ᠪᠣᠷᠣᠬᠤᠲᠠ ᠪᠠᠯᠭᠠᠰᠤ  ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ ᠵᠠᠰᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/23
      ᠪᠣᠷᠣᠬᠤᠲᠠ ᠪᠠᠯᠭᠠᠰᠤ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠰᠠᠭᠤᠭᠠᠯᠢ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠳᠤᠭᠤᠰᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠤᠶᠠᠯᠳᠤᠭᠤᠯᠤᠨ᠂ ︽ ᠮᠢᠩᠭ᠎ᠠ ᠲᠦᠮᠡᠨ ᠢᠨᠵᠧᠨᠧᠷᠢᠩ︾ ᠤᠨ  ᠲᠤᠷᠰᠢᠯᠭ᠎ᠠ ᠶᠢ ᠰᠤᠷᠤᠯᠴᠠᠨ  ᠦᠢᠯᠡᠳᠥᠯᠭᠡᠵᠢᠭᠦᠯᠵᠥ᠂ ᠮᠠᠯᠵᠢᠬᠤ ᠲᠠᠷᠢᠶᠠᠯᠠᠬᠤ ᠣᠷᠣᠨ ᠤ  ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠭ ᠨᠣᠪᠰᠢ ᠪᠣᠬᠢᠷ ᠤᠰᠤ ᠶᠢ ᠵᠠᠰᠠᠬᠤ᠂ ᠵᠣᠷᠯᠣᠩ  ᠢ ᠦᠭᠡᠷᠡᠴᠢᠯᠡᠬᠦ᠂ ᠲᠣᠰᠬᠤᠨ ᠤ ᠳᠦᠷᠰᠦ ᠪᠠᠶᠢᠳᠠᠯ ᠢ  ᠰᠠᠶᠢᠵᠢᠷᠠᠭᠤᠯᠬᠤ ᠵᠡᠷᠭᠡ ᠠᠵᠢᠯ ᠢ ᠶᠡᠷᠦᠩᠬᠡᠶᠢᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ   ᠤ ᠪᠦᠲᠥᠭᠡᠨ ᠪᠠᠶᠢᠭᠤᠯᠤᠯᠳᠠ ᠶᠢ ᠠᠬᠢᠭᠤᠯᠤᠭᠰᠠᠨ ᠪᠠᠶᠢᠨ᠎ᠠ᠃      ᠪᠣᠷᠣᠬᠤᠲᠠ ᠪᠠᠯᠭᠠᠰᠤᠨ ᠤ ᠰᠢᠩ ᠯᠦᠩ ᠳ᠋ᠢ ᠲᠣᠰᠬᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠦᠢᠯᠡᠳᠦᠯ ᠴᠢᠳᠠᠪᠤᠷᠢ ᠶᠢ ᠪᠠᠳᠠᠷᠠᠭᠤᠯᠬᠤ ᠶᠢ ᠬᠥᠳᠡᠭᠡ ᠲᠣᠰᠬᠤᠨ ᠤ  ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠤᠨ ᠠᠵᠢᠯ ᠤᠨ ᠢᠳᠡᠪᠬᠢᠵᠢᠯ ᠢ ᠭᠦᠢᠴᠡᠳ ᠳᠠᠶᠢᠴᠢᠯᠠᠵᠤ᠂  ᠰᠠᠭᠤᠭᠠᠯᠢ ᠣᠷᠴᠢᠨ ᠲᠣᠭᠤᠷᠢᠨ ᠤ  ᠳᠦᠷᠰᠥ ᠪᠠᠶᠢᠳᠠᠯ ᠢ ᠦᠷᠭᠦᠯᠵᠢᠯᠡᠨ ᠰᠢᠨᠡᠳᠭᠡᠵᠥ ᠢᠷᠡᠭᠰᠡᠨ ᠪᠠᠶᠢᠨ᠎ᠠ᠃      ᠪᠦᠬᠦ ᠤᠯᠤᠰ ᠤᠨ ᠪᠤᠯᠪᠠᠰᠤᠨ ᠲᠤᠰᠬᠤᠨ ᠤ ᠴᠣᠯᠠ ᠲᠠᠢ ᠪᠤᠷᠤᠬᠤᠳᠠ ᠪᠠᠯᠭᠠᠰᠤ ᠶᠢᠨ  ᠰᠡᠴᠢᠨᠳᠠᠯ᠎ᠠ ᠭᠠᠴᠠᠭ᠎ᠠ  ᠨᠢ  ᠪᠦᠬᠦ ᠬᠤᠰᠢᠭᠤᠨ ᠤ ᠦᠵᠡᠰᠬᠦᠯᠡᠩᠳᠤ ᠰᠠᠶᠢᠬᠠᠨ  ᠬᠦᠳᠡᠭᠡ ᠲᠤᠰᠬᠤᠨ ᠤ ᠬᠡᠪ ᠰᠤᠷᠳᠠᠯ ᠤᠨ ᠪᠤᠯᠪᠠᠰᠤᠨ  ᠢ  ᠬᠦᠲᠥᠯᠥᠨ ᠳᠠᠭᠠᠭᠤᠯᠬᠤ ᠦᠢᠯᠡᠳᠦᠯ  ᠢᠶᠠᠨ ᠪᠠᠳᠠᠷᠠᠭᠤᠯᠤᠨ᠂  ᠰᠠᠭᠤᠭᠠᠯᠢ ᠤᠷᠴᠢᠨ ᠲᠤᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ ᠦᠪᠡᠷᠳᠡᠭᠡᠨ ᠵᠠᠰᠠᠬᠤ ᠶᠢ ᠪᠡᠶᠡᠯᠡᠬᠦᠯᠦᠭᠰᠡᠨ ᠢᠶᠠᠷ ᠪᠠᠷᠠᠬᠤ ᠦᠬᠡᠢ ᠠᠵᠤ ᠠᠬᠤᠢ ᠶᠢᠨ ᠬᠦᠭᠵᠢᠯᠳᠡ   ᠨᠢ ᠴᠤ ᠨᠡᠩ ᠰᠠᠶᠢᠨ ᠠᠮᠢᠵᠢᠷᠠᠯ ᠤᠨ ᠬᠦᠴᠦᠨ ᠲᠠᠢ ᠪᠤᠯᠪᠠ᠃      ᠲᠣᠰ ᠭᠠᠴᠠᠭ᠎ᠠ ᠨᠢ ᠣᠯᠠᠨ ᠲᠦᠮᠡᠨ ᠤ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠠᠵᠢᠯ ᠵᠢᠴᠢ ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ ᠶᠢᠨ ᠳᠦᠷᠢᠮ ᠢᠶᠠᠷ  ᠳᠠᠮᠵᠢᠭᠤᠯᠤᠨ ᠭᠠᠴᠠᠭᠠᠨ ᠤ ᠪᠣᠢ ᠪᠦᠬᠦᠢ ᠮᠠᠯᠴᠢᠨ  ᠲᠠᠷᠢᠶᠠᠴᠢᠳ ᠢ  ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠤᠷᠤᠯᠴᠠᠭᠤᠯᠤᠭᠰᠠᠨ  ᠠᠴᠠ ᠮᠠᠯᠴᠢᠨ  ᠲᠠᠷᠢᠶᠠᠴᠢᠳ ᠤᠨ ᠤᠷᠤᠯᠭ᠎ᠠ  ᠶᠢᠨ  ᠨᠡᠮᠡᠭᠳᠡᠯ ᠢ ᠪᠠᠲᠤᠯᠠᠭᠰᠠᠨ ᠪᠠᠶᠢᠨ᠎ᠠ᠃      ᠣᠶᠢᠷ᠎ᠠ ᠶᠢᠨ ᠵᠢᠯ ᠳᠤ᠂ ᠪᠣᠷᠣᠬᠤᠲᠠ ᠪᠠᠯᠭᠠᠰᠤ   ᠨᠢ  ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ ᠵᠠᠰᠠᠬᠤ   ᠶᠢ  ᠭᠤᠤᠯᠳᠠᠯᠭ᠎ᠠ ᠲᠠᠢ ᠠᠵᠢᠯ ᠪᠣᠯᠭᠠᠨ ᠠᠳᠬᠤᠵᠤ᠂  ᠵᠠᠮ ᠱᠤᠭᠤᠮ᠂ ᠭᠤᠤᠯ  ᠭᠤᠷᠤᠬ᠎ᠠ ᠭᠤᠤ ᠰᠤᠪᠠᠭ᠂ ᠲᠠᠷᠢᠶᠠᠨ ᠭᠠᠵᠠᠷ ᠤᠨ ᠬᠦᠪᠡᠭᠡ ᠵᠠᠬ᠎ᠠ ᠵᠡᠷᠭᠡ ᠭᠠᠵᠠᠷ ᠲᠤ  ᠠᠩᠬᠠᠷᠤᠯ ᠢᠶᠠᠨ ᠲᠥᠪᠯᠡᠷᠡᠭᠦᠯᠦᠨ᠂ ᠢᠮᠠᠭᠠᠲᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠤᠷ  ᠦᠭᠡᠶᠢᠵᠢᠭᠦᠯᠥᠨ ᠰᠢᠢᠳᠪᠦᠷᠢᠯᠡᠬᠦ ᠦᠢᠯᠡᠳᠪᠦᠷᠢ ᠶᠢ  ᠠᠰᠢᠭᠯᠠᠵᠤ᠂ ᠲᠣᠰᠬᠤᠨ  ᠠᠴᠠ ︽ᠨᠢᠭᠡ  ᠪᠦᠯᠥᠭ   ᠢ ᠨᠢ ᠭᠠᠷᠭᠠᠬᠤ︾᠂ ᠪᠠᠯᠭᠠᠰᠤ ᠠᠴᠠ ︽ᠨᠢᠭᠡ ᠪᠦᠯᠥᠭ   ᠢ ᠨᠢ ᠨᠥᠬᠦᠪᠥᠷᠢᠯᠡᠬᠦ︾᠂ ᠣᠷᠣᠨ ᠪᠦᠰᠡ ᠬᠤᠪᠢᠶᠠᠨ ᠵᠠᠰᠠᠬᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠣᠰᠣᠭᠠᠷ᠂ ᠭᠠᠴᠠᠭ᠎ᠠ ᠲᠣᠰᠬᠤᠨ ᠤ ᠬᠤᠭ ᠨᠣᠪᠰᠢ ᠶᠢ  ᠰᠢᠢᠳᠪᠥᠷᠢᠯᠡᠬᠦ ᠶᠢ ᠴᠢᠩᠭᠠᠳᠬᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠣᠷᠳᠣ ᠬᠤᠭᠤᠴᠠᠭ᠎ᠠ ᠪᠠᠷ ᠪᠦᠲᠦᠮᠵᠢᠲᠡᠶ  ᠪᠠᠶᠢᠯᠭᠠᠬᠤ ᠶᠢ  ᠠᠬᠢᠭᠤᠯᠤᠭᠰᠠᠨ ᠪᠠᠶᠢᠨ᠎ᠠ  ᠃     ᠪᠣᠷᠣᠬᠤᠲᠠ ᠪᠠᠯᠭᠠᠰᠤ ᠶᠢᠨ ᠳᠡᠳ᠋ ᠳᠠᠷᠤᠭ᠎ᠠ ᠳ᠋ᠦ᠋ ᠳ᠋ᠠᠨ ᠶᠠᠷᠢᠬᠤ ᠳᠠᠭᠠᠨ  ᠂ ᠲᠠᠷᠠᠭᠠᠴᠢ ᠶᠢᠨ ᠠᠯᠬᠤᠮ ᠳᠤ᠂  ᠮᠠᠨ ᠤ ᠪᠣᠷᠣᠬᠤᠲᠠ ᠪᠠᠯᠭᠠᠰᠤ ᠨᠢ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠬᠠᠮᠠᠭᠠᠯᠠᠬᠤ ᠪᠠ ᠥᠭᠡᠷᠡᠴᠢᠯᠡᠨ ᠳᠡᠭᠡᠭᠰᠢᠯᠡᠭᠦᠯᠬᠦ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ  ᠲᠡᠭᠦᠯᠳᠡᠷᠵᠢᠭᠦᠯᠥᠨ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃ ᠡᠭᠦᠨ ᠤ ᠬᠠᠮᠲᠤ᠂ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ ᠬᠡᠯᠪᠡᠷᠢ ᠪᠠᠷ ᠳᠠᠮᠵᠢᠭᠤᠯᠤᠨ᠂ ᠬᠥᠮᠦᠰ ᠤᠨ  ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠪᠠᠯᠭᠠᠰᠤᠨ ᠤ  ᠰᠠᠭᠤᠭᠠᠯᠢ ᠣᠷᠴᠢᠨ ᠲᠣᠭᠤᠷᠢᠨ ᠢ ᠦᠷᠭᠦᠯᠵᠢᠯᠡᠨ  ᠰᠢᠯᠢᠳᠡᠭᠵᠢᠭᠦᠯᠥᠨ᠎ᠡ ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号