ᠪᠤᠷᠤᠬᠤᠲᠠ ᠠᠴᠠ ᠴᠢᠪᠠᠭ᠎ᠠ ᠬᠦᠷᠬᠦ ᠲᠦᠷᠭᠡᠨ ᠵᠠᠮ ᠤᠨ ᠰᠢᠷᠠᠮᠥ᠋ᠷᠡᠨ ᠭᠤᠤᠯ ᠳᠡᠭᠡᠷᠡᠬᠢ ᠶᠡᠭᠡ ᠬᠥᠭᠦᠷᠭᠡ ᠶᠢᠨ ᠭᠤᠤᠯ ᠴᠣᠭᠴᠠ ᠶᠢᠨ ᠪᠠᠷᠢᠯᠭ᠎ᠠ ᠳᠠᠭᠤᠰᠪᠠ
ᠨᠡᠶᠢᠲᠡᠯᠡᠭᠰᠡᠨ ᠴᠠᠭ᠄
2024/11/26
       ᠣᠶᠢᠷ᠎ᠠ ᠳᠤ᠂ ᠪᠤᠷᠤᠬᠤᠲᠠ ᠠᠴᠠ ᠴᠢᠪᠠᠭ᠎ᠠ ᠬᠦᠷᠬᠦ ᠲᠦᠷᠭᠡᠨ ᠵᠠᠮ ᠤᠨ ᠰᠢᠷᠠᠮᠥ᠋ᠷᠡᠨ ᠭᠤᠤᠯ ᠳᠡᠭᠡᠷᠡᠬᠢ ᠶᠡᠭᠡ ᠬᠥᠭᠦᠷᠭᠡ ᠶᠢᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ᠂ 5922 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠂ 2027 ᠣᠨ ᠳᠤ ᠲᠡᠷᠭᠡ ᠨᠡᠪᠲᠡᠷᠡᠭᠦᠯᠬᠦ ᠪᠠᠷ ᠲᠦᠯᠦᠪᠯᠡᠵᠦ ᠪᠠᠶᠢᠨ᠎ᠠ᠃     ᠣᠶᠢᠯᠠᠭᠠᠭᠰᠠᠨ ᠢᠶᠠᠷ᠂ ᠲᠤᠰ ᠬᠥᠭᠦᠷᠭᠡ ᠨᠢ ᠪᠤᠷᠤᠬᠤᠲᠠ ᠠᠴᠠ ᠴᠢᠪᠠᠭ᠎ᠠ ᠬᠦᠷᠬᠦ ᠲᠦᠷᠭᠡᠨ ᠵᠠᠮ ᠤᠨ ᠵᠠᠩᠭᠢᠯᠠᠭ᠎ᠠ ᠶᠢᠨ ᠴᠢᠨᠠᠷᠲᠠᠶ ᠪᠠᠷᠢᠯᠭ᠎ᠠ ᠶᠢᠨ ᠬᠡᠰᠡᠭ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 8545 ᠲᠦᠮᠡᠨ ᠲᠥᠭᠦᠷᠢᠭ ᠲᠤ ᠬᠦᠷᠴᠦ᠂ ᠬᠥᠭᠦᠷᠭᠡ ᠶᠢᠨ ᠪᠥᠬᠦ ᠣᠷᠳᠣ ᠨᠢ 996  ᠮᠧᠲᠷ ᠪᠤᠯᠤᠨ᠎ᠠ᠃     ᠪᠤᠷᠤᠬᠤᠲᠠ ᠠᠴᠠ ᠴᠢᠪᠠᠭ᠎ᠠ ᠬᠦᠷᠬᠦ ᠲᠦᠷᠭᠡᠨ ᠵᠠᠮ ᠨᠢ ᠣᠩᠨᠢᠭᠤᠳ ᠬᠤᠰᠢᠭᠤ ᠪᠤᠯᠤᠨ ᠠᠷᠤ ᠬᠤᠷᠴᠢᠨ ᠬᠤᠰᠢᠭᠤ ᠶᠢ ᠬᠤᠯᠪᠣᠬᠤ ᠴᠢᠬᠤᠯᠠ ᠵᠠᠮ ᠬᠠᠷᠢᠯᠴᠠᠭᠠᠨ ᠤ ᠰᠤᠳᠠᠰᠤ ᠪᠣᠯᠤᠭᠰᠠᠨ ᠤ ᠬᠤᠪᠢ ᠳᠤ᠂ ᠣᠷᠣᠨ ᠨᠤᠳᠤᠭ ᠤᠨ ᠠᠵᠤ ᠠᠬᠤᠶ ᠶᠢᠨ ᠰᠣᠯᠢᠯᠴᠠᠭ᠎ᠠ ᠬᠢᠭᠡᠳ ᠬᠥᠭᠵᠢᠯᠲᠡ ᠶᠢ ᠠᠬᠢᠭᠤᠯᠬᠤ ᠬᠦᠨᠳᠦ ᠡᠭᠦᠷᠭᠡ ᠶᠢ ᠠᠴᠢᠶᠠᠯᠠᠵᠤ ᠪᠠᠶᠢᠳᠠᠭ᠃ ᠡᠭᠦᠨ ᠳᠤ ᠳ᠋ᠠᠨ ᠰᠢ ᠲᠦᠷᠭᠡᠨ ᠵᠠᠮ ᠤᠨ ᠪᠣᠷᠣᠬᠤᠲᠠ ᠳᠠᠬᠢ ᠰᠣᠯᠢᠪᠴᠠᠯ ᠵᠠᠮ ᠠᠴᠠ ᠬᠤᠶᠢᠰᠢ 7 ᠺᠢᠯᠤᠮᠧᠲᠷ ᠵᠠᠶᠢᠲᠠᠶ ᠬᠡᠰᠡᠭ ᠲᠠᠬᠢ ᠬᠤᠶᠠᠷ ᠵᠠᠮ ᠤᠨ ᠠᠭᠤᠯᠵᠠᠷ ᠪᠤᠯ ᠣᠩᠨᠢᠭᠤᠳ ᠬᠤᠰᠢᠭᠤᠨ ᠤ ᠬᠡᠰᠡᠭ ᠲᠠᠬᠢ ᠡᠬᠢᠯᠡᠯᠲᠡ ᠶᠢᠨ ᠴᠡᠭ ᠨᠢ ᠪᠤᠯᠤᠨ᠎ᠠ᠃ ᠲᠤᠰ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 14 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 1 ᠶᠡᠭᠡ ᠬᠥᠭᠦᠷᠭᠡ᠂ 5 ᠳᠤᠮᠳᠠ ᠵᠡᠷᠭᠡ ᠶᠢᠨ ᠬᠥᠭᠦᠷᠭᠡ᠂ 13 ᠵᠢᠵᠢᠭ ᠬᠥᠭᠦᠷᠭᠡ  ᠪᠣᠯᠣᠨ ᠭᠤᠯᠳᠤᠩ᠂ 6 ᠰᠣᠯᠢᠪᠴᠠᠯ ᠵᠠᠮ ᠵᠡᠷᠭᠡ ᠶᠢ ᠪᠠᠶᠢᠭᠤᠯᠬᠤ ᠶᠢᠨ ᠬᠠᠮᠲᠤ ᠰᠦᠢᠳᠬᠡᠯ ᠬᠤᠷᠢᠶᠠᠬᠤ ᠥᠷᠲᠡᠭᠡ᠂ ᠦᠢᠯᠡᠴᠢᠯᠡᠭᠡᠨ ᠤ ᠲᠣᠭᠤᠷᠢᠭ ᠵᠡᠷᠭᠡ ᠶᠢ ᠴᠦ ᠢᠵᠢ ᠪᠦᠷᠢᠳᠦᠭᠦᠯᠦᠨ ᠪᠠᠶᠢᠭᠤᠯᠬᠤ ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号