ᠬᠤᠰᠢᠭᠤᠨ ᠤ ᠡᠮᠨᠡᠯᠭᠡ ᠶᠢᠨ ᠬᠤᠷᠢᠶ᠎ᠠ ᠨᠢ ᠳᠣᠲᠣᠭᠠᠳᠤ ᠡᠷᠬᠡᠲᠡᠨ ᠢ ᠣᠨᠣᠰᠢᠯᠠᠨ ᠡᠮᠨᠡᠬᠦ ᠲᠠᠰᠤᠭ ᠢᠶᠠᠨ ᠥᠭᠡᠷᠡᠴᠢᠯᠡᠨ ᠳᠡᠰ ᠳᠡᠪᠰᠢᠭᠦᠯᠵᠦ ᠠᠷᠠᠳ ᠤᠯᠠᠨ ᠳᠤ ᠲᠡᠷᠢᠭᠦᠨ ᠤ ᠤᠨᠤᠰᠢᠯᠠᠨ ᠡᠮᠨᠡᠬᠦ ᠦᠢᠯᠡᠴᠢᠯᠡᠭᠡ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2024/12/23
      ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠡᠩ ᠪᠦᠲᠦᠮᠵᠢᠲᠡᠢ ᠬᠠᠩᠭᠠᠬᠤ ᠶᠢᠨ ᠲᠥᠯᠥᠭᠡ᠂ ᠬᠤᠰᠢᠭᠤᠨ ᠤ ᠡᠮᠨᠡᠯᠭᠡ ᠶᠢᠨ ᠬᠤᠷᠢᠶ᠎ᠠ ᠨᠢ ᠳᠤᠲᠤᠭᠠᠳᠤ ᠡᠷᠬᠡᠲᠡᠨ ᠢ ᠪᠠᠶᠢᠴᠠᠭᠠᠬᠤ ᠲᠠᠰᠤᠭ ᠢᠶᠠᠨ ᠥᠭᠡᠷᠡᠴᠢᠯᠡᠨ ᠲᠠᠰ ᠳᠡᠪᠰᠢᠭᠦᠯᠵᠦ᠂ ᠳᠣᠲᠣᠭᠠᠳᠤ ᠡᠷᠬᠡᠲᠡᠨ ᠢ ᠣᠨᠣᠰᠢᠯᠠᠨ ᠡᠮᠨᠡᠬᠦ ᠮᠡᠷᠭᠡᠵᠢᠯ ᠤᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠤᠯᠠᠨ ᠳᠤ ᠳᠥᠭᠦᠮ ᠳᠥᠲᠡ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ ᠪᠠᠶᠢᠨ᠎ᠠ᠃      ᠳᠤᠲᠤᠭᠠᠳᠤ ᠡᠷᠬᠡᠲᠡᠨ ᠢ ᠪᠠᠶᠢᠴᠠᠭᠠᠬᠤ ᠲᠠᠰᠤᠭ ᠨᠢ ᠲᠡᠷᠢᠭᠦᠨ ᠤ ᠲᠥᠬᠦᠭᠡᠷᠦᠮᠵᠢ ᠲᠤᠬᠢᠷᠠᠭᠤᠯᠤᠭᠰᠠᠨ ᠤ ᠬᠠᠮᠲᠤ ᠲᠤᠷᠰᠢᠯᠭ᠎ᠠ ᠪᠠᠷ ᠪᠠᠶᠠᠯᠢᠭ᠂ ᠤᠷ᠎ᠠ ᠮᠡᠷᠭᠡᠵᠢᠯ ᠢᠶᠠᠷ ᠰᠠᠶᠢᠨ ᠨᠢᠭᠡ ᠪᠦᠯᠦᠭ ᠡᠮᠴᠢᠯᠡᠭᠡᠨ ᠤ ᠪᠦᠯᠬᠦᠮ ᠲᠠᠢ ᠪᠠᠶᠢᠵᠤ᠂ ᠡᠮᠨᠡᠯᠭᠡ ᠶᠢᠨ ᠠᠵᠢᠯᠲᠠᠳ ᠲᠤᠰᠬᠠᠶ ᠮᠡᠷᠭᠡᠵᠢᠯ ᠤᠨ ᠮᠡᠳᠡᠯᠭᠡ ᠪᠠᠨ ᠲᠡᠷᠢᠭᠦᠨ ᠤ ᠡᠮᠴᠢᠯᠡᠭᠡᠨ ᠤ ᠲᠥᠬᠦᠭᠡᠷᠦᠮᠵᠢ ᠲᠠᠢ ᠪᠠᠨ ᠤᠶᠠᠯᠳᠤᠭᠤᠯᠤᠨ᠂ ᠡᠪᠡᠳᠴᠢᠲᠡᠨ ᠳᠤ ᠨᠠᠩ ᠣᠨᠣᠪᠴᠢᠲᠠᠶ᠂ ᠨᠡᠩ ᠠᠮᠤᠷ ᠲᠦᠪᠰᠢᠨ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠤ ᠪᠠᠶᠢᠨ᠎ᠠ᠃      ᠡᠭᠦᠨ ᠠᠴᠠ ᠭᠠᠳᠠᠨ᠎ᠠ ᠲᠤᠰ ᠳᠠᠰᠤᠭ ᠨᠢ ᠬᠤᠳᠤᠭᠤᠳᠤ᠂ ᠭᠡᠳᠡᠰᠦ᠂ ᠨᠤᠭᠤᠯᠤᠭᠤᠷ ᠭᠡᠳᠡᠰᠦ᠂ ᠰᠠᠯᠪᠤᠷᠢ ᠮᠦᠭᠡᠷᠰᠦᠨ ᠬᠤᠭᠤᠯᠠᠢ ᠵᠡᠷᠭᠡ ᠶᠢ ᠪᠠᠶᠢᠴᠠᠭᠠᠬᠤ ᠲᠡᠷᠢᠭᠦᠨ ᠤ ᠮᠠᠰᠢᠨ ᠲᠤᠨᠤᠭ ᠲᠠᠢ ᠪᠠᠷ ᠪᠠᠷᠠᠬᠤ ᠦᠭᠡᠢ ᠪᠠᠰᠠ ᠳᠣᠲᠣᠭᠠᠳᠤ ᠡᠷᠬᠡᠲᠡᠨ ᠢ ᠤᠬᠢᠶᠠᠵᠤ ᠠᠷᠢᠭᠤᠳᠬᠠᠬᠤ ᠪᠤᠯᠤᠨ ᠮᠢᠨᠴᠦᠭᠦᠷᠡᠭᠦᠯᠦᠭᠰᠡᠨ ᠢ ᠰᠡᠷᠭᠦᠭᠡᠵᠦ ᠬᠢᠨᠠᠨ ᠬᠡᠮᠵᠢᠬᠦ ᠤᠶᠤᠨᠴᠢᠯᠠᠭᠰᠠᠨ ᠰᠢᠰᠲ᠋ᠧᠮ ᠵᠡᠷᠭᠡ ᠶᠢ ᠲᠣᠬᠢᠷᠠᠭᠤᠯᠵᠤ᠂ ᠮᠡᠰᠡ ᠵᠠᠰᠠᠯ ᠤᠨ ᠬᠤᠭᠤᠴᠠᠭᠠᠨ ᠳᠠᠬᠢ ᠪᠤᠯᠤᠨ ᠮᠡᠰᠡ ᠵᠠᠰᠠᠯ ᠤᠨ ᠳᠠᠷᠠᠭᠠᠬᠢ ᠰᠡᠷᠭᠦᠯᠲᠡ ᠶᠢᠨ ᠠᠮᠤᠷ ᠲᠦᠪᠰᠢᠨ ᠢ ᠪᠠᠲᠤᠯᠠᠵᠤ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号