| | ᠣᠶᠢᠷ᠎ᠠ ᠶᠢᠨ ᠡᠳᠦᠷ᠂ ᠳ᠋ᠠ ᠲᠠᠩ ᠺᠤᠮᠫᠠᠨᠢ ᠨᠢ ᠤᠯᠠᠭᠠᠨᠬᠠᠳᠠ ᠶᠢᠨ ᠬᠤᠯᠠᠨ ᠳᠠᠭ᠎ᠠ ᠡᠯᠡᠰᠦᠷᠬᠡᠭ ᠭᠠᠵᠠᠷ ᠤᠨ | ᠰᠠᠯᠬᠢᠨ ᠬᠦᠴᠥᠨ ᠭᠡᠷᠡᠯ ᠴᠡᠨᠡᠭ ᠤᠨ100 ᠲᠦᠮᠡᠨ ᠺᠢᠯᠣᠸᠠᠲ ᠤᠨ ᠴᠠᠬᠢᠯᠭᠠᠨ ᠬᠠᠳᠠᠭᠠᠯᠠᠬᠤ ᠡᠯᠡᠰᠦ ᠶᠢ ᠵᠠᠰᠠᠬᠤ | ᠤᠩᠨᠢᠭᠤᠳ ᠤᠨ ᠬᠡᠪᠴᠢᠶᠡᠨ ᠳᠠᠬᠢ 20 ᠲᠦᠮᠡᠨ ᠺᠢᠯᠣᠸᠠᠲ ᠤᠨ ᠬᠡᠷᠡᠯ ᠴᠡᠨᠡᠭ ᠤᠨ ᠢᠨᠵᠧᠨᠧᠷᠢᠩ ᠤᠨ ᠰᠢᠨ᠎ᠡ | ᠡᠨᠧᠷᠭᠢ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ ᠂ 2025 ᠣᠨ ᠤ 1 | ᠰᠠᠷ᠎ᠠ ᠳᠤ ᠲᠤᠤᠷᠵᠢᠯ ᠳᠤ ᠨᠡᠶᠢᠯᠡᠭᠦᠯᠦᠨ ᠴᠠᠬᠢᠯᠭᠠᠨ ᠬᠦᠷᠭᠡᠬᠦ ᠪᠠᠷ ᠲᠦᠯᠥᠪᠯᠡᠵᠥ ᠪᠠᠶᠢᠨ᠎ᠠ᠃ | ᠲᠤᠰ ᠵᠢᠱᠢᠶ᠎ᠡ ᠦᠵᠡᠭᠦᠯᠬᠦ ᠲᠦᠷᠥᠯ ᠵᠦᠢᠯ ᠢ ᠳ᠋ᠠ ᠲᠠᠩ ᠺᠤᠮᠫᠠᠨᠢ ᠶᠢᠨ ᠤᠩᠨᠢᠭᠤᠳ ᠳᠠᠬᠢ ᠡᠨᠧᠷᠭᠢ ᠶᠢᠨ | ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠠᠴᠠ ᠨᠡᠭᠡᠭᠡᠨ ᠪᠦᠲᠥᠭᠡᠨ ᠪᠠᠶᠢᠭᠤᠯᠬᠤ ᠪᠤᠯᠤᠨ᠎ᠠ᠃ ᠲᠥᠷᠥᠯ | ᠵᠦᠢᠯ ᠨᠢ 20 ᠲᠦᠮᠡᠨ ᠺᠢᠯᠣᠸᠠᠲ ᠤᠨ ᠬᠡᠷᠡᠯ ᠴᠡᠨᠡᠭ ᠪᠠ 80 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠢᠶᠠᠷ ᠪᠦᠷᠢᠯᠳᠥᠵᠡᠢ᠃ ᠡᠭᠦᠨ ᠳᠤ ᠬᠡᠷᠡᠯ ᠴᠡᠨᠡᠭ ᠤᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ | ᠪᠠᠷᠤᠭ 10 ᠳ᠋ᠦᠩᠰᠢᠭᠤᠷ ᠲᠥᠭᠦᠷᠢᠭ ᠪᠠᠶᠢᠵᠤ᠂ ᠮᠠᠨ ᠤ ᠬᠤᠰᠢᠭᠤᠨ ᠤ ᠠᠰᠢᠬᠠᠨ ᠰᠤᠮᠤ ᠶᠢᠨ ᠬᠡᠪᠴᠢᠶᠡᠨ ᠳᠤ | ᠪᠠᠶᠢᠷᠢᠯᠠᠵᠤ᠂ ᠲᠠᠯᠠᠪᠠᠶ ᠨᠢ ᠪᠠᠷᠤᠭ 8700 ᠭᠠᠷᠤᠶ ᠮᠥ ᠬᠦᠷᠥᠨ᠎ᠡ᠃ ᠡᠨᠡᠬᠦ ᠲᠦᠷᠥᠯ ᠵᠦᠢᠯ ᠳᠤ ᠨᠢᠭᠡ ᠰᠠᠤᠷᠢ 220 | ᠺᠢᠯᠤᠸᠠᠲ ᠤᠨ ᠬᠦᠴᠦᠳᠡᠯ ᠳᠡᠭᠡᠭᠰᠢᠯᠡᠭᠦᠯᠬᠦ ᠦᠷᠳᠡᠭᠡ ᠰᠢᠨ᠎ᠡ ᠪᠠᠷ ᠪᠠᠶᠢᠭᠤᠯᠵᠤ᠂ ᠴᠠᠬᠢᠯᠭᠠᠨᠵᠢᠭᠤᠯᠤᠨ ᠬᠠᠳᠠᠭᠠᠯᠠᠬᠤ | ᠲᠥᠬᠦᠭᠡᠷᠦᠮᠵᠢ ᠶᠢ ᠢᠵᠢ ᠪᠦᠷᠢᠳᠥᠭᠦᠯᠬᠦ ᠪᠤᠯᠤᠨ᠎ᠠ ᠃ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ ᠵᠢᠱᠢᠯᠲᠡ ᠪᠠᠷ 3 | ᠳ᠋ᠦᠩᠰᠢᠭᠤᠷ ᠭᠷᠠᠳᠦ᠋ᠰ ᠠᠴᠠ ᠳᠡᠭᠡᠭᠰᠢ ᠪᠠᠶᠢᠵᠤ᠂ ᠲᠣᠤᠷ ᠲᠤ ᠨᠡᠶᠢᠯᠡᠭᠦᠯᠦᠭᠰᠡᠨ ᠤ ᠳᠠᠷᠠᠭ᠎ᠠ ᠳ᠋ᠡ ᠲᠠᠩ ᠺᠤᠮᠫᠠᠨᠢ ᠶᠢᠨ | ᠤᠯᠠᠭᠠᠨᠬᠠᠳᠠ ᠶᠢᠨ ᠺᠠᠩ ᠵᠢᠶᠠ ᠶᠢᠩ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠳᠤ ᠤᠷᠤᠭᠤᠯᠬᠤ ᠪᠤᠯᠤᠨ᠎ᠠ᠃ | ᠲᠣᠰ ᠲᠥᠷᠥᠯ ᠵᠦᠢᠯ ᠢ 2024 ᠣᠨ ᠤ 9 ᠰᠠᠷ᠎ᠠ ᠶᠢᠨ 6 ᠤ ᠡᠳᠦᠷ ᠠᠴᠠ ᠡᠬᠢᠯᠡᠨ ᠪᠠᠶᠢᠭᠤᠯᠵᠤ᠂ | ᠣᠳᠣᠬᠠᠨ ᠳᠤ ᠨᠢᠭᠡᠨᠲᠡ ᠬᠦᠴᠦᠳᠡᠯ ᠳᠡᠭᠡᠭᠰᠢᠯᠡᠭᠦᠯᠬᠦ ᠥᠷᠲᠡᠭᠡ ᠪᠠ ᠡᠨᠧᠷᠭᠢ ᠬᠠᠳᠠᠭᠠᠯᠠᠬᠤ ᠣᠷᠣᠨ ᠤ ᠲᠥᠬᠦᠭᠡᠷᠦᠮᠵᠢ ᠶᠢᠨ | ᠰᠠᠭᠤᠷᠢ ᠶᠢ ᠴᠢᠳᠬᠤᠬᠤ᠂ ᠶᠡᠷᠦᠩᠬᠡᠶᠢᠯᠡᠭᠰᠡᠨ ᠠᠰᠠᠷ ᠤᠨ ᠭᠤᠤᠯ ᠴᠣᠭᠴᠠ ᠵᠡᠷᠭᠡ ᠢᠨᠵᠧᠨᠧᠷᠢᠩ ᠢ ᠪᠡᠶᠡᠯᠡᠭᠦᠯᠦᠭᠰᠡᠨ | ᠪᠠᠶᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠶᠡᠭᠡ ᠬᠡᠮᠵᠢᠶᠡᠨ ᠤ ᠪᠣᠬᠢᠷᠲᠤᠯ ᠥᠬᠡᠶ ᠴᠡᠪᠡᠷ ᠡᠨᠧᠷᠭᠢ ᠢ | ᠣᠩᠨᠢᠭᠤᠳ ᠬᠤᠰᠢᠭᠤᠨ ᠠᠴᠠ ᠭᠠᠳᠠᠭᠰᠢ ᠬᠦᠷᠭᠡᠬᠦ ᠶᠢ ᠪᠡᠶᠡᠯᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ | ᠬᠦᠴᠦᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠭᠦᠷᠢ | ᠦᠵᠡᠭᠦᠯᠬᠦ ᠪᠣᠯᠤᠨ᠎ᠠ᠃ |