ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ 2023 ᠣᠨ ᠤ ᠠᠵᠢᠯ ᠤᠨ ᠪᠠᠶᠢᠷᠢ ᠶᠢᠨ ᠰᠣᠳᠣᠯᠬᠤ ᠰᠤᠷᠤᠭᠴᠢᠳ ᠮᠠᠨ ᠤ ᠬᠤᠰᠢᠭᠤᠨ ᠤ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ ᠬᠦᠷᠴᠦ  ᠪᠡᠯᠡᠭᠯᠡᠨ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/26
     11 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ 2023 ᠣᠨ ᠤ ᠠᠵᠢᠯ ᠤᠨ ᠪᠠᠶᠢᠷᠢ ᠶᠢᠨ ᠠᠰᠫᠢᠷᠠᠨᠲ ᠶᠢᠨ ᠤᠯᠠᠭᠠᠨᠬᠠᠳᠠ ᠶᠢᠨ ᠠᠩᠬᠢ ᠶᠢᠨ ᠰᠣᠷᠣᠭᠴᠢᠳ ᠣᠩᠨᠢᠭᠤᠳ ᠬᠤᠰᠢᠭᠤᠨ ᠤ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ ᠬᠦᠷᠴᠦ ︽ ᠬᠤᠪᠢᠰᠬᠠᠯᠳᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ︾ ᠪᠠᠷ ᠭᠤᠣᠯ ᠰᠡᠳᠦᠪ ᠪᠣᠯᠭᠠᠭᠰᠠᠨ ᠬᠠᠮᠲᠤᠷᠠᠭᠰᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ  ᠥᠷᠨᠢᠭᠦᠯᠪᠡ᠃     ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠤᠯᠠᠭᠠᠨᠬᠠᠳᠠ ᠶᠢᠨ ᠵᠢᠶᠧ ᠴᠠᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠠᠴᠠ ᠪᠦᠬᠦ ᠰᠤᠷᠭᠠᠭᠤᠯᠢ ᠶᠢᠨ 88 ᠰᠤᠷᠤᠭᠴᠢᠳ ᠲᠤ ᠲᠦᠮᠡᠨ ᠲᠥᠭᠦᠷᠢᠭ ᠤᠨ ᠰᠤᠷᠤᠯᠭ᠎ᠠ ᠶᠢᠨ ᠬᠡᠷᠡᠭᠰᠡᠯ ᠪᠣᠯᠤᠨ ᠠᠮᠢᠳᠤᠷᠠᠯ ᠤᠨ ᠬᠡᠷᠡᠭᠰᠡᠯ ᠬᠠᠨᠳᠢᠪᠯᠠᠪᠠ᠃ ᠤᠨᠴᠠᠭᠠᠢ ᠰᠤᠷᠭᠠᠭᠤᠯᠢ ᠶᠢᠨ ᠬᠠᠷᠢᠭᠤᠴᠠᠯᠭᠠᠲᠠᠨ ᠠᠴᠠ ᠲᠠᠯᠠᠷᠬᠠᠵᠤ ᠪᠠᠶᠢᠬᠤ ᠰᠡᠳᠬᠢᠯ ᠢᠶᠠᠨ ᠢᠯᠡᠳᠭᠡᠬᠦ ᠶᠢᠨ ᠬᠠᠮᠲᠤ  ᠤᠯᠠᠭᠠᠨᠬᠠᠳᠠ ᠬᠤᠳᠠ ᠶᠢᠨ ᠵᠠᠯᠠᠭᠤᠴᠤᠳ ᠪᠠᠭᠠᠴᠤᠳ ᠤᠨ  ᠬᠦᠭᠵᠢᠯᠳᠡ ᠶᠢᠨ ᠰᠠᠭᠤᠷᠢ ᠮᠦᠩᠬᠦᠨ ᠤ ᠨᠡᠶᠢᠬᠡᠮᠯᠢᠭ ᠪᠤᠯᠤᠨ ᠤᠯᠠᠭᠠᠨᠬᠠᠳᠠ ᠶᠢᠨ ᠵᠢᠶᠧ ᠴᠠᠩ ᠪᠠᠷᠢᠯᠭ᠎ᠠ ᠶᠢᠨ ᠬᠢᠵᠠᠭᠠᠷᠳᠤ ᠺᠤᠮᠫᠠᠨᠢ ᠳᠤ ᠲᠠᠯᠠᠷᠬᠠᠯ ᠤᠨ ᠫᠠᠶᠢᠰᠠ  ᠭᠠᠷᠳᠠᠭᠤᠯᠪᠠ᠃    ᠠᠵᠢᠯᠯᠠᠭᠠᠨ ᠤ ᠬᠤᠭᠤᠴᠠᠭᠠᠨ ᠳᠤ ᠨᠠᠮ ᠤᠨ ᠭᠡᠰᠢᠭᠦᠳ ᠬᠡᠦᠬᠡᠳ ᠤᠨ ᠬᠤᠭᠤᠯᠠᠨ ᠭᠡᠷ ᠪᠣᠯᠤᠨ ᠬᠢᠴᠢᠶᠡᠯ ᠤᠨ ᠭᠡᠷ ᠢ  ᠲᠤᠭᠤᠷᠢᠨ ᠦᠵᠡᠵᠦ᠂ ᠬᠡᠦᠬᠡᠳ ᠤᠨ ᠰᠤᠷᠤᠯᠭ᠎ᠠ ᠪᠣᠯᠤᠨ ᠠᠮᠢᠳᠤᠷᠠᠯ ᠤᠨ ᠣᠷᠴᠢᠨ ᠲᠣᠭᠤᠷᠢᠨ ᠢ  ᠨᠠᠷᠢᠨ‌ᠣᠶᠢᠯᠠᠭᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号