ᠮᠠ ᠶᠦᠩ ᠭᠠᠩ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/12/16
      12 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠣᠷᠣᠯᠠᠭᠴᠢ ᠬᠤᠰᠢᠭᠤᠨ ᠳᠠᠷᠤᠭ᠎ᠠ ᠮᠠ ᠶᠦᠩ ᠭᠠᠩ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠵᠤ᠂ ᠲᠡᠳᠡᠨ ᠤ ᠣᠩᠨᠢᠭᠤᠳ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ  ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠬᠤ ᠶᠢᠨ ᠬᠠᠮᠲᠤ ᠰᠠᠶᠢᠨ ᠰᠠᠶᠢᠬᠠᠨ ᠤ  ᠵᠥᠩᠨᠡᠯ ᠳᠡᠪᠰᠢᠭᠦᠯᠪᠡ᠃        ᠮᠠ ᠶᠦᠩ ᠭᠠᠩ ᠤᠷᠢᠳ ᠬᠤᠵᠢᠳ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠮᠠᠤ ᠱᠤ᠋ ᠬᠠᠨ  ᠂  ᠵᠢᠷᠤᠮᠲᠤ ᠶᠢᠨ ᠭᠡᠷ ᠲᠤ ᠬᠦᠷᠴᠦ᠂ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ  ᠰᠣᠨᠣᠰᠪᠠ᠃ ᠮᠠ ᠶᠦᠩ ᠭᠠᠩ  ᠶᠠᠷᠢᠶᠠᠨ ᠳᠠᠭᠠᠨ᠂ ᠣᠩᠨᠢᠭᠤᠳ ᠬᠤᠰᠢᠭᠤᠨ ᠤ ᠥᠨᠥᠳᠦᠷ ᠤᠨ ᠬᠥᠭᠵᠢᠯᠲᠡ ᠶᠢᠨ ᠠᠮᠵᠢᠯᠲᠠ ᠪᠦᠲᠦᠮᠵᠢ ᠨᠢ ᠠᠬᠠᠮᠠᠳ ᠺᠠᠳ᠋ᠷᠴᠤᠳ ᠤᠨ ᠤᠶᠤᠨ ᠤᠬᠠᠭᠠᠨ ᠪᠠ ᠬᠦᠴᠦ ᠬᠥᠳᠡᠯᠮᠦᠷᠢ ᠳᠤ ᠰᠠᠭᠤᠷᠢᠯᠠᠭᠰᠠᠨ ᠶᠤᠮ᠃ ᠲᠠ ᠨᠠᠷ  ᠥᠩᠭᠡᠷᠡᠭᠰᠡᠨ ᠲᠠᠢ ᠪᠠᠨ ᠠᠳᠠᠯᠢ ᠪᠠᠷ ᠣᠩᠨᠢᠭᠤᠳ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠵᠦ᠂  ᠠᠷᠭ᠎ᠠ ᠤᠬᠠᠭᠠᠨ ᠢᠶᠠᠨ ᠬᠠᠷᠠᠮᠨᠠᠯᠠᠯ ᠦᠭᠡᠢ ᠳᠡᠪᠰᠢᠭᠦᠯᠵᠦ᠂ ᠣᠩᠨᠢᠭᠤᠳ ᠬᠤᠰᠢᠭᠤᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠡᠭᠦᠳᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃       ᠪᠣᠯᠭᠤᠭᠠᠨ ᠲᠣᠬᠤᠨᠢᠭᠤᠯᠬᠤ ᠶᠠᠪᠤᠴᠠ ᠳᠤ᠂ ᠮᠠ ᠶᠦᠩ ᠭᠠᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠠᠬᠠᠮᠠᠳ ᠨᠥᠬᠦᠳ ᠢ ᠰᠡᠳᠬᠢᠯ ᠲᠠᠯᠪᠢᠨ  ᠬᠠᠯᠠᠮᠵᠢᠯᠠᠵᠤ᠂  ᠦᠢᠯᠡᠴᠢᠯᠡᠭᠡ   ᠶᠢ ᠪᠠᠲᠤᠯᠠᠨ᠂ ᠲᠡᠳᠡᠨ ᠤ  ᠥᠲᠡᠯᠦᠭᠡ ᠨᠠᠰᠤᠨ ᠤ ᠵᠣᠯ ᠵᠢᠷᠭᠠᠯᠲᠤ ᠠᠮᠢᠳᠤᠷᠠᠯ ᠳᠤ ᠨᠡᠩ ᠰᠠᠶᠢᠨ ᠨᠥᠬᠦᠴᠡᠯ ᠬᠠᠩᠭᠠᠬᠤ  ᠬᠡᠷᠡᠭᠲᠡᠢ ᠭᠡᠵᠦ  ᠱᠠᠭᠠᠷᠳᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号