ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠲᠠᠪᠤᠳᠤᠭᠠᠷ  ᠤᠳᠠᠭᠠᠨ ᠤ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2024/12/16
     12 ᠰᠠᠷ᠎ᠠ ᠶᠢᠨ 9 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠬᠤᠷᠢᠨ ᠲᠠᠪᠤᠳᠤᠭᠠᠷ ᠤᠳᠠᠭᠠᠨ ᠤ ᠬᠤᠷᠠᠯᠳᠤᠭᠠᠨ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ᠂ ᠳᠡᠳ᠋ ᠡᠷᠬᠢᠯᠡᠭᠴᠢ ᠤᠳᠤᠨᠴᠢᠮᠡᠭ᠂ ᠵᠧᠩ ᠱᠸᠤ ᠰᠢᠤᠸᠠᠢ᠂ ᠯᠢᠨ ᠬᠤ᠋ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠭᠤᠤ ᠶᠦᠩ ᠡᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠧᠨ ᡁᠢ ᠭᠠᠩ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠰᠦᠨ ᠶᠠᠨ ᠬᠤᠩ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃     ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠲᠥᠰᠦᠯ ᠢ ᠰᠣᠨᠣᠰᠴᠤ ᠬᠢᠨᠠᠨ  ᠵᠦᠪᠯᠡᠵᠥ ᠪᠠᠲᠤᠯᠠᠪᠠ  ᠃ ᠲᠤᠰᠢᠶᠠᠯ ᠠᠴᠠ ᠪᠠᠨ ᠪᠠᠭᠤᠬᠤ ᠵᠦᠢᠯᠡᠰ ᠢ ᠬᠢᠨᠠᠨ ᠵᠥᠪᠯᠡᠵᠦ ᠪᠠᠲᠤᠯᠠᠪᠠ  ᠃  ︽ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ  ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠦᠷᠢᠮ﹀ ᠢ  ᠳᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠢ ᠣᠩᠨᠢᠭᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠮᠡᠳᠡᠭᠦᠯᠦᠯᠲᠡ︾  ᠂ ︽ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ  ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ  ᠤᠨ ᠲᠤᠬᠠᠢ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ︾᠂ ︽ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠦᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠤᠰᠢᠭᠤᠨ  ᠱᠠᠲᠤᠨ ᠤ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ᠂  ︽ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︾   ᠶᠢ ᠰᠤᠨᠤᠰᠴᠤ ᠬᠢᠨᠠᠨ ᠵᠦᠪᠯᠡᠵᠥ ᠪᠠᠲᠤᠯᠠᠪᠠ᠃  ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠲᠤᠬᠠᠢ ᠲᠣᠭᠲᠠᠭᠠᠯ ᠢ ᠬᠢᠨᠠᠨ ᠵᠥᠪᠯᠡᠵᠦ ᠪᠠᠲᠤᠯᠠᠪᠠ᠃  ᠮᠠ ᠶᠦᠩ ᠭᠠᠩ ᠨᠥᠬᠦᠷ  ᠢᠶᠠᠷ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢ  ᠳᠤᠰᠢᠶᠠᠯ ᠢ ᠣᠷᠣᠯᠠᠨ   ᠭᠦᠢᠴᠡᠳᠭᠡᠯᠭᠡᠬᠦ   ᠪᠠᠷ ᠳᠡᠪᠰᠢᠭᠦᠯᠥᠭᠰᠡᠨ ᠵᠥᠪᠯᠡᠯᠭᠡ ᠶᠢ ᠬᠢᠨᠠᠨ  ᠵᠦᠪᠯᠡᠵᠥ ᠪᠠᠲᠤᠯᠠᠪᠠ᠃     ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠳ  ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号