ᠤᠯᠠᠭᠠᠨᠬᠠᠳᠠ ᠶᠢᠨ ᠶᠢᠨ ᠶᠤᠸᠠᠨ  ᠭᠦᠸᠧ ᠵᠤᠴᠢᠳ ᠤᠨ ᠪᠠᠭᠤᠳᠠᠯ ᠤᠨ ᠭᠤᠤᠯ ᠴᠣᠭᠴᠠ ᠶᠢᠨ ᠪᠠᠷᠢᠯᠭ᠎ᠠ ᠶᠢᠨ ᠠᠵᠢᠯ ᠳᠠᠭᠤᠰᠪᠠ
ᠨᠡᠶᠢᠲᠡᠯᠡᠭᠰᠡᠨ ᠴᠠᠭ᠄
2024/11/4
     11 ᠰᠠᠷ᠎ᠠ ᠶᠢᠨ 1 ᠤ ᠡᠳᠦᠷ᠂ ᠤᠯᠠᠭᠠᠨᠬᠠᠳᠠ ᠶᠢᠨ ᠶᠢᠨ ᠭᠦᠸᠧ ᠵᠣᠴᠢᠳ ᠤᠨ ᠪᠠᠭᠤᠳᠠᠯ ᠤᠨ ᠭᠤᠤᠯ ᠴᠣᠭᠴᠠ ᠶᠢᠨ ᠪᠠᠷᠢᠯᠭ᠎ᠠ ᠶᠢᠨ ᠠᠵᠢᠯ  ᠳᠠᠭᠤᠰᠴᠤ  ᠲᠡᠭᠡᠪᠥᠷᠯᠡᠬᠦ ᠶᠣᠰᠣᠯᠠᠯ  ᠶᠠᠪᠤᠭᠤᠯᠪᠠ᠃ ᠬᠤᠰᠢᠭᠤᠨ ᠤ ᠤᠳᠤᠷᠢᠳᠤᠯᠭ᠎ᠠ ᠭᠧᠩ ᠸᠧᠶ ᠳ᠋ᠦᠩ᠂ ᠯᠢᠨ ᠬᠤ᠋᠂  ᠳᠤᠪᠳᠤᠨᠰᠡᠩᠭᠡ᠂ ᠰᠠᠶᠢᠨᠪᠠᠲᠤ ᠪᠣᠯᠤᠨ ᠬᠡᠷ ᠪᠠᠶᠢᠰᠢᠩ ᠭᠠᠵᠠᠷ ᠬᠥᠷᠥᠩᠭᠡ ᠶᠢᠨ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠵᠤ ᠪᠠᠶᠠᠷ ᠬᠦᠷᠭᠡᠪᠡ᠃      ᠤᠯᠠᠭᠠᠨᠬᠠᠳᠠ ᠶᠢᠨ ᠶᠢᠨ ᠶᠤᠸᠠᠨ ᠭᠦᠸᠧ ᠵᠣᠴᠢᠳ ᠤᠨ ᠪᠠᠭᠤᠳᠠᠯ  ᠢ ᠥᠪᠥᠷ ᠮᠣᠩᠭᠤᠯ ᠤᠨ ᠵᠦ ᠰᠢᠩ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠠᠴᠠ ᠪᠠᠯᠠ ᠣᠷᠣᠭᠤᠯᠤᠨ ᠪᠦᠲᠦᠭᠡᠨ ᠪᠠᠶᠢᠭᠤᠯᠵᠤ᠂ ᠵᠢᠭᠤᠯᠴᠢᠯᠠᠯ ᠬᠤᠨᠣᠵᠤ ᠬᠡᠪᠲᠡᠬᠦ᠂ ᠬᠤᠷᠠᠯ ᠤᠨ ᠶᠠᠪᠤᠳᠠᠯ ᠢ ᠳᠠᠭᠠᠭᠠᠴᠢᠯᠠᠨ ᠡᠷᠬᠢᠯᠡᠬᠦ᠂ ᠬᠤᠷᠢᠮ ᠨᠠᠶᠢᠷ᠂ ᠦᠨᠳᠦᠰᠦᠲᠡᠨ ᠤ  ᠤᠨᠴᠠᠯᠢᠭᠳᠤ ᠢᠳᠡᠭᠡᠨ᠂  ᠯᠤᠤ ᠭᠠᠷᠤᠳᠢ ᠶᠢᠨ ᠨᠤᠲᠤᠭ ᠤᠨ ᠰᠣᠶᠣᠯ ᠤᠨ ᠰᠤᠳᠤᠯᠭᠠᠨ ᠵᠡᠷᠭᠡ ᠶᠢ ᠨᠢᠭᠡ ᠴᠣᠭᠴᠠᠵᠢᠭᠤᠯᠤᠭᠰᠠᠨ ᠲᠠᠪᠤᠨ ᠣᠳᠣᠨ ᠲᠠᠰ ᠤᠨ ᠪᠠᠭᠤᠳᠠᠯ ᠪᠣᠯᠤᠨ᠎ᠠ᠃ ᠲᠣᠰ  ᠪᠠᠷᠢᠯᠭ᠎ᠠ ᠨᠢ 85 ᠮᠥ ᠭᠠᠵᠠᠷ ᠡᠵᠡᠯᠡᠨ᠂   13 ᠲᠦᠮᠡᠨ ᠲᠡᠭᠰᠢ ᠳᠥᠷᠪᠡᠯᠵᠢᠨ  ᠮᠧᠲᠷ ᠲᠠᠯᠠᠪᠠᠶ  ᠲᠠᠢ ᠭᠡᠷ ᠪᠠᠷᠢᠯᠭ᠎ᠠ ᠪᠦᠲᠥᠭᠡᠨ ᠪᠠᠶᠢᠭᠤᠯᠵᠤ  ᠂ ᠶᠡᠷᠦᠩᠬᠡᠶ ᠪᠠᠯᠠ ᠣᠷᠣᠭᠤᠯᠤᠯᠲᠠ ᠨᠢ 6 ᠳ᠋ᠦᠩᠰᠢᠭᠤᠷ ᠲᠥᠭᠦᠷᠢᠭ   ᠲᠤ ᠬᠦᠷᠥᠭᠰᠡᠨ ᠪᠠᠶᠢᠨ᠎ᠠ᠂᠂ ᠲᠣᠰ  ᠪᠠᠷᠢᠯᠭ᠎ᠠ  ᠨᠢ ᠡᠨᠡ ᠵᠢᠯ ᠤᠨ 4 ᠰᠠᠷ᠎ᠠ ᠶᠢᠨ 1 ᠤ ᠡᠳᠦᠷ  ᠠᠵᠢᠯ ᠢᠶᠠᠨ ᠡᠬᠢᠯᠡᠭᠦᠯᠵᠦ᠂ ᠲᠤᠯᠤᠭᠠᠨ ᠰᠠᠷ᠎ᠠ ᠶᠢᠨ ᠬᠤᠭᠤᠴᠠᠭ᠎ᠠ  ᠬᠡᠷᠡᠭᠰᠡᠨ ᠭᠤᠤᠯ ᠴᠣᠭᠴᠠ ᠶᠢᠨ ᠪᠠᠷᠢᠯᠭ᠎ᠠ ᠶᠢ  ᠪᠠᠷᠢᠵᠤ  ᠳᠠᠭᠤᠰᠬᠠᠭᠰᠠᠨ ᠪᠠᠶᠢᠨ᠎ᠠ᠂᠂       ᠲᠣᠰ ᠲᠥᠷᠥᠯ ᠵᠦᠢᠯ ᠢ 2025 ᠣᠨ ᠤ 7 ᠰᠠᠷ᠎ᠠ ᠳᠤ ᠵᠢᠩᠬᠢᠨᠢ ᠪᠠᠷ  ᠠᠰᠢᠭᠯᠠᠯᠲᠠ ᠳᠤ  ᠤᠷᠤᠭᠤᠯᠵᠤ᠂ ᠰᠠᠭᠤᠭᠠᠯᠢ ᠠᠷᠠᠳ ᠪᠠ ᠵᠢᠭᠤᠯᠴᠢᠯᠠᠭᠴᠢᠳ ᠲᠤ ᠨᠠᠩ ᠰᠢᠯᠢᠳᠡᠭ ᠣᠳᠣᠨ ᠲᠠᠰ ᠤᠨ ᠦᠢᠯᠡᠴᠢᠯᠡᠭᠡ  ᠬᠠᠩᠭᠠᠬᠤ ᠪᠤᠯᠤᠨ᠎ᠠ᠂᠂
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号