠᠷᠬᠠᠯᠲᠠ᠂ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃     ᠮᠥᠩᠬᠡ  ᠶᠠᠷᠢᠶᠠᠨ ᠳᠠᠭᠠᠨ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ  ᠪᠦᠳᠦᠭᠡᠨ ᠪᠠᠶᠢᠭᠤᠯᠤᠯᠲᠠ   ᠶᠢᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂  ᠯᠠᠪᠳᠠᠭᠤᠨ ᠪᠠᠲᠤᠳᠠᠢ ᠴᠢᠷᠮᠠᠶᠢᠨ  ᠠᠵᠢᠯᠯᠠᠨ᠂ ᠡᠬᠡ ᠤᠯᠤᠰ ᠤᠨ ᠤᠮᠠᠷᠠᠲᠤ ᠶᠢᠨ  ᠲᠦᠮᠡᠨ ᠭᠠᠵᠠᠷ ᠤᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠬᠤ ᠬᠡᠷᠡᠭᠲᠡᠢ  ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠡᠶᠢᠳᠬᠡᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ  ᠪᠦᠷᠢᠯᠳᠥᠭᠦᠯᠥᠨ  ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠵᠠᠰᠠᠬᠤ ᠶᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ  ᠤ ᠢᠯᠠᠯᠲᠠ ᠶᠢ ᠲᠡᠮᠡᠴᠡᠨ ᠤᠯᠬᠤ ᠬᠡᠷᠡᠭᠲᠡᠢ᠃ ᠠᠮᠢ ᠠᠬᠤᠢ ᠶᠢᠨ ᠵᠤᠭᠠᠴᠠᠯ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠵᠡᠷᠭᠡ ᠤᠨᠴᠠᠯᠢᠬᠳᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠡᠯᠡᠰᠦ ᠮᠠᠩᠬ᠎ᠠ ᠶᠢ ᠡᠷᠳᠡᠨᠢ ᠴᠤᠭᠯᠠᠭᠤᠯᠬᠤ ᠰᠠᠪᠠ  ᠪᠤᠯᠭᠠᠨ ᠬᠤᠪᠢᠷᠠᠭᠤᠯᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ  ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ  ᠭᠡᠵᠡᠢ᠃    ᠡᠦ ᠹᠧᠨ ᠳ᠋ᠢ ᠪᠠᠯᠭᠠᠰᠤᠨ ᠤ ᠰᠧ ᠹᠧᠨ ᠳ᠋ᠢ ᠲᠣᠰᠬᠤᠨ  ᠳᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠮᠦᠩᠭᠡ ᠲᠦᠷᠦᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ  ᠤᠶᠢᠯᠠᠭᠠᠭᠰᠠᠨ ᠤ ᠳᠠᠷᠠᠭ᠎ᠠ  ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ  ᠡᠭᠦᠷᠭᠡᠯᠡᠵᠦ᠂  ᠪᠠᠷᠢᠯᠭ᠎ᠠ ᠶᠢᠨ ᠴᠠᠭ ᠬᠤᠭᠤᠴᠠᠭ᠎ᠠ  ᠶᠢ ᠴᠢᠩᠭ᠎ᠠ ᠠᠩᠬᠠᠷᠴᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ  ᠃  ᠡᠯ᠎ᠡ ᠬᠠᠮᠢᠶ᠎ᠠ ᠪᠦᠬᠦᠢ ᠨᠢᠭᠡᠴᠡ  ᠨᠢ ᠲᠥᠷᠥᠯ ᠵᠦᠢᠯ ᠤᠨ ᠬᠠᠮᠢᠶᠠᠷᠤᠯᠲᠠ᠂ ᠶᠠᠰᠤ ᠴᠢᠨᠠᠷ ᠤᠨ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ  ᠨᠠᠶᠢᠳᠠᠪᠤᠷᠢᠵᠢᠭᠤᠯᠤᠨ  ᠪᠤᠳᠠᠳᠠᠶᠢᠵᠢᠭᠤᠯᠵᠤ᠂ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号