ᠤᠩᠨᠢᠭᠤᠳ ᠨᠠᠷᠠᠨ ᠬᠤᠸᠠᠷ ᠤᠨ ᠦᠷ᠎ᠡ ᠨᠢ ᠪᠥᠬᠦ ᠤᠯᠤᠰ ᠤᠨ ᠵᠠᠬ᠎ᠠ ᠳᠡᠯᠭᠡᠭᠦᠷ ᠲᠤ ᠪᠣᠷᠣᠯᠠᠭᠤᠯᠭ᠎ᠠ ᠰᠠᠶᠢᠲᠠᠢ ᠪᠠᠶᠢᠨ᠎ᠠ
ᠨᠡᠶᠢᠲᠡᠯᠡᠭᠰᠡᠨ ᠴᠠᠭ᠄
2024/12/19
     ᠣᠩᠨᠢᠭᠤᠳ ᠬᠤᠰᠢᠭᠤ ᠨᠢ ᠤᠯᠠᠭᠠᠨᠬᠠᠳᠠ ᠣᠷᠣᠨ ᠤ ᠨᠠᠷᠠᠨ ᠬᠤᠸᠠᠷ ᠤᠨ ᠴᠢᠬᠤᠯᠠ ᠲᠠᠷᠢᠮᠠᠯ ᠤᠨ ᠰᠠᠭᠤᠷᠢᠨ ᠭᠠᠵᠠᠷ ᠪᠠᠶᠢᠵᠤ᠂ ᠨᠠᠷᠠᠨ ᠬᠤᠸᠠᠷ ᠤᠨ ᠦᠷ᠎ᠡ ᠶᠢᠨ ᠮᠦᠬᠦᠯᠢᠭ ᠨᠢ ᠲᠤᠮᠤ᠂ ᠬᠠᠯᠢᠰᠤ ᠨᠢ ᠨᠢᠮᠭᠡᠨ᠂ ᠦᠨᠦᠷ ᠠᠮᠲᠠ ᠪᠠᠷ ᠰᠠᠶᠢᠨ ᠵᠡᠷᠭᠡ ᠤᠨᠴᠠᠯᠢᠭ ᠲᠠᠢ᠃ 2024 ᠤᠨ ᠳᠤ ︽ᠣᠩᠨᠢᠭᠤᠳ ᠨᠠᠷᠠᠨ ᠬᠤᠸᠠᠷ ᠤᠨ ᠦᠷ᠎ᠡ︾ ᠨᠢ ᠪᠦᠬᠦ ᠤᠯᠤᠰ ᠤᠨ ︽ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢ ᠲᠡᠮᠲᠡᠭ︾ ᠢ ᠤᠯᠤᠭᠰᠠᠨ ᠪᠠᠶᠢᠨ᠎ᠠ᠃      ᠰᠤᠷᠪᠤᠯᠵᠢᠯᠠᠭᠴᠢ ᠭᠤᠳᠠᠭᠠᠷ ᠪᠠᠯᠭᠠᠰᠤᠨ ᠤ ᠰᠢᠨ ᠦᠸᠤ ᠠᠷᠠᠯᠵᠢᠶᠠᠨ ᠤ ᠺᠣᠮᠫᠠᠨᠢ ᠳᠤ ᠬᠦᠷᠬᠦ ᠳᠤ᠂ ᠨᠠᠷᠠᠨ ᠬᠤᠸᠠᠷ ᠤᠨ ᠦᠷ᠎ᠡ ᠬᠠᠭᠤᠷᠬᠤ ᠦᠢᠯᠡᠳᠪᠦᠷᠢᠯᠡᠯ ᠤᠨ ᠱᠤᠭᠤᠮ ᠨᠢ ᠶᠠᠭ ᠰᠠᠶᠢᠬᠠᠨ ᠠᠵᠢᠯᠯᠠᠵᠤ ᠪᠠᠶᠢᠬᠤ ᠲᠠᠢ ᠲᠠᠭᠠᠷᠠᠵᠤ᠂ ᠬᠥᠮᠥᠨ ᠤ ᠬᠦᠴᠦ ᠪᠠᠷ ᠰᠣᠩᠭᠤᠬᠤ᠂ ᠥᠨᠳᠥᠷ ᠳᠤᠯᠠᠭᠠᠨ ᠢᠶᠠᠷ ᠬᠠᠭᠤᠷᠬᠤ ᠵᠡᠷᠭᠡ ᠭᠤᠭᠴᠤᠭ᠎ᠠ ᠪᠠᠷ ᠳᠠᠮᠵᠢᠨ᠂ ᠦᠨᠦᠷ ᠠᠮᠲᠠ ᠨᠢ ᠰᠠᠶᠢᠬᠠᠨ ᠨᠠᠷᠠᠨ ᠬᠤᠸᠠᠷ ᠤᠨ ᠦᠷ᠎ᠡ ᠤᠭᠤᠲᠠ ᠤᠭᠤᠲᠠ ᠪᠠᠷ ᠪᠤᠭᠤᠵᠢᠯᠠᠭᠳᠠᠨ ᠭᠠᠷᠴᠤ ᠪᠠᠶᠢᠯ᠎ᠠ᠃      ᠰᠢᠨ ᠦᠸᠤ ᠠᠷᠠᠯᠵᠢᠶᠠᠨ ᠤ ᠺᠣᠮᠫᠠᠨᠢ ᠪᠣᠯ ᠭᠤᠳᠠᠭᠠᠷ ᠬᠦᠩ ᠪᠠᠯᠭᠠᠰᠤᠨ ᠳᠤ ᠪᠠᠶᠢᠭ᠎ᠠ ᠲᠠᠷᠢᠶᠠᠯᠠᠩ ᠤᠨ ᠲᠤᠰᠠᠯᠠᠬᠤ ᠦᠢᠯᠡᠳᠬᠦᠨ ᠢ ᠬᠤᠳᠠᠯᠳᠤᠨ ᠠᠪᠬᠤ᠂ ᠪᠣᠯᠪᠠᠰᠤᠷᠠᠭᠤᠯᠬᠤ᠂ ᠪᠣᠷᠣᠯᠠᠭᠤᠯᠬᠤ᠂ ᠰᠤᠳᠤᠯᠤᠨ ᠨᠡᠭᠡᠭᠡᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠶᠢᠯᠠᠯ ᠪᠣᠯᠤᠨ᠎ᠠ᠂ ᠲᠤᠰ ᠺᠤᠮᠫᠠᠨᠢ ᠨᠢ ᠤᠯᠠᠭᠠᠨᠬᠠᠳᠠ᠂ ᠲᠦᠩᠯᠢᠶᠣᠤ ᠣᠷᠣᠨ ᠤ ᠲᠠᠷᠢᠶᠠᠴᠢᠨ ᠡᠷᠦᠬᠡ ᠶᠢᠨ ᠴᠢᠨᠠᠷ ᠰᠠᠶᠢᠲᠠᠶ ᠨᠡᠷᠡᠨ ᠬᠤᠸᠠᠷ ᠲᠠᠷᠢᠬᠤ ᠶᠢ ᠨᠢ ᠶᠡᠬᠡᠪᠡᠷ ᠳᠠᠶᠢᠴᠢᠯᠠᠭᠰᠠᠨ ᠤ ᠬᠠᠮᠲᠤ ︽ᠨᠢᠭᠡ ᠮᠥᠴᠡ ᠴᠦ ᠵᠣᠭᠰᠣᠬᠤ ᠥᠬᠡᠶ︾ ᠭᠡᠳᠡᠭ ᠨᠡᠷᠡᠲᠦ ᠲᠡᠮᠲᠡᠭ ᠤᠨ ᠬᠠᠭᠤᠷᠤᠭᠰᠠᠨ ᠨᠡᠷᠡᠨ ᠬᠤᠸᠠᠷ ᠤᠨ ᠰᠢᠷᠢᠰ ᠪᠦᠲᠦᠭᠡᠭᠳᠡᠭᠦᠨ ᠦᠢᠯᠡᠳᠪᠦᠷᠢᠯᠡᠵᠦ᠂ ᠪᠦᠲᠦᠭᠡᠭᠳᠡᠬᠦᠨ ᠢᠶᠠᠨ ᠱᠧᠨᠶᠠᠩ᠂ ᠴᠠᠩᠱᠠ᠂ ᠬᠠᠩᠵᠧᠦ ᠵᠡᠷᠭᠡ ᠭᠠᠵᠠᠷ ᠤᠨ ᠲᠤᠮᠤ ᠲᠤᠮᠤ ᠬᠡᠲᠦ ᠳᠡᠯᠭᠡᠭᠦᠷ ᠤᠳ ᠢᠶᠠᠷ ᠪᠣᠷᠣᠯᠠᠭᠤᠯᠵᠤ ᠪᠠᠶᠢᠨ᠎ᠠ᠃      ᠣᠶᠢᠷ᠎ᠠ ᠶᠢᠨ ᠵᠢᠯ ᠳᠤ᠂ ᠣᠩᠨᠢᠭᠤᠳ ᠬᠤᠰᠢᠭᠤ ᠥᠪᠡᠷᠮᠢᠴᠡ ᠭᠠᠵᠠᠷ ᠵᠦᠶ ᠶᠢᠨ ᠳᠠᠪᠠᠭᠤᠯᠢᠭ ᠲᠠᠭᠠᠨ ᠲᠦᠰᠢᠭᠯᠡᠨ᠂ ᠪᠥᠬᠦ ᠬᠤᠰᠢᠭᠤᠨ ᠤ ᠨᠡᠷᠡᠨ ᠬᠤᠸᠠᠷ ᠤᠨ ᠲᠠᠷᠢᠮᠠᠯ ᠢ 9 ᠲᠦᠮᠡ ᠭᠠᠷᠤᠶ ᠮᠥ ᠳᠤ ᠲᠣᠭᠲᠠᠪᠤᠷᠢᠵᠢᠭᠤᠯᠵᠤ᠂ ᠵᠢᠯ ᠳᠤ 6000 ᠲᠦᠮᠡᠨ ᠵᠢᠩ ᠨᠡᠷᠡᠨ ᠬᠤᠸᠠᠷ ᠤᠨ ᠦᠷ᠎ᠡ ᠦᠢᠯᠡᠳᠪᠦᠷᠢᠯᠡᠨ᠂ ᠵᠢᠯ ᠤᠨ ᠦᠢᠯᠡᠳᠬᠦᠨ ᠤ ᠥᠷᠲᠡᠭ ᠨᠢ 4.2 ᠳ᠋ᠦᠩᠰᠢᠭᠤᠷ ᠲᠥᠭᠦᠷᠢᠭ ᠲᠤ ᠬᠦᠷᠦᠭᠰᠡᠨ ᠤ ᠬᠠᠮᠲᠤ ᠲᠣᠰ ᠭᠠᠵᠠᠷ ᠣᠷᠣᠨ ᠤ ᠪᠠᠨ ᠨᠡᠷᠡᠨ ᠬᠤᠸᠠᠷ ᠡᠳ᠋ᠰᠢᠭᠦᠯᠬᠦ ᠠᠵᠤ ᠠᠬᠤᠶᠢᠯᠠᠯ ᠤᠨ ᠬᠦᠭᠵᠢᠯᠲᠡ ᠶᠢ ᠴᠤ ᠶᠡᠬᠡᠪᠡᠷ ᠠᠬᠢᠭᠤᠯᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号