ᠡᠤ ᠹᠧᠨ ᠳ᠋ᠢ ᠪᠠᠯᠭᠠᠰᠤ  ᠰᠠᠭᠤᠭᠠᠯᠢ ᠣᠷᠴᠢᠨ ᠲᠣᠭᠤᠷᠢᠨ  ᠢ  ᠶᠡᠬᠡᠪᠡᠷ ᠴᠡᠭᠴᠡᠯᠡᠨ ᠵᠠᠰᠠᠵᠤ ᠬᠥᠳᠡᠭᠡ ᠲᠣᠰᠬᠤᠨ ᠤ ᠥᠩᠭᠡ  ᠳᠦᠷᠬᠦ ᠶᠢ ᠶᠡᠬᠡᠪᠡᠷ ᠰᠠᠶᠢᠵᠢᠷᠠᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2024/12/19
      ᠡᠦ ᠹᠧᠨ ᠳ᠋ᠢ ᠪᠠᠯᠭᠠᠰᠤ ︽ᠬᠥᠳᠡᠭᠡ  ᠂ ᠠᠶᠢᠯ  ᠂ ᠠᠮᠢᠳᠤᠷᠠᠯ ᠢᠶᠠᠨ ᠭᠤᠸᠠᠵᠢᠭᠤᠯᠬᠤ︾ ᠳᠤ  ᠰᠠᠭᠤᠷᠢᠯᠠᠨ ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠯᠠᠪᠳᠠᠭᠤᠨ ᠢᠶᠠᠷ ᠠᠬᠢᠭᠤᠯᠬᠤ ᠵᠠᠷᠴᠢᠮ ᠢ ᠪᠠᠷᠢᠮᠲᠠᠯᠠᠵᠤ᠂  ᠪᠣᠳᠠᠲᠠᠢ ᠠᠷᠭ᠎ᠠ ᠬᠡᠮᠵᠢᠶ᠎ᠡ ᠠᠪᠴᠤ᠂ ᠠᠶᠢᠯ ᠲᠣᠰᠬᠤᠨ ᠤ  ᠰᠠᠭᠤᠭᠠᠯᠢ ᠣᠷᠴᠢᠨ ᠲᠣᠭᠤᠷᠢᠨ ᠪᠣᠯᠤᠨ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠴᠡᠪᠡᠷ ᠴᠡᠮᠴᠡᠭᠡᠷ᠂ ᠡᠮᠬᠢ ᠵᠢᠷᠤᠮ ᠲᠠᠢ ᠠᠮᠢᠳᠤᠷᠠᠯ ᠤᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠪᠦᠬᠦ ᠲᠠᠯ᠎ᠠ ᠪᠠᠷ  ᠳᠡᠭᠡᠭᠰᠢᠯᠡᠭᠦᠯᠥᠭᠰᠡᠨ ᠪᠠᠶᠢᠨ᠎ᠠ  ᠃       ᠤᠶᠢᠷ᠎ᠠ ᠳᠤ ᠰᠣᠷᠪᠣᠯᠵᠢᠯᠠᠭᠴᠢ ᠡᠦ ᠹᠧᠨ ᠳ᠋ᠢ ᠪᠠᠯᠭᠠᠰᠤᠨ ᠤ ᠵᠡᠭᠦᠨ ᠲᠠᠯ᠎ᠠ ᠲᠣᠰᠬᠤᠨ ᠳᠤ ᠬᠦᠷᠬᠦ ᠳᠤ  ᠲᠡᠭᠰᠢᠬᠡᠨ ᠰᠢᠯᠤᠭᠤᠬᠠᠨ  ᠵᠠᠮ  ᠮᠦᠷ᠂ ᠲᠥᠬᠦᠭᠡᠷᠦᠮᠵᠢ ᠪᠦᠷᠢᠨ ᠰᠣᠶᠣᠯ ᠤᠨ ᠠᠭᠤᠳᠠᠮ ᠲᠠᠯᠠᠪᠠᠢ᠂ ᠴᠡᠪᠡᠷ ᠴᠡᠮᠴᠡᠭᠡᠷ ᠵᠡᠭᠡᠯᠢ ᠭᠤᠳᠤᠮᠵᠢ  ᠨᠢ ᠨᠢᠳᠥᠨ ᠡᠮᠤᠨ᠎ᠡ ᠲᠤᠳᠤᠷᠠᠨ᠂  ᠦᠵᠡᠰᠭᠦᠯᠡᠩᠳᠥ ᠰᠠᠶᠢᠬᠠᠨ ᠬᠦᠳᠡᠭᠡ ᠲᠤᠰᠬᠤᠨ  ᠤ ᠵᠢᠷᠤᠭ ᠲᠦᠷᠰᠥ ᠶᠢ ᠦᠪᠡᠷ ᠤᠨ ᠡᠷᠬᠡ ᠦᠭᠡᠢ ᠰᠠᠨᠠᠭᠳᠠᠭᠤᠯᠤᠨ᠎ᠠ᠃      ᠵᠢᠯ  ᠤᠨ ᠡᠬᠢᠨ ᠠᠴᠠ ᠨᠠᠰᠢ᠂ ᠡᠦ ᠹᠧᠨ ᠳ᠋ᠢ ᠪᠠᠯᠭᠠᠰᠤ ᠨᠢ ︽ ᠪᠠᠯᠭᠠᠰᠤᠨ ᠠᠴᠠ ᠭᠤᠤᠯᠯᠠᠨ ᠵᠢᠯᠤᠭᠤᠳᠴᠤ ᠂ ᠲᠣᠰᠬᠤᠨ ᠳᠤᠭᠤᠶᠢᠯᠠᠩ ᠠᠴᠠ ᠭᠤᠣᠯᠯᠠᠨ  ᠠᠳᠬᠤᠨ᠂ ᠤᠯᠠᠨ ᠲᠦᠮᠡᠨ ᠰᠠᠨᠠᠭᠠᠴᠢᠯᠠᠭ᠎ᠠ ᠠᠴᠠ ᠪᠠᠨ  ᠤᠷᠤᠯᠴᠠᠬᠤ ︾ ᠠᠵᠢᠯ ᠤᠨ ᠵᠠᠭᠪᠤᠷ ᠢ ᠲᠡᠭᠦᠯᠳᠡᠷᠵᠢᠭᠦᠯᠵᠦ᠂ ︽ᠪᠠᠯᠭᠠᠰᠤᠨ ᠤ ᠺᠠᠳ᠋ᠷ  ᠂ ᠲᠣᠰᠬᠤᠨ ᠤ ᠺᠠᠳ᠋ᠷ  ᠪᠤᠯᠤᠨ ᠴᠡᠪᠡᠷᠯᠡᠭᠴᠢ︾ ᠶᠢᠨ ᠡᠷᠡᠭᠦᠯ ᠬᠠᠮᠠᠭᠠᠯᠠᠯ ᠤᠨ ᠣᠷᠣᠨ ᠪᠦᠰᠡ ᠶᠢ ᠬᠤᠪᠢᠶᠠᠷᠢᠯᠠᠬᠤ ᠬᠠᠷᠢᠭᠤᠴᠠᠯᠭ᠎ᠠ ᠶᠢᠨ ᠲᠦᠷᠢᠮ ᠢ  ᠬᠡᠷᠡᠭᠵᠢᠭᠦᠯᠪᠡ᠃  ᠡᠭᠦᠨ ᠤ ᠬᠠᠮᠲᠤ  ᠵᠢᠷᠭᠢᠶ᠎ᠡ  ᠬᠤᠯᠪᠣᠭ᠎ᠠ᠂ ᠡᠷᠦᠬᠡ ᠳᠤ ᠣᠷᠣᠬᠤ ᠵᠡᠷᠭᠡ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠵᠤ᠂ ᠤᠯᠠᠨ ᠲᠦᠮᠡᠨ ᠤ  ᠣᠷᠴᠢᠨ ᠲᠣᠭᠤᠷᠢᠨ ᠢ  ᠬᠠᠮᠠᠭᠠᠯᠠᠬᠤ  ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂  ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ  ᠲᠠᠢ ᠪᠤᠯᠭᠠᠨ ᠬᠥᠮᠦᠵᠢᠭᠦᠯᠵᠦ᠂   ᠪᠦᠬᠦ ᠲᠣᠰᠬᠤᠨ ᠳᠤᠭᠤᠶᠢᠯᠠᠩ ᠢᠳᠡᠪᠬᠢᠲᠡᠢ ᠬᠥᠳᠡᠯᠦᠯᠴᠡᠵᠦ᠂ ᠺᠠᠳ᠋ᠷ ᠤᠯᠠᠨ ᠲᠦᠮᠡᠨ  ᠬᠠᠮᠲᠤ ᠪᠠᠷ ᠤᠷᠤᠯᠴᠠᠬᠤ ᠰᠠᠶᠢᠨ ᠰᠠᠶᠢᠬᠠᠨ  ᠠᠭᠤᠷ ᠠᠮᠢᠰᠬᠤᠯ ᠢ ᠪᠦᠷᠢᠯᠳᠥᠭᠦᠯᠥᠭᠰᠡᠨ ᠪᠠᠶᠢᠨ᠎ᠠ᠃     ᠣᠳᠣᠬᠠᠨ ᠳᠤ  ᠲᠤᠯᠳᠠᠯ᠎ᠠ᠂ ᠡᠦ ᠹᠧᠨ ᠳ᠋ᠢ ᠪᠠᠯᠭᠠᠰᠤ   ᠨᠢ ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠡᠯ᠎ᠡ ᠲᠥᠷᠥᠯ ᠤᠨ ᠪᠡᠯᠡ ᠮᠥᠩᠭᠦ   ᠶᠢ 200 ᠲᠦᠮᠡᠨ ᠲᠥᠭᠦᠷᠢᠭ  ᠵᠠᠷᠤᠴᠠᠭᠤᠯᠵᠤ᠂ ᠬᠤᠭ ᠨᠣᠪᠰᠢ ᠶᠢᠨ ᠬᠠᠶᠢᠷᠴᠠᠭ 1490  ᠂  ᠬᠤᠭ ᠨᠣᠪᠰᠢ   ᠴᠣᠭᠯᠠᠭᠤᠯᠬᠤ ᠴᠡᠭ 130  ᠂ ᠬᠤᠭ ᠨᠣᠪᠰᠢ  ᠵᠦᠭᠡᠭᠡᠪᠥᠷᠢᠯᠡᠬᠦ  ᠲᠡᠷᠭᠡ 2  ᠂ ᠬᠤᠭ ᠨᠣᠪᠰᠢ  ᠰᠢᠢᠳᠪᠦᠷᠢᠯᠡᠬᠦ ᠴᠡᠭ 1 ᠰᠠᠤᠷᠢ ᠶᠢ ᠲᠦᠬᠦᠷᠴᠢᠯᠡᠨ ᠪᠦᠷᠢᠯᠳᠥᠭᠦᠯᠵᠥ᠂ ᠤᠯᠠᠨ ᠲᠦᠮᠡᠨ ᠤ ᠬᠤᠭ ᠨᠤᠪᠰᠢ ᠶᠢ ᠰᠢᠢᠳᠪᠥᠷᠢᠯᠡᠬᠦ ᠳᠤ ᠲᠤᠩ ᠳᠦᠭᠦᠮ ᠨᠦᠬᠦᠴᠡᠯ ᠢ ᠠᠪᠴᠢᠷᠠᠭᠰᠠᠨ ᠪᠠᠶᠢᠨ᠎ᠠ᠃     ᠡᠦ ᠹᠧᠨ ᠳ᠋ᠢ  ᠪᠠᠯᠭᠠᠰᠤ ᠶᠢᠨ ᠤᠬᠠᠭᠤᠯᠬᠤ ᠭᠡᠰᠢᠭᠦᠨ ᠴᠧᠨ ᠹᠠᠩ ᠹᠠᠩ  ᠮᠠᠨ ᠳᠤ ᠶᠠᠷᠢᠬᠤ ᠳᠠᠭᠠᠨ᠂  ᠮᠠᠨ  ᠤ ᠪᠠᠯᠭᠠᠰᠤ   ᠨᠢ  ᠰᠠᠭᠤᠭᠠᠯᠢ  ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ  ᠢ ᠦᠷᠭᠦᠯᠵᠢᠯᠡᠨ ᠠᠬᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠬᠠᠮᠠᠭᠠᠯᠠᠯᠲᠠ ᠶᠢᠨ ᠲᠠᠯ᠎ᠠ ᠪᠠᠷ ᠨᠠᠷᠢᠨ ᠨᠢᠮᠪᠠᠢ ᠠᠵᠢᠯᠯᠠᠵᠤ᠂ ᠺᠠᠳ᠋ᠷ ᠤᠯᠠᠨ ᠲᠦᠮᠡᠨ ᠲᠠᠢ ᠭᠠᠷ ᠬᠤᠯᠪᠣᠨ ᠠᠮᠢ ᠠᠬᠤᠢ   ᠣᠷᠣᠨ  ᠰᠠᠭᠤᠴᠠ ᠶᠢ ᠬᠠᠮᠲᠤᠪᠠᠷ ᠴᠣᠭᠴᠠᠯᠠᠵᠤ᠂ ᠦᠵᠡᠰᠬᠦᠯᠡᠩᠲᠦ ᠰᠠᠶᠢᠬᠠᠨ ᠰᠢᠨ᠎ᠡ ᠬᠥᠳᠡᠭᠡ ᠲᠣᠰᠬᠤᠨ ᠢ ᠦᠷᠭᠦᠯᠵᠢᠯᠡᠨ ᠵᠢᠷᠤᠭᠯᠠᠨ᠎ᠠ  ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号