ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠠᠷᠪᠠᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠣᠷᠴᠢᠨ ᠢ ᠴᠡᠭᠴᠡᠯᠡᠨ ᠵᠠᠰᠠᠬᠤ ᠠᠵᠢᠯ  ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/26
    11 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ  ᠭᠤᠤᠯᠯᠠᠬᠤ ᠳᠤᠭᠤᠶᠢᠯᠠᠩ ᠤᠨ ᠠᠷᠪᠠᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠭᠤᠤ ᠶᠦᠩ ᠡᠦ᠂ ᠸᠠᠩ ᠵᠢᠶᠦ᠋ᠨ ᠵᠢᠶᠦ᠋ᠨ᠂ ᠬᠤ᠋ ᠹᠧᠩ ᠶᠠᠨ᠂ ᠭᠧᠩ ᠸᠧᠢ ᠳ᠋ᠦᠩ᠂ ᠵᠦ ᠴᠦᠨ ᠶᠦᠩ᠂ ᠸᠠᠩ ᠶᠢᠩ᠂ ᠳ᠋ᠦᠩ ᠵᠢᠦ ᠪᠢᠩ᠂ ᠴᠠᠭᠠᠨᠪᠠᠭᠠᠲᠤᠷ ᠨᠠᠷ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃     ᠣᠶᠢᠷ᠎ᠠ ᠶᠢᠨ ᠵᠢᠯ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠣᠷᠴᠢᠨ  ᠢ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠃ ᠲᠣᠰ ᠤᠳᠠᠭᠠᠨ ᠤ ᠬᠤᠷᠠᠯ ᠠᠴᠠ ᠡᠮᠥᠨ᠎ᠡ᠂ ᠮᠥᠩᠬᠡ ᠵᠡᠷᠭᠡ ᠤᠳᠤᠷᠢᠳᠬᠤ ᠨᠥᠬᠦᠳ 4 ᠳᠤᠭᠤᠶᠢᠯᠠᠩ ᠬᠤᠪᠢᠶᠠᠨ ᠤᠷᠢᠳ ᠬᠤᠵᠢᠳ ᠪᠥᠬᠦ ᠬᠤᠰᠢᠭᠤᠨ ᠤ 8 ᠰᠢᠶᠠᠩ ᠪᠠᠯᠭᠠᠰᠤ ᠰᠤᠮᠤ᠂ ᠵᠡᠭᠡᠯᠢ ᠭᠤᠳᠤᠮᠵᠢ ᠳᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠢᠨᠵᠢᠯᠡᠨ ᠪᠠᠶᠢᠴᠠᠭᠠᠬᠤ ᠪᠦᠯᠬᠦᠮ ᠢ ᠵᠣᠬᠢᠶᠠᠨ ᠪᠠᠶᠢᠭᠤᠯᠤᠨ ᠠᠷᠤ ᠬᠤᠷᠴᠢᠨ ᠬᠤᠰᠢᠭᠤᠨ ᠳᠤ ᠬᠦᠷᠴᠦ ᠮᠠᠯᠵᠢᠬᠤ ᠲᠠᠷᠢᠶᠠᠯᠠᠬᠤ ᠣᠷᠣᠨ ᠤ  ᠰᠠᠭᠤᠭᠠᠯᠢ ᠣᠷᠴᠢᠨ  ᠢ ᠴᠡᠭᠴᠡᠯᠡᠨ ᠵᠠᠰᠠᠬᠤ ᠠᠵᠢᠯ ᠢ ᠰᠢᠨᠵᠢᠯᠡᠨ ᠪᠠᠶᠢᠴᠠᠭᠠᠵᠤ᠂ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ  ᠰᠤᠷᠤᠯᠴᠠᠭᠤᠯᠤᠭᠰᠠᠨ ᠪᠠᠶᠢᠨ᠎ᠠ᠃     ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠶ ᠦᠭᠦᠯᠡᠯᠳᠡ᠂ ︽ᠵᠧᠵᠢᠶᠠᠩ ᠤᠨ ︽ ᠮᠢᠩᠭ᠎ᠠ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠪᠠ︔ ᠠᠷᠤ ᠬᠤᠷᠴᠢᠨ ᠬᠤᠰᠢᠭᠤᠨ ᠳᠤ ᠬᠦᠷᠴᠦ ᠮᠠᠯᠵᠢᠬᠤ ᠲᠠᠷᠢᠶᠠᠯᠠᠬᠤ ᠣᠷᠣᠨ ᠤ  ᠰᠠᠭᠤᠭᠠᠯᠢ ᠣᠷᠴᠢᠨ  ᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠸᠠᠩ ᠶᠢᠩ ᠵᠡᠷᠭᠡ ᠤᠳᠤᠷᠢᠳᠤᠯᠭ᠎ᠠ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ  ᠰᠠᠭᠤᠭᠠᠯᠢ ᠣᠷᠴᠢᠨ  ᠢ ᠴᠡᠭᠴᠡᠯᠡᠨ ᠵᠠᠰᠠᠬᠤ ᠠᠵᠢᠯ ᠤᠨ ᠲᠣᠭᠤᠷᠢᠨ ᠳᠤ  ᠰᠤᠳᠤᠯᠤᠯᠳᠠ ᠬᠢᠭᠰᠡᠨ ᠰᠠᠨᠠᠯ ᠢᠶᠠᠨ ᠰᠣᠯᠢᠯᠴᠠᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ  ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ  ᠰᠠᠭᠤᠭᠠᠯᠢ ᠣᠷᠴᠢᠨ  ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ ᠪᠠ ᠪᠣᠳᠠᠲᠤ ᠠᠴᠢ ᠬᠤᠯᠪᠣᠭᠳᠠᠯ ᠢ ᠭᠦᠨᠵᠡᠭᠡᠶ ᠡᠵᠡᠮᠰᠢᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ  ᠰᠠᠭᠤᠭᠠᠯᠢ ᠣᠷᠴᠢᠨ  ᠢ ᠴᠡᠭᠴᠡᠯᠡᠨ ᠵᠠᠰᠠᠬᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠠᠶᠢᠯᠠᠯᠳᠤᠭᠠᠨ ᠤ ᠴᠢᠬᠤᠯᠠ ᠬᠡᠰᠡᠭ ᠪᠣᠯᠤᠭᠰᠠᠨ ᠤ ᠬᠤᠪᠢ ᠳᠤ᠂ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠪᠣᠯᠪᠠᠰᠤᠨ ᠡᠶ᠎ᠡ ᠵᠣᠬᠢᠴᠠᠯ ᠲᠠᠢ ᠬᠤᠯᠪᠤᠭᠳᠠᠬᠤ ᠪᠤᠯᠬᠤᠷ ᠭᠠᠭᠴᠠ ᠬᠦ ᠡᠨᠡ ᠬᠦ  ᠳᠠᠶᠢᠯᠠᠯᠳᠤᠭᠠᠨ  ᠤ  ᠢᠯᠠᠯᠲᠠ ᠶᠢ ᠲᠡᠮᠡᠴᠡᠨ ᠣᠯᠪᠠᠯ ᠰᠠᠶ᠋ᠢ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠠᠩ ᠰᠠᠶᠢᠲᠤᠷ ᠠᠬᠢᠭᠤᠯᠵᠤ ᠴᠢᠳᠠᠨ᠎ᠠ᠃   ᠪᠦᠬᠦ ᠬᠤᠰᠢᠭᠤ ᠪᠠᠷ ᠢᠶᠠᠨ ᠡᠷᠬᠡᠪᠰᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠡᠯ᠎ᠡ ᠲᠠᠯ᠎ᠠ ᠪᠠ ᠪᠦᠬᠦ ᠶᠠᠪᠤᠴᠠ ᠳᠤ ᠳᠤᠭᠤᠰᠢᠯᠠᠭᠤᠯᠵᠤ᠂ ︽ᠬᠤᠶᠠᠷ ᠠᠭᠤᠯᠠ︾ ᠶᠢᠨ ᠤᠨᠤᠯ ᠢ ᠭᠦᠨᠵᠡᠭᠡᠢ ᠦᠢᠯᠡᠳᠦᠯᠭᠡᠵᠢᠭᠦᠯᠬᠦ ᠬᠡᠷᠡᠭᠲᠡᠢ᠃᠂ ︽ ᠮᠢᠩᠭ᠎ᠠ ᠲᠦᠮᠡᠨ ᠢᠨᠵᠧᠨᠧᠷᠢᠩ︾ ᠤᠨ ᠣᠨᠣᠯ ᠢ ᠭᠦᠨᠵᠡᠭᠡᠶ ᠦᠢᠯᠡᠳᠦᠯᠭᠡᠵᠢᠭᠦᠯᠵᠦ᠂ ᠲᠡᠷᠢᠭᠦᠨ ᠤ ᠭᠠᠵᠠᠷ ᠣᠷᠣᠨ ᠤ ᠠᠷᠭ᠎ᠠ ᠬᠢᠳᠡᠯ ᠢ ᠠᠮᠢᠳᠤᠯᠢᠭ ᠢᠶᠠᠷ ᠬᠡᠷᠡᠭᠯᠡᠨ᠂ ᠮᠠᠯᠵᠢᠬᠤ ᠲᠠᠷᠢᠶᠠᠯᠠᠬᠤ ᠣᠷᠣᠨ ᠤ  ᠰᠠᠭᠤᠭᠠᠯᠢ ᠣᠷᠴᠢᠨ  ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠪᠠᠷ ᠳᠠᠮᠵᠢᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ  ᠪᠠᠶᠢᠯᠳᠤᠬᠤ ᠪᠣᠳᠣᠯᠭ᠎ᠠ  ᠶᠢ ᠠᠬᠢᠭᠤᠯᠬᠤ ᠬᠡᠷᠡᠭᠲᠡᠶ  ᠭᠡᠵᠡᠢ᠃     ᠬᠤᠷᠠᠯ ᠠᠴᠠ ᠣᠶᠢᠷ᠎ᠠ ᠶᠢᠨ ᠵᠢᠯ ᠳᠤ᠂ ᠪᠥᠬᠦ ᠬᠤᠰᠢᠭᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠮᠠᠰᠢ ᠶᠡᠭᠡ ᠰᠠᠶᠢᠵᠢᠷᠠᠯᠲᠠ ᠲᠠᠢ ᠪᠣᠯᠵᠣ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠵᠠᠷᠢᠮ ᠲᠤᠷᠰᠢᠯᠭ᠎ᠠ ᠠᠷᠭ᠎ᠠ ᠬᠢᠳᠡᠯ ᠢ ᠪᠣᠶ ᠪᠣᠯᠭᠠᠪᠠ᠃ ᠭᠡᠪᠡᠴᠦ ᠮᠠᠯᠵᠢᠬᠤ ᠲᠠᠷᠢᠶᠠᠯᠠᠬᠤ ᠣᠷᠣᠨ ᠳᠤ ᠪᠠᠰᠠ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠳᠤ ᠬᠦᠴᠢᠷᠳᠡᠯ ᠶᠡᠭᠡ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠬᠠᠷᠠᠬᠠᠨ ᠦᠨᠡᠨ ᠬᠦ ᠪᠦᠷᠢᠯᠳᠦᠭᠡᠳᠦᠶ ᠵᠡᠷᠭᠡ ᠠᠰᠠᠭᠤᠳᠠᠯ ᠣᠷᠣᠰᠢᠵᠤ᠂ ᠣᠯᠠᠨ ᠲᠦᠮᠡᠨ ᠤ  ᠬᠦᠰᠡᠯ  ᠱᠠᠭᠠᠷᠳᠠᠯᠭ᠎ᠠ ᠳᠤ ᠬᠦᠷᠥᠯᠴᠡᠬᠦ ᠦᠭᠡᠢ  ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ  ᠭᠡᠵᠡᠢ᠃    ᠬᠤᠷᠠᠯ ᠠᠴᠠ ᠱᠠᠭᠠᠷᠳᠠᠭᠰᠠᠨ ᠨᠢ᠂ ᠪᠣᠭᠤᠮᠲᠠ ᠰᠢᠪᠲᠤᠯᠬᠤ   ᠶᠢ ᠪᠠᠲᠤᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠬᠢᠬᠦᠶ ᠪᠠᠷ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠨᠢᠭᠡ ᠪᠦᠯᠦᠭ ᠲᠥᠯᠥᠭᠡᠯᠡᠬᠦ ᠴᠢᠨᠠᠷᠲᠠᠶ ᠭᠠᠴᠠᠭ᠎ᠠ ᠲᠣᠰᠬᠤᠨ ᠤ ᠲᠤᠷᠰᠢᠯᠲᠠ ᠶᠢ ᠰᠣᠩᠭᠤᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠡᠷᠡᠭᠲᠡᠶ᠃ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂  ᠴᠤᠭᠯᠠᠭᠤᠯᠬᠤ᠂  ᠲᠡᠭᠡᠭᠡᠪᠦᠷᠢᠯᠡᠬᠦ᠂  ᠰᠢᠢᠳᠪᠦᠷᠢᠯᠡᠬᠦ ᠶᠢ ᠨᠢᠭᠲᠠ ᠤᠶᠠᠯᠳᠤᠭᠤᠯᠬᠤ ᠬᠡᠷᠡᠭᠲᠡᠶ᠃ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠵᠠᠩ ᠳᠠᠳᠬᠠᠯ ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢ ᠬᠦᠳᠦᠯᠦᠨ ᠵᠢᠯᠣᠭᠤᠳᠴᠤ  ᠵᠤᠷᠢᠭᠵᠢᠭᠤᠯᠤᠨ᠂ ᠮᠠᠯᠴᠢᠨ ᠲᠠᠷᠢᠶᠠᠴᠢᠨ ᠲᠦᠮᠡᠨ ᠤ ︽ᠡᠵᠡᠨ ᠬᠥᠮᠦᠨ︾ ᠤ ᠤᠬᠠᠮᠰᠠᠷ ᠢ ᠦᠨᠡᠨ ᠬᠦ ᠴᠢᠩᠭᠠᠳᠬᠠᠵᠤ᠂ ᠲᠣᠰᠬᠤᠨ ᠤ ᠳᠦᠷᠰᠦ ᠪᠠᠶᠢᠳᠠᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ ᠲᠣᠰᠬᠤᠨ ᠤ ᠵᠠᠩ ᠰᠤᠷᠲᠠᠯ ᠤᠨ ᠪᠣᠯᠪᠠᠰᠤᠨ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠪᠠ ᠬᠢᠨᠠᠯᠲᠠ ᠲᠠᠯᠪᠢᠵᠤ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ  ᠲᠡᠭᠦᠯᠳᠡᠷᠵᠢᠭᠦᠯᠵᠥ᠂ ᠬᠡᠷᠡᠭᠵᠢᠭᠦᠯᠵᠦ ᠪᠣᠯᠬᠤ᠂ ᠳᠡᠯᠭᠡᠷᠡᠭᠦᠯᠵᠦ ᠪᠣᠯᠬᠤ᠂ ᠦᠷᠭᠦᠯᠵᠢᠯᠡᠭᠦᠯᠬᠦ ᠵᠠᠰᠠᠯᠲᠠ ᠶᠢᠨ ᠵᠠᠭᠪᠤᠷ ᠢ ᠲᠦᠷᠭᠡᠳᠬᠡᠨ ᠪᠣᠶ ᠪᠣᠯᠭᠠᠵᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ  ᠰᠠᠭᠤᠭᠠᠯᠢ ᠣᠷᠴᠢᠨ  ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ  ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号