ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠪᠤᠯᠪᠠᠰᠤᠷᠠᠯ ᠰᠢᠯᠭᠠᠯᠲᠠ ᠶᠢᠨ ᠰᠠᠭᠤᠷᠢᠨ ᠭᠠᠵᠠᠷ ᠠᠰᠢᠭᠯᠠᠯᠲᠠ ᠳᠤ ᠣᠷᠤᠪᠠ
ᠨᠡᠶᠢᠲᠡᠯᠡᠭᠰᠡᠨ ᠴᠠᠭ᠄
2024/11/25
       ᠣᠶᠢᠷ᠎ᠠ ᠳᠤ᠂  ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ  ᠪᠤᠯᠪᠠᠰᠤᠷᠠᠯ ᠰᠢᠯᠭᠠᠯᠲᠠ ᠶᠢᠨ ᠰᠠᠭᠤᠷᠢᠨ ᠭᠠᠵᠠᠷ  ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ   ᠤᠷᠤᠭᠰᠠᠨ ᠪᠠᠶᠢᠨ᠎ᠠ᠃      ᠲᠤᠰ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠪᠣᠯᠪᠠᠰᠤᠷᠠᠯ ᠰᠢᠯᠭᠠᠯᠲᠠ ᠶᠢᠨ ᠰᠠᠭᠤᠷᠢᠨ ᠭᠠᠵᠠᠷ ᠨᠢ 2024 ᠣᠨ ᠤ 9 ᠰᠠᠷ᠎ᠠ ᠶᠢᠨ 1 ᠤ ᠡᠳᠦᠷ ᠵᠢᠩᠬᠢᠨᠢ ᠪᠠᠷ ᠠᠰᠢᠭᠯᠠᠯᠲᠠ ᠳᠤ ᠤᠷᠤᠵᠤ᠂ 7731.53 ᠲᠡᠭᠰᠢ ᠳᠥᠷᠪᠡᠯᠵᠢᠨ  ᠮᠧᠲᠷ  ᠲᠠᠯᠠᠪᠠᠢ ᠲᠠᠢ ᠭᠠᠵᠠᠷ ᠡᠵᠡᠯᠡᠵᠦ᠂ ᠵᠢᠯ ᠳᠤ ᠲᠷᠠᠺᠲ᠋ᠣᠷ᠂ ᠬᠠᠳᠤᠵᠤ ᠬᠤᠷᠢᠶᠠᠬᠤ ᠬᠠᠮ ᠮᠠᠰᠢᠨ ᠤ ᠵᠢᠯᠣᠭᠤᠴᠢ ᠶᠢ ᠪᠠᠷᠤᠭ 2000 ᠬᠦᠮᠥᠨ ᠤᠳᠠᠭ᠎ᠠ ᠪᠣᠯᠪᠠᠰᠤᠷᠠᠭᠤᠯᠵᠤ᠂ ᠪᠥᠬᠦ ᠬᠤᠰᠢᠭᠤᠨ ᠤ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠢ   ᠪᠠᠲᠤᠯᠠᠭᠰᠠᠨ ᠢᠶᠠᠷ ᠪᠠᠷᠠᠬᠤ ᠦᠭᠡᠢ ᠦᠷᠭᠡᠨ ᠤᠯᠠᠨ ᠮᠠᠯᠴᠢᠨ ᠲᠠᠷᠢᠶᠠᠴᠢᠨ ᠤ ᠲᠠᠷᠢᠶᠠᠯᠠᠩ ᠤᠨ ᠮᠠᠰᠢᠨ ᠤ ᠦᠨᠡᠮᠯᠡᠯ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ  ᠰᠢᠢᠳᠪᠥᠷᠢᠯᠡᠭᠰᠡᠨ  ᠪᠠᠶᠢᠨ᠎ᠠ᠃     ᠬᠤᠰᠢᠭᠤᠨ  ᠳᠡᠳ᠋ ᠳᠠᠷᠤᠭ᠎ᠠ ᠵᠠᠩ ᠴᠢᠶᠠᠩ  ᠲᠠᠶᠢᠯᠪᠤᠷᠢᠯᠠᠬᠤ ᠳᠠᠭᠠᠨ ᠰᠠᠭᠤᠷᠢᠨ ᠭᠠᠵᠠᠷ ᠢ ᠪᠠᠶᠢᠭᠤᠯᠤᠭᠰᠠᠨ ᠨᠢ ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨ ᠤ ᠰᠢᠯᠭᠠᠯᠲᠠ ᠶᠢᠨ ᠲᠠᠯᠠᠪᠠᠢ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠨᠢ ᠰᠢᠨ᠎ᠡ ᠳᠡᠭᠲᠡᠷ ᠲᠤ ᠳᠠᠪᠰᠢᠭᠰᠠᠨ ᠢ ᠬᠠᠷᠠᠭᠤᠯᠵᠤ ᠪᠠᠶᠢᠨ᠎ᠠ  ᠭᠡᠪᠡ᠃      
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号