ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ  ᠵᠦᠪᠯᠡᠯ ᠤᠨ ᠪᠠᠶᠢᠩᠭᠤ ᠶᠢᠨ ᠵᠦᠪᠯᠡᠯ ᠬᠤᠷᠢᠨ ᠨᠢᠭᠡᠳᠦᠭᠡᠷ ᠤᠳᠠᠭᠠᠨ ᠤ  ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2024/12/23
     12 ᠰᠠᠷ᠎ᠠ ᠶᠢᠨ 20 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠵᠦᠪᠯᠡᠯ ᠤᠨ ᠪᠠᠶᠢᠩᠭᠤ ᠶᠢᠨ ᠵᠦᠪᠯᠡᠯ ᠤᠨ ᠬᠤᠷᠢᠨ ᠨᠢᠭᠡᠳᠦᠭᠡᠷ ᠤᠳᠠᠭᠠᠨ ᠤ  ᠬᠤᠷᠠᠯᠳᠤᠭᠠᠨ ᠢ ᠡᠷᠭᠢᠯᠡᠨ  ᠬᠤᠷᠠᠯᠳᠤᠭᠤᠯᠪᠠ᠃ ᠯᠢ ᠶᠠᠨ᠂ ᠰᠠᠶᠢᠨᠪᠠᠲᠤ᠂ ᠶᠠᠩ ᠪᠦᠦ ᠰᠧᠨ᠂ ᠵᠠᠩ ᠫᠧᠩ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠳᠡᠳ᠋  ᠬᠤᠰᠢᠭᠤᠨ ᠳᠠᠷᠤᠭ᠎ᠠ ᠭᠤᠤ ᠶᠦᠩ ᠡᠤ᠂ ᠳᠡᠳ᠋  ᠬᠤᠰᠢᠭᠤᠨ  ᠳᠠᠷᠤᠭ᠎ᠠ  ᠳᠤᠪᠳᠤᠨᠰᠡᠩᠭᠡ ᠤᠷᠢᠯᠭ᠎ᠠ ᠪᠠᠷ ᠬᠤᠷᠠᠯ ᠳᠤ ᠣᠷᠣᠯᠴᠠᠪᠠ᠃      ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠭ᠊ ‍ᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠭᠡᠰᠢᠭᠦᠨ ᠵᠢᠴᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠭᠡᠰᠢᠭᠦᠳ ᠬᠠᠮᠲᠤ ᠪᠠᠷ ︽ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠲᠤᠬᠠᠶ ᠲᠤᠰᠬᠠᠶ ᠰᠡᠳᠦᠪᠲᠦ ᠵᠥᠪᠯᠡᠯᠭᠡ ᠬᠢᠪᠠ᠃      ᠬᠤᠷᠠᠯ ᠠᠴᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠲᠠᠪᠤᠨ ︽ᠡᠷᠬᠡᠪᠰᠢ ᠨᠢᠭᠡᠳᠦᠯᠲᠡᠶ ᠲᠥᠯᠥᠪᠵᠢᠭᠦᠯᠬᠦ︾ ᠶᠢ ᠭᠦᠨᠵᠡᠭᠡᠶ ᠡᠵᠡᠮᠰᠢᠨ ᠬᠡᠷᠡᠭᠯᠡᠵᠦ᠂ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠢᠷᠡᠬᠦ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ  ᠭᠡᠵᠡᠢ᠃      ᠬᠤᠷᠠᠯ ᠠᠴᠠ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠣᠳᠠᠰ ᠤᠨ ᠪᠤᠰᠤ ᠰᠣᠶᠣᠯ ᠤᠨ ᠢᠳᠡᠪᠬᠢᠳᠡᠢ ᠦᠢᠯᠡᠳᠦᠯ ᠢ ᠭᠦᠢᠴᠡᠳ ᠲᠠᠨᠢᠵᠤ᠂ ᠪᠣᠳᠠᠰ ᠤᠨ ᠪᠤᠰᠤ ᠰᠣᠶᠣᠯ ᠤᠨ ᠰᠢᠨ᠎ᠡ ᠠᠮᠢᠵᠢᠷᠠᠯ ᠤᠨ ᠬᠦᠴᠦᠨ ᠢ  ᠬᠦᠭᠵᠢᠭᠡᠨ᠂ ᠪᠣᠳᠠᠰ ᠤᠨ ᠪᠤᠰᠤ ᠰᠣᠶᠣᠯ ᠤᠨ ᠤᠯᠠᠮᠵᠢᠯᠠᠯ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ  ᠭᠡᠵᠡᠢ᠃      ᠬᠤᠷᠠᠯ ᠠᠴᠠ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠵᠥᠪᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠭᠡᠰᠢᠭᠦᠳ ᠢ ᠬᠦᠳᠦᠯᠥᠨ ᠳᠠᠭᠠᠭᠤᠯᠵᠤ ᠪᠠᠶᠢᠭᠠᠳ ︽ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠵᠠᠰᠠᠭ ᠤᠨ ᠶᠠᠪᠤᠳᠠᠯ ᠢ ᠵᠥᠪᠯᠡᠬᠦ︾ ᠶᠢ ᠪᠡᠶᠡᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠰᠤ ᠴᠢᠨᠠᠷ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ  ᠃ ᠪᠠᠶᠢᠩᠭᠤ ᠶᠢᠨ ᠭᠡᠰᠢᠭᠦᠳ ᠵᠢᠴᠢ ᠪᠦᠬᠦ ᠭᠡᠰᠢᠭᠦᠳ ︽ᠦᠵᠡᠯ ᠰᠠᠨᠠᠭ᠎ᠠ  ᠪᠠᠨ ᠶᠡᠭᠡ ᠪᠠᠷ  ᠴᠢᠯᠥᠭᠡᠯᠡᠨ᠂ ᠠᠵᠢᠯ ᠤᠨ ᠠᠬᠢᠴᠠ ᠪᠠᠨ ᠶᠡᠭᠡ ᠪᠠᠷ ᠲᠦᠷᠭᠡᠳᠬᠡᠵᠥ  ᠂ ᠠᠵᠤ ᠠᠬᠤᠶ  ᠪᠠᠨ ᠶᠡᠭᠡ  ᠪᠠᠷ  ᠬᠦᠭᠵᠢᠭᠦᠯᠬᠦ︾  ᠶᠠᠷᠢᠯᠴᠠᠭᠠᠨ ᠤ ᠠᠵᠢᠯᠯᠠᠭ᠎ᠠ ᠲᠠᠢ ᠤᠶᠠᠯᠳᠤᠭᠤᠯᠤᠨ᠂ ᠪᠥᠬᠦ ᠬᠤᠰᠢᠭᠤ ᠴᠢᠨᠠᠭᠰᠢᠯᠠᠪᠠᠯ ᠪᠥᠬᠦ ᠬᠤᠲᠠ ᠶᠢᠨ ᠥᠭᠡᠷᠡᠴᠢᠯᠡᠯᠲᠡ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号