| | ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠃ 10 ᠰᠠᠷ᠎ᠠ ᠶᠢᠨ 31 ᠤ ᠡᠳᠦᠷ᠂ ᠮᠠᠨ ᠤ ᠬᠤᠰᠢᠭᠤ ᠬᠤᠲᠠ ᠲᠤᠭᠤᠷᠢᠭ | ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠵᠢᠴᠢ ︽ᠦᠨᠳᠦᠰᠦᠨ ᠱᠠᠳᠤ ᠱᠦᠭᠯᠦ ᠦᠯᠢᠶᠡᠵᠥ | ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠬᠦ ᠲᠤᠰᠬᠠᠶ ᠰᠡᠳᠦᠪᠲᠦ | ᠪᠣᠯᠪᠠᠰᠤᠷᠠᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠦᠨ ᠮᠢᠩ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠡᠷᠡᠰ ᠨᠢᠭᠡᠳᠬᠡᠵᠦ᠂ ︽ | ᠦᠨᠳᠦᠰᠦᠨ ᠱᠠᠳᠣ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠪᠠᠨ ᠮᠡᠳᠡᠭᠦᠯᠬᠦ︾ ᠡᠨᠡ ᠬᠦ ᠲᠣᠭᠲᠠᠴᠠ ᠶᠢᠨ | ᠭᠤᠤᠯ ᠠᠭᠤᠯᠭ᠎ᠠ ᠶᠢ ᠭᠦᠨᠵᠡᠭᠡᠶ ᠣᠶᠢᠯᠠᠭᠠᠵᠤ᠂ ᠪᠠᠲᠤ ᠴᠢᠩᠭ᠎ᠠ ᠤᠯᠤᠰ ᠲᠥᠷᠥ ᠶᠢᠨ ᠤᠬᠠᠮᠰᠠᠷ ᠪᠠ | ᠬᠠᠷᠢᠭᠤᠴᠠᠯᠭᠠᠳᠤ ᠰᠡᠳᠬᠢᠯᠭᠡ ᠪᠠᠷ ᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ | ᠳᠥᠭᠦᠮ ᠳᠥᠲᠡ ᠥᠨᠳᠥᠷ ᠪᠦᠲᠦᠮᠵᠢᠲᠡᠶ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠥᠬᠦ ᠲᠠᠯ᠎ᠠ ᠪᠠᠷ | ᠪᠠᠶᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ | ᠳᠡᠭᠡᠭᠰᠢᠯᠡᠭᠦᠯᠬᠦ ᠬᠡᠷᠡᠭᠲᠡᠶ ᠭᠡᠵᠡᠢ᠃ | ᠬᠤᠷᠠᠯ ᠠᠴᠠ᠂ ︽ᠱᠦᠭᠯᠦ ᠦᠯᠢᠶᠡᠵᠥ ᠨᠡᠷ᠎ᠡ ᠮᠡᠳᠡᠭᠦᠯᠬᠦ︾ ᠠᠵᠢᠯ ᠪᠣᠯ ᠨᠢᠭᠡ ᠵᠦᠢᠯ ᠤᠨ ᠰᠢᠰᠲ᠋ᠧᠮᠲᠦ | ᠢᠨᠵᠧᠨᠧᠷᠢᠩ ᠪᠣᠯᠤᠨ᠎ᠠ ᠂᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠬᠢᠭᠤᠯᠬᠤ ᠶᠠᠪᠤᠴᠠ ᠳᠤ | ᠭᠤᠣᠯ ᠢ ᠡᠵᠡᠮᠳᠡᠨ᠂ ᠵᠠᠩᠭᠢᠯᠠᠭ᠎ᠠ ᠶᠢ ᠠᠳᠬᠤᠵᠤ᠂ ︽ᠱᠦᠭᠯᠦ ᠦᠯᠢᠶᠡᠵᠦ᠂ ᠨᠡᠷ᠎ᠡ ᠮᠡᠳᠡᠭᠦᠯᠬᠦ︾ ᠶᠢᠨ | ᠤᠨᠤᠪᠴᠢᠳᠠᠢ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠵᠤ᠂ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ︽ | ᠬᠤᠰᠢᠭᠤ ᠰᠢᠶᠠᠩ ᠬᠤᠯᠪᠣᠭᠠᠯᠠᠨ ᠬᠥᠳᠡᠯᠦᠯᠴᠡᠬᠦ᠂ ᠡᠮᠬᠢ ᠵᠢᠷᠤᠮ ᠲᠠᠢ ᠵᠣᠯᠭᠠᠭᠤᠯᠬᠤ᠂ ᠠᠵᠢᠯ ᠤᠨ | ᠬᠤᠪᠢᠶᠠᠷᠢᠯᠠᠯ ᠨᠢ ᠲᠣᠳᠣᠷᠬᠠᠶ᠂ ᠠᠵᠢᠯᠯᠠᠭᠠᠨ ᠨᠢ ᠥᠨᠳᠥᠷ ᠪᠦᠲᠦᠮᠵᠢᠲᠡᠶ︾ ᠠᠵᠢᠯ ᠤᠨ ᠰᠢᠰᠲ᠋ᠧᠮ ᠢ | ᠪᠦᠷᠢᠯᠳᠦᠭᠦᠯᠬᠦ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠶ ᠭᠡᠵᠡᠢ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠪᠠ | ᠭᠤᠷᠪᠠᠳᠤᠭᠠᠷ ᠡᠳᠡᠭᠡᠳ ᠤᠨ ᠺᠣᠮᠫᠠᠨᠢ ᠶᠢᠨ ᠮᠡᠷᠭᠡᠵᠢᠯᠳᠡᠨ ᠠᠴᠠ ︽ᠦᠨᠳᠦᠰᠦᠨ ᠱᠠᠳᠣ ᠱᠦᠭᠯᠦ ᠦᠯᠢᠶᠡᠵᠦ᠂ | ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠠᠵᠢᠯ ᠤᠨ ᠲᠣᠭᠲᠠᠴᠠ ᠪᠠ ᠲᠠᠪᠴᠠᠩ ᠤᠨ ᠰᠢᠰᠲ᠋ᠧᠮ ᠤᠨ ᠠᠵᠢᠯᠯᠠᠭᠠᠨ ᠤ | ᠲᠤᠬᠠᠶᠢᠯᠠᠭᠰᠠᠨ ᠠᠵᠢᠯ ᠳᠤ ᠲᠠᠰ ᠳᠠᠷᠠᠭᠠᠯᠠᠨ ᠲᠠᠶᠢᠯᠪᠤᠷᠢᠯᠠᠯᠳᠠ ᠬᠢᠪᠠ᠃ |