ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠡᠮᠵᠢᠯᠡᠭᠦᠯᠥᠯ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/26
    11 ᠰᠠᠷ᠎ᠠ ᠶᠢᠨ 25 ᠤ ᠡᠳᠦᠷ᠂ ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠠᠮᠤᠷ ᠲᠦᠪᠰᠢᠨ ᠤ ᠰᠡᠷᠡᠮᠵᠢᠯᠡᠭᠦᠯᠥᠯ ᠬᠥᠮᠦᠵᠢᠯ ᠤᠨ ᠬᠤᠷᠠᠯ ᠬᠤᠷᠠᠯᠳᠤᠵᠤ᠂ ᠬᠤᠰᠢᠭᠤᠨ ᠳᠡᠳ᠋ ᠳᠠᠷᠤᠭ᠎ᠠ ᠳᠤᠪᠳᠤᠨᠰᠡᠩᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃     ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠲᠤᠬᠠᠶ ᠲᠦᠪ᠂ ᠣᠷᠣᠨ᠂ ᠬᠤᠲᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠡᠢ᠃     ᠬᠤᠷᠠᠯ ᠠᠴᠠ᠂ ᠡᠯ᠎ᠡ ᠭᠠᠵᠠᠷ ᠣᠷᠣᠨ ᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠨᠠᠷᠢᠨ ᠬᠢᠨᠠᠮᠠᠭᠠᠢ ᠲᠤᠤᠱᠯᠠᠭᠤᠯᠤᠨ᠂ ᠬᠠᠷᠢᠶ᠎ᠠ ᠣᠷᠣᠨ ᠤ ᠪᠠᠨ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠲᠣᠭᠤᠷᠢᠨ ᠪᠠᠶᠢᠴᠠᠭᠠᠬᠤ ᠪᠤᠯᠤᠨ ᠬᠠᠮᠠᠭᠠᠯᠠᠨ ᠤᠬᠠᠭᠤᠯᠬᠤ ᠠᠵᠢᠯ ᠢ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠪᠣᠯᠤᠨ ᠵᠠᠰᠠᠯᠲᠠ ᠶᠢᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号