2024 ᠣᠨ ᠳᠤ ᠣᠩᠨᠢᠭᠤᠳ ᠬᠤᠰᠢᠭᠤᠨ ᠤ ᠳᠡᠭᠡᠳᠦ ᠵᠡᠷᠭᠡ ᠶᠢᠨ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠬᠢᠷᠢ ᠬᠡᠮ ᠢ ᠭᠤᠶᠤᠴᠢᠯᠠᠨ ᠮᠡᠳᠡᠭᠦᠯᠦᠭᠴᠢ ᠶᠢ ᠢᠯᠡ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/12/2
     ᠤᠯᠠᠭᠠᠨᠬᠠᠳᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽2024 ᠣᠨ ᠤ ᠪᠥᠬᠦ ᠬᠤᠲᠠ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠤᠯᠠᠭᠠᠨᠬᠠᠳᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠤᠷᠢᠶ᠎ᠠ ᠶᠢᠨ ᠲᠠᠷᠬᠠᠭᠠᠭᠰᠠᠨ ︹2024︺ 59 ᠳ᠋ᠦ᠋ᠭᠡᠷ ᠲᠣᠭᠠᠲᠤ︶ ᠵᠢᠴᠢ ᠥᠪᠡᠷᠲᠡᠭᠡᠨ ᠵᠠᠰᠠᠬᠤ ᠣᠷᠣᠨ ᠤ ︽ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 2024 ᠣᠨ ᠤ ᠡᠷᠡᠭᠦᠯ ᠬᠠᠮᠠᠭᠠᠯᠠᠯ ᠤᠨ ᠰᠢᠷᠢᠰ ᠲᠤᠰᠬᠠᠶ ᠮᠡᠷᠭᠡᠵᠢᠯ ᠤᠨ ᠠᠵᠢᠯᠲᠠᠨ ᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠵᠤ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ 2024 ᠣᠨ ᠤ ᠣᠩᠨᠢᠭᠤᠳ ᠬᠤᠰᠢᠭᠤᠨ ᠤ ᠳᠡᠭᠡᠳᠦ ᠵᠡᠷᠭᠡ ᠶᠢᠨ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠬᠢᠷᠢ ᠬᠡᠮ ᠢ ᠭᠤᠶᠤᠴᠢᠯᠠᠨ ᠮᠡᠳᠡᠭᠦᠯᠬᠦ ᠠᠵᠢᠯ ᠨᠢᠭᠡᠨᠲᠡ ᠳᠠᠭᠤᠰᠴᠤ᠂ ᠡᠳᠦᠭᠡ ᠵᠠᠷᠯᠠᠨ ᠨᠡᠶᠢᠲᠡᠯᠡᠪᠡ᠃      ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠵᠠᠷᠯᠠᠨ ᠨᠡᠶᠢᠲᠡᠯᠡᠭᠰᠡᠨ ᠡᠲᠡᠭᠡᠳ ᠲᠤ ᠣᠨᠳᠣᠤ ᠰᠠᠨᠠᠯ ᠲᠠᠢ ᠪᠠᠶᠢᠪᠠᠯ᠂ ᠣᠩᠨᠢᠭᠤᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠲᠠᠰᠤᠭ ᠲᠠᠢ ᠬᠠᠷᠢᠯᠴᠠᠭᠠᠷᠠᠢ᠃ ᠪᠠᠶᠢᠳᠠᠯ ᠪᠣᠯᠤᠨ ᠠᠰᠠᠭᠤᠳᠠᠯ ᠢ ᠲᠤᠰᠬᠠᠬᠤ ᠱᠠᠭᠠᠷᠳᠠᠯᠭ᠎ᠠ ᠨᠢ ᠦᠨᠡᠨ ᠪᠣᠳᠠᠲᠠᠶ ᠦᠨᠳᠦᠰᠦ ᠪᠠᠷᠢᠮᠲᠠ ᠲᠠᠢ᠂ ᠪᠤᠰᠤᠳᠴᠢ ᠪᠥᠭᠡᠳ ᠲᠥᠪ ᠭᠤᠤᠯᠴᠢ ᠪᠠᠶᠢᠬᠤ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠬᠠᠩᠭᠠᠵᠤ᠂ ᠪᠠᠶᠢᠳᠠᠯ ᠢ ᠣᠶᠢᠯᠠᠭᠠᠵᠤ ᠬᠢᠨᠠᠨ ᠬᠠᠷᠭᠤᠭᠤᠯᠬᠤ ᠪᠠ ᠬᠠᠷᠢᠭᠤ ᠲᠤᠰᠬᠠᠬᠤ ᠳᠤ ᠠᠰᠢᠭᠲᠠᠶ ᠶᠤᠮ᠃      ᠵᠠᠷᠯᠠᠨ ᠨᠡᠶᠢᠲᠡᠯᠡᠬᠦ ᠡᠳᠦᠷ᠄ 2024 ᠣᠨ ᠤ 12 ᠰᠠᠷ᠎ᠠ ᠶᠢᠨ 2 ᠤᠨ ᠡᠳᠦᠷ ᠠᠴᠠ 2024 ᠣᠨ ᠤ 12 ᠰᠠᠷ᠎ᠠ ᠶᠢᠨ 6 ᠤ ᠡᠳᠦᠷ ᠪᠣᠯᠲᠠᠯ᠎ᠠ      ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨᠡᠬᠢ 8᠄ 30-12᠄ 00᠂ ᠦᠳᠡ ᠶᠢᠨ ᠬᠤᠶᠢᠨᠠᠬᠢ 2᠄ 30-5᠄ 30      ᠬᠠᠷᠢᠯᠴᠠᠬᠤ ᠬᠠᠶ᠋ᠢᠭ᠄ ᠵᠠᠰᠠᠭ ᠵᠠᠬᠢᠷᠭᠠᠨ ᠤ ᠠᠵᠢᠯᠯᠠᠬᠤ ᠲᠣᠭᠤᠷᠢᠭ ᠤᠨ ᠳᠥᠷᠪᠡᠳᠦᠭᠡᠷ ᠠᠰᠠᠷ ᠤᠨ 801 ᠭᠡᠷ      ᠬᠠᠷᠢᠯᠴᠠᠬᠤ ᠤᠲᠠᠰᠤ᠄ 0476 - 6360524      ᠳᠠᠭᠠᠯᠳᠤᠭᠤᠯᠤᠯ᠄ ᠳᠡᠭᠡᠳᠦ ᠵᠡᠷᠭᠡ ᠶᠢᠨ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠬᠢᠷᠢ ᠬᠡᠮ ᠢ ᠭᠤᠶᠤᠴᠢᠯᠠᠨ ᠮᠡᠳᠡᠭᠦᠯᠬᠦ ᠨᠡᠷᠡᠰ ᠤᠨ ᠬᠦᠰᠦᠨᠦᠭᠲᠦ http://www.wnt.gov.cn/xxgk/zfxxgk/fdzdgknr/rsxx/202412/P020241202568551937116.xls      ᠣᠩᠨᠢᠭᠤᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ                                    2024 ᠣᠨ ᠤ 12 ᠰᠠᠷ᠎ᠠ ᠶᠢᠨ 2 ᠤᠨ ᠡᠳᠦᠷ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号