ᠮᠠᠨ ᠤ ᠬᠤᠰᠢᠭᠤ ᠠᠵᠢᠯᠲᠠᠨ ᠠᠵᠢᠯᠴᠢᠨ ᠤ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/11/4
      10 ᠰᠠᠷ᠎ᠠ ᠶᠢᠨ 29 ᠤ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠭᠰᠡᠨ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠶᠤ  ᠂ ᠰᠡᠳᠬᠢᠯ ᠨᠢᠭᠡᠳᠦᠨ  ᠨᠠᠮ ᠢᠶᠠᠨ ᠳᠠᠭᠠᠵᠤ᠂  ᠨᠠᠮ  ᠳᠠᠭᠠᠨ ᠲᠠᠯᠠᠷᠬᠠᠨ  ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠤᠯ ᠰᠡᠳᠦᠪᠲᠦ ᠪᠥᠬᠦ ᠬᠤᠰᠢᠭᠤᠨ ᠤ ᠠᠵᠢᠯᠲᠠᠨ ᠠᠵᠢᠯᠴᠢᠨ ᠤ  ᠶᠠᠷᠢᠶ᠎ᠠ ᠢᠯᠡᠳᠬᠡᠯ ᠤᠨ ᠤᠷᠤᠯᠳᠤᠭᠠᠨ  ᠬᠤᠰᠢᠭᠤᠨ ᠤ ᠤᠯᠠᠨ ᠲᠦᠮᠠᠨ ᠤ ᠲᠣᠭᠯᠠᠯᠲᠠ ᠶᠢᠨ ᠤᠷᠠᠯᠢᠭ ᠤᠨ ᠲᠥᠪ ᠲᠤ  ᠶᠠᠪᠤᠭᠳᠠᠪᠠ᠃      ᠤᠷᠤᠯᠳᠤᠭᠠᠨ ᠤ ᠲᠤᠬᠠᠶ ᠶᠢᠨ ᠲᠠᠯᠠᠪᠤᠷ ᠲᠤ᠂ ᠤᠷᠤᠯᠴᠠᠭᠰᠠᠳ ᠤᠷᠠᠯᠢᠭ ᠦᠭᠡ ᠬᠡᠯᠡ᠂ ᠠᠮᠢᠳᠤᠯᠢᠭ ᠵᠢᠱᠢᠶ᠎ᠡ ᠪᠠᠷ ᠡᠯ᠎ᠡ ᠠᠵᠢᠯ ᠲᠥᠷᠥᠯ ᠤᠨ ᠬᠥᠳᠡᠯᠮᠦᠷᠢᠴᠢᠳ ᠤᠨ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠶᠠᠪᠤᠴᠠ ᠳᠤ ᠴᠥᠬᠦᠷᠡᠰᠢ ᠥᠬᠡᠶ ᠲᠡᠮᠡᠴᠡᠭᠰᠡᠨ  ᠥᠯᠢᠭᠡᠷ  ᠵᠢᠱᠢᠶ᠎ᠡ ᠶᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠶᠠᠷᠢᠨ ᠢᠯᠡᠳᠬᠡᠵᠥ᠂  ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠤᠷᠤᠯᠳᠤᠭᠠᠨ ᠤ ᠡᠴᠦᠰ ᠲᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ  ᠰᠢᠯᠭᠠᠷᠠᠭᠤᠯᠤᠨ ᠭᠠᠷᠭᠠᠪᠠ᠃      ᠲᠤᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠨᠢ ᠥᠷᠭᠡᠨ ᠤᠯᠠᠨ ᠬᠥᠳᠡᠯᠮᠦᠷᠢᠴᠢᠳ ᠲᠤ ᠥᠪᠡᠷ ᠢ ᠪᠠᠨ  ᠢᠯᠡᠷᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂  ᠪᠦᠬᠦ ᠨᠡᠶᠢᠭᠡᠮ ᠳᠤ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂  ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠠᠯᠠᠭᠤᠨ ᠥᠷᠨᠢᠯᠲᠡ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ  ᠬᠦᠴᠦᠨ ᠴᠢᠳᠠᠯ ᠢᠶᠠᠨ  ᠡᠷᠭᠦᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号