| | ᠤᠯᠤᠰ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠰᠥ ᠶᠢᠨ ᠦᠢᠯᠡᠰ ᠤᠨ ᠠᠵᠢᠯ ᠤᠨ | ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2020﹈ 58 ᠳ᠋ᠤᠭᠠᠷ ᠲᠣᠭᠠᠲᠤ︶ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠥᠪᠥᠷ ᠮᠣᠩᠭᠤᠯ ᠤᠨ ᠡᠳ᠋ ᠤᠨ ᠵᠠᠰᠠᠭ ᠤᠨ | ᠲᠢᠩᠬᠢᠮ ᠤᠨ ︽ ᠰᠥ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ︾ ᠶᠢᠨ ᠲᠠᠷᠢᠶᠠᠯᠠᠩ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ︵ᠥᠪᠥᠷ ᠲᠠᠷᠢᠶᠠᠯᠠᠩ ᠮᠠᠯ ᠠᠵᠤ | ᠠᠬᠤᠶ ᠰᠠᠭᠠᠯᠢ ᠠᠯᠪᠠᠨ ᠲᠠᠷᠬᠠᠭᠠᠭᠰᠠᠨ ﹇2020﹈ 687 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠥᠰᠥᠯᠡᠨ ᠳᠤᠤᠷᠠᠬᠢ ᠮᠡᠲᠥ ᠲᠤᠭᠳᠠᠭᠠᠪᠠ᠃ | ᠨᠢᠭᠡ᠂ ᠬᠡᠷᠡᠭᠵᠢᠭᠦᠯᠬᠦ ᠬᠠᠷᠠᠯᠲᠠ | ᠰᠦ ᠶᠢᠨ ᠲᠥᠷᠥᠯ ᠤᠨ ᠭᠠᠷᠤᠯᠲᠠ ᠬᠢᠭᠡᠳ ᠶᠠᠰᠤ ᠴᠢᠨᠠᠷ ᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ | ᠬᠡᠪᠴᠢᠶ᠎ᠡ ᠶᠢ ᠥᠷᠭᠡᠳᠬᠡᠵᠦ᠂ ᠴᠢᠨᠠᠷ ᠰᠠᠶᠢᠲᠠᠶ ᠰᠦ ᠶᠢᠨ ᠢᠷᠡᠯᠲᠡ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠰᠦ ᠶᠢᠨ | ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠬᠦ ᠪᠠ ᠳᠡᠰ ᠳᠡᠪᠰᠢᠭᠦᠯᠬᠦ ᠶᠢ ᠠᠬᠢᠭᠤᠯᠤᠨ᠎ᠠ ᠃ | ᠮᠠᠨ ᠤ ᠬᠤᠰᠢᠭᠤᠨ ᠤ ᠲᠦᠷᠥᠬᠦ ᠦᠨᠢᠶᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠠᠭᠠᠯᠢ ᠶᠢᠨ ᠦᠨᠢᠶᠡᠨ ᠤ | ᠦᠢᠯᠡᠳᠪᠦᠷᠢᠯᠡᠯ ᠤᠨ ᠬᠢᠷᠢ ᠲᠦᠪᠰᠢᠨ ᠪᠠ ᠰᠦ ᠶᠢᠨ ᠢᠷᠡᠯᠲᠡ ᠶᠢᠨ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠣᠨᠴᠠᠯᠢᠠᠠᠳᠤ ᠴᠠᠭᠠᠨ ᠢᠳᠡᠭᠡᠨ ᠤ ᠵᠢᠵᠢᠭ ᠦᠢᠯᠡᠳᠪᠥᠷᠢᠯᠡᠯ ᠤᠨ | ᠦᠢᠯᠡᠳᠬᠡᠯ ᠪᠠ ᠡᠳ᠋ᠰᠢᠭᠦᠯᠬᠦ ᠠᠵᠤ ᠠᠬᠤᠶᠢᠯᠠᠯ ᠢ ᠳᠡᠮᠵᠢᠵᠦ ᠪᠠᠶᠢᠭᠠᠳ ᠢᠳᠡᠭᠡᠨ ᠤ ᠬᠦᠷᠢᠶᠡᠯᠡᠩ ᠲᠣᠭᠤᠷᠢᠭ ᠲᠡᠰᠢ | ᠲᠥᠪᠯᠡᠷᠡᠭᠦᠯᠦᠨ᠂ ᠬᠡᠪᠴᠢᠶᠡᠵᠢᠭᠦᠯᠦᠨ ᠡᠵᠡᠩᠨᠡᠬᠦ᠂ ᠨᠢᠭᠡᠳᠦᠯᠲᠡᠶ ᠬᠠᠮᠢᠶᠠᠷᠬᠤ ᠶᠢ ᠪᠡᠶᠡᠯᠡᠭᠦᠯᠵᠦ᠂ ᠴᠠᠭᠠᠨ ᠢᠳᠡᠭᠡᠨ ᠤ | ᠪᠦᠲᠦᠭᠡᠭᠳᠡᠬᠦᠨ ᠤ ᠳᠤᠮᠳᠠ ᠳᠡᠭᠡᠳᠦ ᠳᠡᠰ ᠲᠡᠰᠢ ᠲᠦᠯᠬᠢᠨ ᠠᠬᠢᠭᠤᠯᠤᠨ᠎ᠠ᠃ | ᠬᠤᠶᠠᠷ᠂ ᠬᠡᠷᠡᠭᠵᠢᠭᠦᠯᠬᠦ ᠬᠡᠪᠴᠢᠶ᠎ᠡ | ᠣᠩᠨᠢᠭᠤᠳ ᠬᠤᠰᠢᠭᠤᠨ ᠤ ᠬᠡᠪᠴᠢᠶᠡᠨ ᠳᠤ ᠬᠡᠷᠡᠭᠵᠢᠭᠦᠯᠥᠨ᠎ᠡ | ᠭᠤᠷᠪᠠ᠂ ᠨᠥᠬᠦᠪᠥᠷᠢ ᠥᠭᠬᠦ ᠡᠲᠡᠭᠡᠳ᠂ ᠪᠠᠷᠢᠮᠵᠢᠶ᠎ᠠ᠂ ᠬᠠᠮᠢᠶᠠᠷᠤᠯᠲᠠ ᠶᠢᠨ ᠠᠷᠭ᠎ᠠ ᠮᠠᠶ᠋ᠢᠭ | ︵ᠨᠢᠭᠡ︶ ᠲᠡᠵᠢᠭᠡᠯ ᠡᠪᠡᠰᠦ ᠪᠣᠷᠳᠤᠭ᠎ᠠ ᠬᠤᠷᠢᠶᠠᠨ ᠨᠥᠭᠡᠴᠡᠯᠡᠬᠦ ᠨᠥᠬᠦᠪᠥᠷᠢ | 1. ᠨᠥᠬᠦᠪᠥᠷᠢ ᠣᠯᠭᠤᠬᠤ ᠡᠲᠡᠭᠡᠳ᠄ ᠤᠯᠤᠰ ᠤᠨ ᠠᠮᠤ ᠪᠤᠳᠠᠭᠠᠨ ᠲᠠᠷᠢᠶᠠᠨ ᠭᠠᠵᠠᠷ ᠢ ᠪᠤᠷᠳᠤᠭᠠᠨ | ᠰᠠᠭᠤᠷᠢᠨ ᠭᠠᠵᠠᠷ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠬᠠᠮᠤᠷᠤᠭᠳᠠᠭᠠ | ᠦᠭᠡᠢ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠠ ᠰᠠᠭᠠᠯᠢᠴᠢᠨ ᠤ ᠬᠤᠷᠰᠢᠶᠠᠵᠢᠯ᠃ | 2. ᠨᠥᠬᠦᠪᠥᠷᠢ ᠶᠢᠨ ᠪᠠᠷᠢᠮᠵᠢᠶ᠎ᠠ᠄ ᠬᠦᠬᠡ ᠳᠠᠷᠤᠰᠢᠭᠤᠯᠤᠭᠰᠠᠨ ᠡᠷᠳᠡᠨᠢ ᠰᠢᠰᠢ ᠶᠢ ᠬᠤᠷᠢᠶᠠᠨ | ᠨᠦᠭᠡᠴᠡᠯᠡᠪᠡᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠣᠨ ᠪᠦᠷᠢ ᠳᠤ 30 ᠲᠥᠭᠦᠷᠢᠭ ᠤᠨ | ᠨᠥᠬᠦᠪᠥᠷᠢ ᠦᠭᠭᠦᠨ᠎ᠡ᠃ ︵ᠴᠠᠷᠭᠠᠰᠤ᠂ ᠨᠣᠬᠠᠶ ᠶᠢᠨ ᠬᠤᠰᠢᠭᠤ ︶ ᠵᠡᠷᠭᠡ ᠬᠥᠬᠡ ᠡᠪᠡᠰᠤ ᠬᠤᠷᠢᠶᠠᠨ | ᠨᠦᠭᠡᠴᠡᠯᠡᠪᠡᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠣᠨ ᠪᠦᠷᠢ ᠳᠤ 120 ᠲᠥᠭᠦᠷᠢᠭ ᠤᠨ | ᠨᠥᠬᠦᠪᠥᠷᠢ ᠥᠭᠭᠦᠨ᠎ᠡ᠃ ᠰᠠᠭᠠᠯᠢ ᠶᠢᠨ ᠦᠨᠢᠶ᠎ᠡ ᠪᠦᠷᠢ ᠳᠤ ᠵᠢᠯ ᠳᠤ ᠬᠠᠮᠤᠭ ᠤᠨ ᠠᠷᠪᠢᠨ ᠳᠠᠭᠠᠨ 5.5 ᠲᠣᠨ | ᠬᠦᠬᠡ ᠳᠠᠷᠤᠰᠢ ᠶᠢᠨ ᠡᠷᠳᠡᠨᠢ ᠰᠢᠰᠢ ᠨᠥᠬᠦᠪᠥᠷᠢᠯᠡᠨ᠎ᠡ᠃ | 3. ᠬᠠᠮᠢᠶᠠᠷᠤᠯᠲᠠ ᠶᠢᠨ ᠠᠷᠭ᠎ᠠ ᠮᠠᠶ᠋ᠢᠭ᠄ ︽ᠤᠷᠢᠳᠠᠪᠠᠷ ᠨᠦᠭᠡᠴᠡᠯᠡᠵᠥ ᠳᠠᠷᠠᠭ᠎ᠠ ᠨᠢ ᠨᠥᠬᠦᠪᠥᠷᠢᠯᠡᠬᠦ︾ ᠠᠷᠭ᠎ᠠ | ᠮᠠᠶ᠋ᠢᠭ ᠢᠶᠠᠷ ᠨᠥᠬᠦᠪᠥᠷᠢ ᠤᠯᠭᠤᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ | ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ︽ᠠᠰᠢᠭ ᠭᠥᠷᠳᠡᠬᠦ ᠡᠲᠡᠭᠡᠳ ᠨᠢ ᠲᠣᠳᠣᠷᠬᠠᠶ᠂ ᠬᠠᠳᠠᠭᠠᠯᠠᠭᠰᠠᠨ | ᠭᠠᠵᠠᠷ ᠨᠢ ᠲᠣᠳᠣᠷᠬᠠᠶ᠂ ᠬᠤᠷᠢᠶᠠᠨ ᠨᠦᠭᠡᠴᠡᠯᠡᠭᠰᠡᠨ ᠲᠤᠭ᠎ᠠ ᠬᠡᠮᠵᠢᠶ᠎ᠡ ᠨᠢ ᠣᠨᠣᠪᠴᠢᠲᠠᠶ᠂ ᠵᠣᠭᠤᠰ ᠮᠥᠩᠭᠦ ᠡᠳ᠋ | ᠪᠣᠳᠠᠰ ᠤᠨ ᠡᠬᠡ ᠲᠠᠩᠰᠠ ᠨᠢ ᠨᠠᠷᠢᠨ ᠪᠠᠶᠢᠬᠤ︾ ᠵᠠᠷᠴᠢᠮ ᠶᠣᠰᠣᠭᠠᠷ᠂ ᠲᠥᠷᠥᠯ ᠵᠦᠢᠯ ᠢ ᠬᠡᠷᠡᠭᠵᠢᠭᠦᠯᠦᠭᠰᠡᠨ | ᠪᠠᠶᠢᠳᠠᠯ ᠢ ᠰᠢᠯᠭᠠᠨ ᠬᠤᠷᠢᠶᠠᠵᠤ ᠢᠯᠡ ᠨᠡᠶᠢᠲᠡᠯᠡᠭᠰᠡᠨ ᠤ ᠳᠠᠷᠠᠭ᠎ᠠ ᠨᠥᠬᠦᠪᠥᠷᠢ ᠣᠯᠭᠤᠨ᠎ᠠ | (ᠬᠤᠶᠠᠷ︶ ᠬᠦᠢᠰᠥ ᠡᠵᠡᠮᠳᠡᠭᠰᠡᠨ ᠢᠴᠡᠭᠡᠯ ᠦᠷ᠎ᠡ ᠶᠢᠨ ᠨᠥᠬᠦᠪᠥᠷᠢ | 1. ᠨᠥᠬᠦᠪᠥᠷᠢ ᠣᠯᠭᠤᠬᠤ ᠡᠲᠡᠭᠡᠳ᠄ ᠲᠦᠷᠥᠬᠦ ᠦᠨᠢᠶᠡᠨ ᠳᠤ ᠪᠠᠨ ᠵᠣᠬᠢᠶᠠᠮᠠᠯ ᠬᠡᠭᠡᠯᠲᠦᠭᠦᠯᠭᠡ ᠬᠢᠭᠰᠡᠨ | ᠪᠥᠬᠦ ᠬᠤᠰᠢᠭᠤᠨ ᠤ ᠬᠡᠪᠴᠢᠶᠡᠨ ᠳᠠᠬᠢ ᠳᠡᠩᠰᠡᠯᠡᠨ ᠲᠡᠮᠳᠡᠭᠯᠡᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ | ᠲᠠᠯᠠᠪᠠᠶ ︵ᠡᠷᠦᠬᠡ︶᠂ ᠬᠤᠷᠰᠢᠶᠠᠵᠢᠯ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠠᠬᠤᠶᠢᠯᠠᠯ᠃ | 2. ᠨᠥᠬᠦᠪᠥᠷᠢ ᠶᠢᠨ ᠪᠠᠷᠢᠮᠵᠢᠶ᠎ᠠ᠄ ᠬᠦᠢᠰᠥ ᠡᠵᠡᠮᠳᠡᠭᠰᠡᠨ ᠢᠴᠡᠭᠡᠯ ᠦᠷ᠎ᠡ ᠶᠢᠨ ᠬᠡᠭᠡᠯᠳᠥᠭᠦᠯᠭᠡ ᠬᠢᠭᠰᠡᠨ | ᠲᠦᠷᠥᠬᠦ ᠦᠨᠢᠶ᠎ᠡ ᠪᠦᠷᠢ ᠪᠦᠷᠢ ᠳᠤ 120 ᠲᠥᠭᠦᠷᠢᠭ ᠨᠥᠬᠦᠪᠥᠷᠢᠯᠡᠨ᠎ᠡ᠃ | 3. ᠬᠠᠮᠢᠶᠠᠷᠤᠯᠲᠠ ᠶᠢᠨ ᠠᠷᠭ᠎ᠠ ᠮᠠᠶ᠋ᠢᠭ᠄ ᠨᠦᠬᠦᠪᠥᠷᠢᠯᠡᠬᠦ ᠳᠤ ︽ᠤᠷᠢᠳᠠᠪᠠᠷ ᠦᠵᠡᠨ ᠬᠡᠷᠡᠴᠢᠯᠡᠵᠥ | ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠶᠢ ᠬᠡᠷᠡᠭᠯᠡᠨ᠎ᠡ᠃ ᠲᠤᠬᠠᠶᠢᠯᠠᠪᠠᠯ ︽ᠬᠦᠢᠰᠥ ᠡᠵᠡᠮᠳᠡᠭᠰᠡᠨ ᠢᠴᠡᠭᠡᠯ | ᠦᠷ᠎ᠡ ᠶᠢᠨ ᠨᠠᠷᠢᠨ ᠭᠤᠤᠷᠰᠤ᠂ ᠲᠤᠭᠤᠯ᠂ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠂ ᠲᠡᠵᠢᠭᠡᠨ ᠦᠷᠡᠵᠢᠭᠦᠯᠬᠦ | ᠲᠠᠩᠰᠠ ᠡᠪᠬᠡᠮᠡᠯ ᠢ ᠦᠵᠡᠨ ᠬᠡᠷᠡᠴᠢᠯᠡᠬᠦ︾ ᠵᠡᠷᠭᠡ ︽ᠳᠥᠷᠪᠡ ᠶᠢ ᠦᠵᠡᠨ ᠬᠡᠷᠡᠴᠢᠯᠡᠮᠡᠨᠵᠢᠨ︾ ᠰᠠᠶ᠋ᠢ | ᠨᠥᠬᠦᠪᠥᠷᠢ ᠣᠯᠭᠤᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠨᠥᠬᠦᠪᠥᠷᠢ ᠭᠤᠶᠤᠴᠢᠯᠠᠭᠰᠠᠨ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢ ᠬᠠᠷᠭᠤᠭᠤᠯᠤᠨ | ᠪᠠᠶᠢᠴᠠᠭᠠᠬᠤ᠂ ᠲᠠᠩᠰᠠ ᠡᠪᠬᠡᠮᠡᠯ ᠳᠤ ᠣᠷᠣᠭᠤᠯᠬᠤ᠂ ᠢᠯᠡ ᠨᠡᠶᠢᠲᠡᠯᠡᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ | ᠃ ᠭᠤᠶᠤᠴᠢᠯᠠᠨ ᠮᠡᠳᠡᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠂ ᠬᠤᠷᠰᠢᠶᠠᠵᠢᠯ ᠪᠠ ᠲᠡᠵᠢᠭᠡᠨ | ᠦᠷᠡᠵᠢᠭᠦᠯᠬᠦ ᠠᠵᠤ ᠠᠬᠤᠶᠢᠯᠠᠯ ᠤᠨ ᠬᠦᠢᠰᠥ ᠡᠵᠡᠮᠳᠡᠭᠰᠡᠨ ᠢᠴᠡᠭᠡᠯ ᠦᠷ᠎ᠡ ᠶᠢᠨ ᠬᠡᠷᠡᠭᠴᠡᠭᠡᠨ ᠤ ᠬᠡᠮᠵᠢᠶ᠎ᠡ᠂ | ᠬᠡᠷᠡᠭᠯᠡᠭᠰᠡᠨ ᠪᠠᠶᠢᠳᠠᠯ ᠵᠢᠴᠢ ᠲᠦᠷᠥᠬᠦ ᠦᠨᠢᠶᠡᠨ ᠤ ᠵᠤᠭᠰᠤᠭ᠎ᠠ ᠲᠤᠭ᠎ᠠ ᠵᠡᠷᠭᠡ ᠶᠢ ᠲᠤᠬᠠᠶ ᠶᠢᠨ ᠭᠠᠵᠠᠷ ᠲᠤᠨᠢ | ᠬᠢᠨᠠᠨ ᠪᠠᠶᠢᠴᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠬᠢᠨᠠᠨ ᠬᠠᠷᠭᠤᠭᠤᠯᠬᠤ ᠬᠡᠷᠡᠭᠲᠡᠶ᠃ ᠲᠡᠵᠢᠭᠡᠨ | ᠦᠷᠡᠵᠢᠭᠦᠯᠬᠦ ᠲᠠᠯᠠᠪᠠᠢ ︵ᠡᠷᠦᠬᠡ︶᠂ ᠬᠤᠷᠰᠢᠶᠠᠵᠢᠯ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠠ ᠲᠤᠭ᠎ᠠ | ᠪᠦᠷᠢᠳᠬᠡᠯ ᠤᠨ ᠠᠵᠢᠯᠲᠠᠨ ᠬᠠᠮᠲᠤ ᠪᠠᠷ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠳᠡᠢ᠃ ᠨᠢᠭᠡ ᠲᠠᠯᠠᠪᠠᠢ ︵ | ᠡᠷᠥᠬᠡ︶ ᠶᠢ ᠨᠢᠭᠡ ᠳᠡᠪᠲᠡᠷ ᠲᠤ ᠳᠠᠩᠰᠠᠯᠠᠨ᠂ ᠨᠢᠭᠡ ᠦᠬᠡᠷ ᠢ ᠨᠢᠭᠡ ᠨᠣᠮᠧᠷ ᠢᠶᠠᠷ ᠳᠡᠩᠰᠡᠯᠡᠨ ᠳᠡᠪᠲᠡᠷᠯᠡᠵᠦ᠂ | ᠲᠤᠬᠠᠶ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠶᠢᠨ ᠬᠡᠷᠡᠯ ᠵᠢᠷᠤᠭ ᠪᠤᠶᠤ ᠳᠦᠷᠰᠥ ᠰᠢᠩᠭᠡᠭᠡᠯᠳᠡ ᠲᠠᠢ ᠬᠠᠮᠲᠤ | ᠲᠠᠩᠰᠠ ᠡᠪᠬᠡᠮᠡᠯ ᠢ ᠦᠯᠡᠳᠡᠭᠡᠨ ᠬᠠᠳᠠᠭᠠᠯᠠᠬᠤ ᠬᠡᠷᠡᠭᠳᠡᠢ᠃ | ︵ᠭᠤᠷᠪᠠ︶ ᠰᠦ ᠶᠢᠨ ᠦᠢᠯᠡᠰ ᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ | ᠶᠢ ᠪᠤᠶᠢᠵᠢᠭᠤᠯᠬᠤ ᠲᠥᠷᠥᠯ ᠵᠦᠢᠯ | 1᠂ ᠨᠥᠬᠦᠪᠥᠷᠢ ᠥᠭᠬᠦ ᠡᠲᠡᠭᠡᠳ᠄ ᠬᠤᠯᠠᠨᠲ ᠶᠢᠨ ᠬᠠᠷ᠎ᠠ ᠲᠠᠷᠯᠠᠨ ᠦᠨᠢᠶ᠎ᠡ ᠵᠡᠷᠭᠡ ᠰᠠᠭᠠᠯᠢ ᠶᠢᠨ ᠦᠨᠢᠶ᠎ᠡ | ᠲᠡᠵᠢᠭᠡᠵᠦ ᠪᠠᠶᠢᠭ᠎ᠠ ᠲᠤᠭ᠎ᠠ ᠬᠡᠮᠵᠢᠶ᠎ᠡ ᠨᠢ 100-3000 ᠲᠤᠯᠤᠭᠠᠢ ᠪᠠᠶᠢᠬᠤ ᠭᠡᠷ ᠪᠦᠯᠢ ᠶᠢᠨ ᠮᠠᠯᠵᠢᠯ ᠤᠨ | ᠲᠠᠯᠠᠪᠠᠢ ᠪᠠ ᠰᠠᠭᠠᠯᠢᠴᠢᠨ ᠤ ᠬᠤᠷᠰᠢᠶᠠᠵᠢᠯ ᠵᠡᠷᠭᠡ ᠰᠦ ᠶᠢᠨ ᠦᠢᠯᠡᠰ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠭᠤᠣᠯ ᠴᠣᠭᠴᠠ ᠪᠣᠯᠣᠨ᠎ᠠ᠃ | 2. ᠨᠥᠬᠦᠪᠥᠷᠢ ᠶᠢᠨ ᠪᠠᠷᠢᠮᠵᠢᠶ᠎ᠠ᠄ ᠦᠨᠢᠶ᠎ᠡ ᠪᠦᠷᠢ ᠳᠤ 400 ᠲᠥᠭᠦᠷᠢᠭ ᠠᠴᠠ ᠬᠡᠲᠦᠷᠡᠭᠦᠯᠬᠦ ᠦᠭᠡᠶ | ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ | 3. ᠬᠠᠮᠢᠶᠠᠷᠤᠯᠲᠠ ᠶᠢᠨ ᠠᠷᠭ᠎ᠠ ᠮᠠᠶ᠋ᠢᠭ᠄ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠤᠶᠤ ︽ | ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ︾ ᠠᠷᠭ᠎ᠠ ᠠᠪᠴᠠᠯ ᠢ ᠠᠪᠤᠨ᠎ᠠ᠃ | 4. ᠪᠠᠯᠠ ᠮᠥᠩᠭᠦ ᠶᠢᠨ ᠬᠡᠷᠡᠭᠴᠡᠭᠡ᠄ ᠶᠠᠭᠤ ᠳᠤᠲᠠᠪᠠᠯ ᠶᠠᠭᠤ ᠶᠢ ᠨᠥᠬᠦᠪᠥᠷᠢᠯᠡᠬᠦ ᠵᠠᠷᠴᠢᠮ ᠶᠣᠰᠣᠭᠠᠷ᠂ ᠨᠥᠬᠦᠪᠥᠷᠢ | ᠮᠥᠩᠭᠦ ᠪᠠᠷ ᠭᠤᠤᠯᠳᠠᠭᠤ ᠲᠡᠵᠢᠭᠡᠯ ᠡᠪᠡᠰᠦ ᠪᠣᠷᠳᠤᠭ᠎ᠠ ᠳᠠᠷᠢᠬᠤ᠂ ᠬᠤᠷᠢᠶᠠᠬᠤ᠂ ᠡᠳ᠋ᠰᠢᠭᠦᠯᠬᠦ᠂ ᠬᠠᠳᠠᠭᠠᠯᠠᠬᠤ ᠵᠢᠴᠢ | ᠲᠡᠵᠢᠭᠡᠨ ᠦᠷᠡᠵᠢᠭᠦᠯᠬᠦ ᠲᠣᠨᠤᠭ ᠲᠥᠬᠦᠭᠡᠷᠦᠮᠵᠢ ᠬᠡᠷᠡᠭᠰᠡᠯ ᠢ ᠲᠠᠰ ᠳᠡᠪᠰᠢᠭᠦᠯᠦᠨ ᠥᠭᠡᠷᠡᠴᠢᠯᠡᠬᠦ ᠶᠢ ᠳᠡᠮᠵᠢᠨ᠎ᠡ ᠃ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠡᠪᠴᠢᠶ᠎ᠡ ᠲᠠᠢ ᠪᠠᠨ ᠬᠠᠷᠢᠯᠴᠠᠨ ᠳᠣᠭᠢᠷᠠᠭᠰᠠᠨ ᠲᠡᠵᠢᠭᠡᠯ ᠡᠪᠡᠰᠦ | ᠪᠣᠷᠳᠤᠭ᠎ᠠ ᠨᠥᠭᠡᠴᠡᠯᠡᠬᠦ ᠶᠢ ᠳᠡᠮᠵᠢᠵᠦ᠂ ᠲᠡᠵᠢᠭᠡᠯ ᠡᠪᠡᠰᠦ ᠪᠣᠷᠳᠤᠭ᠎ᠠ ᠶᠢᠨ ᠡᠬᠢ ᠪᠠᠶᠠᠯᠢᠭ ᠢ ᠲᠤᠬᠠᠶ ᠶᠢᠨ ᠭᠠᠵᠠᠷ | ᠠᠴᠠ ᠨᠢ ᠨᠡᠭᠡᠭᠡᠨ ᠬᠥᠭᠵᠢᠭᠦᠯᠵᠦ ᠠᠰᠢᠭᠯᠠᠬᠤ ᠶᠢ ᠠᠬᠢᠭᠤᠯᠤᠨ᠎ᠠ᠃ ᠪᠠᠷᠢᠮᠵᠢᠶᠠᠵᠢᠭᠤᠯᠤᠭᠰᠠᠨ ᠬᠢᠷᠢ ᠲᠦᠪᠰᠢᠨ | ᠳᠤ ᠬᠦᠷᠥᠭᠰᠡᠨ ᠦᠨᠢᠶ᠎ᠡ ᠰᠠᠭᠠᠬᠤ᠂ ᠬᠢᠵᠢᠭ ᠢ ᠰᠡᠷᠭᠡᠶᠢᠯᠡᠬᠦ᠂ ᠶᠠᠰᠤ ᠴᠢᠨᠠᠷ ᠢ ᠪᠠᠶᠢᠴᠠᠭᠠᠨ ᠰᠢᠯᠭᠠᠬᠤ ᠵᠡᠷᠭᠡ ᠢᠵᠢ | ᠪᠥᠷᠢᠳᠦᠭᠦᠯᠬᠦ ᠲᠤᠨᠤᠭ ᠲᠦᠬᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠪᠤᠯᠤᠨ ᠥᠪᠡᠷ ᠤᠨ ᠰᠦ ᠶᠢᠨ | ᠢᠷᠡᠯᠲᠡ ᠳᠤ ᠪᠠᠨ ᠲᠦᠰᠢᠭᠯᠡᠨ ᠴᠠᠭᠠᠨ ᠢᠳᠡᠭᠡ ᠡᠳ᠋ᠰᠢᠭᠦᠯᠬᠦ ᠲᠤᠷᠰᠢᠯᠲᠠ ᠶᠢᠨ ᠴᠡᠭ ᠢ ᠳᠡᠭᠡᠭᠰᠢᠯᠡᠭᠦᠯᠥᠨ | ᠬᠦᠭᠵᠢᠭᠦᠯᠬᠦ ᠶᠢ ᠴᠢᠩᠭᠠᠳᠬᠠᠨ᠎ᠠ ᠃ ᠨᠠᠷᠢᠯᠢᠭ ᠤᠨᠤᠪᠴᠢᠳᠠᠢ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ᠂ ᠦᠷ᠎ᠡ | ᠡᠭᠦᠯᠳᠡᠷ ᠰᠣᠩᠭᠤᠵᠤ ᠳᠣᠭᠢᠷᠠᠭᠤᠯᠬᠤ᠂ ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠲᠡᠵᠢᠭᠡᠨ ᠠᠷᠠᠴᠢᠯᠠᠬᠤ | ᠬᠠᠮᠢᠶᠠᠷᠤᠯᠲᠠ᠂ ᠬᠢᠵᠢᠭ ᠭᠡᠮ ᠢ ᠰᠡᠷᠭᠡᠶᠢᠯᠡᠨ ᠡᠵᠡᠮᠳᠡᠬᠦ ᠪᠠ ᠣᠷᠴᠢᠨ ᠲᠣᠭᠤᠷᠢᠨ ᠢ ᠬᠢᠵᠠᠭᠠᠷᠯᠠᠨ ᠡᠵᠡᠮᠳᠡᠬᠦ ᠵᠡᠷᠭᠡ | ᠲᠡᠷᠢᠭᠦᠨ ᠤ ᠦᠢᠯᠡᠳᠪᠦᠷᠢᠯᠡᠯ ᠤᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ ᠤᠶᠤᠨᠴᠢᠯᠠᠭᠰᠠᠨ | ᠲᠣᠭᠠᠴᠢᠯᠠᠭᠰᠠᠨ ᠮᠡᠷᠭᠡᠵᠢᠯ ᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠢ ᠠᠭᠤᠰᠤᠯᠴᠠᠨ ᠬᠥᠭᠵᠢᠬᠦ ᠶᠢ | ᠠᠬᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠤᠨ ᠦᠢᠯᠡᠳᠪᠦᠷᠢᠯᠡᠯ ᠤᠨ ᠮᠡᠷᠭᠡᠵᠢᠯ ᠤᠨ ᠬᠢᠷᠢ | ᠬᠡᠮᠵᠢᠶ᠎ᠡ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ | ︵ᠳᠥᠷᠪᠡ︶ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶᠡᠨ ᠳᠤ ᠨᠥᠬᠦᠪᠥᠷᠢ ᠥᠭᠬᠦ ᠲᠥᠷᠥᠯ | ᠵᠦᠢᠯ | 1᠂ ᠨᠥᠬᠦᠪᠥᠷᠢ ᠥᠭᠬᠦ ᠡᠲᠡᠭᠡᠳ᠄ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠳᠠᠩᠰᠠᠯᠠᠨ ᠲᠡᠮᠳᠡᠭᠯᠡᠭᠰᠡᠨ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠂ ᠰᠠᠭᠠᠯᠢᠴᠢᠨ ᠤ ᠬᠤᠷᠰᠢᠶᠠᠵᠢᠯ᠃ | 2. ᠨᠥᠬᠦᠪᠥᠷᠢ ᠶᠢᠨ ᠪᠠᠷᠢᠮᠵᠢᠶ᠎ᠠ᠄ ᠭᠠᠳᠠᠭᠠᠳᠤ ᠠᠴᠠ ᠣᠷᠣᠭᠤᠯᠤᠭᠰᠠᠨ ᠰᠠᠶᠢᠨ ᠡᠭᠦᠯᠳᠡᠷ ᠤᠨ ᠰᠠᠭᠠᠯᠢ ᠶᠢᠨ | ᠦᠨᠢᠶᠡᠨ ᠤ ᠨᠥᠬᠦᠪᠥᠷᠢ 5000 ᠲᠥᠭᠦᠷᠢᠭ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | 3000 ᠲᠥᠭᠦᠷᠢᠭ ᠨᠥᠬᠦᠪᠥᠷᠢᠯᠡᠵᠦ᠂ ᠠᠶᠢᠮᠠᠭ ᠬᠤᠲᠠ ᠶᠢᠨ ᠡᠳ᠋ ᠤᠨ ᠵᠠᠰᠠᠭ 2000 ᠲᠥᠭᠦᠷᠢᠭ | ᠨᠥᠬᠦᠪᠥᠷᠢᠯᠡᠨ᠎ᠡ᠃ | 3. ᠬᠠᠮᠢᠶᠠᠷᠤᠯᠲᠠ ᠶᠢᠨ ᠠᠷᠭ᠎ᠠ ᠮᠠᠶ᠋ᠢᠭ᠄ ᠨᠥᠬᠦᠪᠥᠷᠢ ᠦᠭᠬᠦ ᠳᠤ ︽ᠤᠷᠢᠳᠠᠪᠠᠷ ᠦᠵᠡᠨ ᠬᠡᠷᠡᠴᠢᠯᠡᠵᠥ | ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠶᠢ ᠬᠡᠷᠡᠭᠵᠢᠭᠦᠯᠥᠨ᠎ᠡ᠃ ᠳᠠᠷᠤᠢ ︽ᠭᠠᠳᠠᠭᠠᠳᠤ ᠠᠴᠠ ᠣᠷᠣᠭᠤᠯᠣᠭᠰᠠᠨ | ᠦᠬᠡᠷ ᠢ ᠦᠵᠡᠨ ᠬᠡᠷᠡᠴᠢᠯᠡᠬᠦ᠂ ᠭᠠᠳᠠᠭᠠᠳᠤ ᠠᠴᠠ ᠣᠷᠣᠭᠤᠯᠣᠭᠰᠠᠨ ᠭᠠᠷ ᠭᠦᠢᠴᠡᠳᠬᠡᠯ ᠢ ᠦᠵᠡᠨ ᠬᠡᠷᠡᠴᠢᠯᠡᠬᠦ | ᠂ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢᠨ ᠤᠳᠤᠮ ᠤᠨ ᠲᠠᠩᠰᠠ ᠡᠪᠬᠡᠮᠡᠯ ᠢ ᠦᠵᠡᠨ | ᠬᠡᠷᠡᠴᠢᠯᠡᠬᠦ᠂ ᠬᠤᠳᠠᠯᠳᠤᠨ ᠠᠪᠤᠭᠴᠢ ᠲᠠᠢ ᠠᠭᠤᠯᠵᠠᠨ ᠬᠡᠷᠡᠴᠢᠯᠡᠬᠦ︾ ᠵᠡᠷᠭᠡ ︽ᠳᠥᠷᠪᠡ ᠶᠢ ᠦᠵᠡᠨ ᠬᠡᠷᠡᠴᠢᠯᠡᠬᠦ︾ | ᠪᠠᠷ ᠳᠠᠮᠵᠢᠨ ᠨᠥᠬᠦᠪᠥᠷᠢ ᠣᠯᠭᠤᠨ᠎ᠠ᠃ | 4. ᠪᠠᠯᠠ ᠮᠥᠩᠭᠦ ᠶᠢᠨ ᠬᠡᠷᠡᠭᠴᠡᠭᠡ᠄ ᠨᠥᠬᠦᠪᠥᠷᠢ ᠶᠢᠨ ᠪᠠᠯᠠ ᠮᠥᠩᠭᠦ ᠶᠢ ᠭᠤᠤᠯᠳᠠᠭᠤ ᠬᠤᠯᠠᠨᠲ ᠶᠢᠨ ᠬᠠᠷ᠎ᠠ | ᠲᠠᠷᠯᠠᠨ ᠦᠨᠢᠶ᠎ᠡ᠂ ᠠᠩᠭ᠍ᠯᠢ ᠶᠢᠨ ᠰᠢᠷ᠎ᠠ ᠲᠠᠷᠯᠠᠨ ︵ ᠵᠧᠷᠽᠢ︶ ᠦᠨᠢᠶ᠎ᠡ ᠵᠡᠷᠭᠡ ᠲᠤᠰᠬᠠᠶ ᠰᠦ ᠶᠢᠨ ᠦᠨᠢᠶᠡᠨ | ᠤ ᠲᠥᠷᠥᠯ ᠵᠦᠢᠯ ᠳᠤ ᠬᠡᠷᠡᠭᠯᠡᠨ᠎ᠡ᠃ | ︵ᠲᠠᠪᠤ ︶ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠳᠡᠰ ᠳᠡᠪᠰᠢᠬᠦ | ᠲᠥᠷᠥᠯ ᠵᠦᠢᠯ | 1᠂ ᠨᠥᠬᠦᠪᠦᠷᠢ ᠣᠯᠭᠤᠬᠤ ᠡᠲᠡᠭᠡᠳ᠄ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ | ᠦᠢᠯᠡᠳᠪᠦᠷᠢᠯᠡᠯ ᠤᠨ ᠦᠢᠯᠡᠳᠬᠡᠯ ᠪᠠ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ︵SC︶ | ᠣᠯᠣᠭᠰᠠᠨ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ᠃ | 2. ᠨᠥᠬᠦᠪᠥᠷᠢ ᠶᠢᠨ ᠪᠠᠷᠢᠮᠵᠢᠶ᠎ᠠ᠄ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ | ᠲᠠᠰ ᠳᠡᠪᠰᠢᠬᠦ ᠶᠢ ᠵᠣᠷᠢᠭᠵᠢᠭᠤᠯᠵᠤ᠂ ᠵᠢᠵᠢᠭ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠨᠢ ᠴᠠᠭᠠᠨ ᠢᠳᠡᠭᠡ | ᠡᠳ᠋ᠰᠢᠭᠦᠯᠬᠦ ᠠᠵᠤ ᠠᠬᠤᠶᠢᠯᠠᠯ ᠪᠣᠯᠭᠠᠨ ᠲᠠᠰ ᠳᠡᠪᠰᠢᠭᠰᠡᠨ ᠪᠠᠶᠢᠪᠠᠯ᠂ ᠨᠢᠭᠡ ᠯᠡ ᠤᠳᠠᠭ᠎ᠠ ᠳᠤ 50 ᠲᠦᠮᠡᠨ | ᠲᠥᠭᠦᠷᠢᠭ ᠱᠠᠩᠨᠠᠨ᠎ᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ ᠦᠢᠯᠡᠳᠪᠦᠷᠢᠯᠡᠯ ᠤᠨ | ᠦᠢᠯᠡᠳᠬᠡᠯ ᠤᠨ ᠭᠠᠵᠠᠷ ᠨᠢ ᠬᠦᠷᠢᠶᠡᠯᠡᠩ ᠲᠣᠭᠤᠷᠢᠭ ᠲᠤ ᠨᠡᠭᠦᠵᠥ ᠰᠠᠭᠤᠷᠢᠰᠢᠪᠠᠯ ᠂ ᠨᠢᠭᠡ ᠯᠡ ᠤᠳᠠᠭ᠎ᠠ ᠳᠤ | 10 ᠲᠦᠮᠡᠨ ᠲᠥᠭᠦᠷᠢᠭ ᠱᠠᠩᠨᠠᠵᠤ᠂ ᠡᠳ᠋ᠰᠢᠭᠦᠯᠬᠦ ᠠᠵᠤ ᠠᠬᠤᠶᠢᠯᠠᠯ ᠨᠢ ᠬᠦᠷᠢᠶᠡᠯᠡᠩ ᠲᠣᠭᠤᠷᠢᠭ ᠲᠤ ᠨᠡᠭᠦᠵᠥ | ᠰᠠᠭᠤᠷᠢᠰᠢᠪᠠᠯ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠱᠠᠩᠨᠠᠨ᠎ᠠ᠃ | 3. ᠬᠠᠮᠢᠶᠠᠷᠤᠯᠲᠠ ᠶᠢᠨ ᠠᠷᠭ᠎ᠠ ᠮᠠᠶ᠋ᠢᠭ᠄ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠤᠶᠤ ︽ | ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢ ᠠᠪᠤᠨ᠎ᠠ᠃ 2023 ᠣᠨ ᠤ 10 | ᠰᠠᠷ᠎ᠠ ᠶᠢᠨ 1 ᠤ ᠡᠳᠦᠷ ᠠᠴᠠ ᠨᠠᠰᠢ᠂ ᠵᠢᠵᠢᠭ ᠦᠢᠯᠡᠳᠪᠦᠷᠢᠯᠡᠯ ᠤᠨ ᠦᠢᠯᠡᠳᠬᠡᠯ ᠨᠢ ᠳᠡᠰ ᠳᠡᠪᠰᠢᠨ ᠴᠠᠭᠠᠨ | ᠢᠳᠡᠭᠡ ᠡᠳ᠋ᠰᠢᠭᠦᠯᠬᠦ ᠠᠵᠤ ᠠᠬᠤᠶᠢᠯᠠᠯ ᠪᠣᠯᠤᠭᠰᠠᠨ ᠮᠥᠷᠲᠡᠭᠡᠨ ᠵᠦᠪᠰᠢᠶᠡᠷᠡᠯ ᠤᠨ ᠦᠨᠡᠮᠯᠡᠯ ︵SC | ᠭᠡᠷᠡᠴᠢᠯᠡᠭᠡ︶ ᠣᠯᠤᠭᠰᠠᠨ ᠤ ᠳᠠᠷᠠᠭ᠎ᠠ᠂ ᠡᠰᠡᠪᠡᠯ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ | ᠦᠢᠯᠡᠳᠪᠦᠷᠢᠯᠡᠯ ᠤᠨ ᠦᠢᠯᠡᠳᠬᠡᠯ ᠪᠠ ᠡᠳ᠋ᠰᠢᠭᠦᠯᠬᠦ ᠠᠵᠤ ᠠᠬᠤᠶᠢᠯᠠᠯ ᠨᠢ ᠬᠦᠷᠢᠶᠡᠯᠡᠩ ᠲᠣᠭᠤᠷᠢᠭ ᠲᠤ ᠤᠷᠤᠵᠤ | ᠰᠠᠭᠤᠷᠢᠰᠢᠭᠠᠳ 1 ᠵᠢᠯ ᠠᠴᠠ ᠳᠡᠭᠡᠭᠰᠢ ᠬᠤᠭᠤᠴᠠᠭ᠎ᠠ ᠲᠠᠢ ᠡᠵᠡᠩᠨᠡᠵᠥ ᠦᠢᠯᠡᠳᠪᠥᠷᠢᠯᠡᠭᠰᠡᠨ ᠪᠠᠶᠢᠪᠠᠯ ᠂ ᠳᠡᠰ | ᠳᠠᠷᠠᠭᠠᠯᠠᠯ ᠶᠣᠰᠣᠭᠠᠷ ᠲᠡᠭᠦᠨ ᠢ ᠰᠢᠯᠭᠠᠨ ᠬᠤᠷᠢᠶᠠᠵᠤ ᠱᠠᠩᠨᠠᠨ᠎ᠠ᠃ | ᠳᠥᠷᠪᠡ᠂ ᠭᠤᠶᠤᠴᠢᠯᠠᠨ ᠮᠡᠳᠡᠭᠦᠯᠬᠦ ᠶᠠᠪᠤᠴᠠ | ︵ᠨᠢᠭᠡ︶ ᠲᠥᠷᠥᠯ ᠵᠦᠢᠯ ᠢ ᠭᠤᠶᠤᠴᠢᠯᠠᠬᠤ | ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠨᠥᠬᠦᠴᠡᠯ ᠳᠤ ᠨᠡᠶᠢᠴᠡᠬᠦ ᠨᠥᠬᠦᠪᠥᠷᠢ ᠣᠯᠭᠤᠬᠤ ᠡᠲᠡᠭᠡᠳ ᠢ | ᠵᠣᠬᠢᠶᠠᠨ ᠪᠠᠶᠢᠭᠤᠯᠵᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ᠳᠤ ᠬᠦᠷᠭᠡᠨ ᠮᠡᠳᠡᠭᠦᠯᠥᠨ᠎ᠡ ᠃ | ︵ᠬᠤᠶᠠᠷ︶ ᠲᠥᠷᠥᠯ ᠵᠦᠢᠯ ᠢ ᠬᠢᠨᠠᠨ ᠵᠥᠪᠰᠢᠶᠡᠷᠡᠬᠦ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠲᠥᠷᠥᠯ ᠵᠦᠢᠯ ᠤᠨ ᠭᠤᠶᠤᠴᠢᠯᠠᠯ ᠢ | ᠣᠯᠣᠭᠰᠠᠨ ᠤ ᠳᠠᠷᠠᠭ᠎ᠠ᠂ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠲᠥᠷᠥᠯ ᠵᠦᠢᠯ ᠢ ᠬᠢᠨᠠᠨ | ᠲᠣᠭᠲᠠᠭᠠᠬᠤ ᠶᠢᠨ ᠬᠠᠮᠲᠤ ᠬᠢᠨᠠᠨ ᠵᠦᠪᠰᠢᠶᠡᠷᠡᠬᠦ ᠰᠠᠨᠠᠯ ᠤᠨ ᠪᠢᠴᠢᠭ ᠭᠠᠷᠭᠠᠨ᠎ᠠ᠃ | ︵ᠭᠤᠷᠪᠠ︶ ᠭᠤᠶᠤᠴᠢᠯᠠᠯ ᠢ ᠰᠢᠯᠭᠠᠨ ᠬᠤᠷᠢᠶᠠᠬᠤ | ᠨᠥᠬᠦᠴᠡᠯ ᠳᠤ ᠨᠡᠶᠢᠴᠡᠬᠦ ᠨᠥᠬᠦᠪᠥᠷᠢ ᠤᠯᠬᠤ ᠡᠲᠡᠭᠡᠳ ᠨᠢ ᠵᠢᠯ ᠪᠦᠷᠢ ᠶᠢᠨ 12 ᠰᠠᠷ᠎ᠠ ᠶᠢᠨ 1 ᠤ | ᠡᠳᠦᠷ ᠠᠴᠠ ᠡᠮᠦᠨ᠎ᠡ ᠰᠢᠯᠭᠠᠨ ᠬᠤᠷᠢᠶᠠᠬᠤ ᠭᠤᠶᠤᠴᠢᠯᠠᠯ ᠤᠨ ᠮᠠᠲ᠋ᠧᠷᠢᠶᠠᠯ ᠢᠶᠠᠨ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠳᠤ ᠬᠦᠷᠭᠡᠨ ᠮᠡᠳᠡᠭᠦᠯᠥᠨ᠎ᠡ᠃ | ︵ᠳᠥᠷᠪᠡ︶ ᠰᠢᠯᠭᠠᠨ ᠬᠤᠷᠢᠶᠠᠵᠤ ᠬᠢᠨᠠᠨ ᠬᠠᠷᠭᠤᠭᠤᠯᠬᠤ | ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠲᠥᠷᠥᠯ ᠵᠦᠢᠯ ᠤᠨ ᠨᠢᠭᠡᠴᠡ ᠶᠢᠨ | ᠰᠢᠯᠭᠠᠨ ᠬᠤᠷᠢᠶᠠᠬᠤ ᠭᠤᠶᠤᠴᠢᠯᠠᠯ ᠢ ᠣᠯᠣᠭᠰᠠᠨ ᠤ ᠳᠠᠷᠠᠭ᠎ᠠ᠂ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ | ᠬᠢᠨᠠᠨ ᠬᠠᠷᠭᠤᠭᠤᠯᠵᠤ ᠰᠢᠯᠭᠠᠨ ᠬᠤᠷᠢᠶᠠᠬᠤ ᠳᠤᠭᠤᠶᠢᠯᠠᠩ ᠪᠠᠶᠢᠭᠤᠯᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠢᠯᠭᠠᠬᠤ ᠪᠠ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ 5 ᠠᠵᠢᠯᠯᠠᠬᠤ | ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠰᠢᠯᠭᠠᠨ ᠬᠤᠷᠢᠶᠠᠨ᠎ᠠ ᠃ ᠡᠭᠦᠨ ᠤ ᠬᠠᠮᠲᠤ ᠬᠢᠨᠠᠨ ᠬᠠᠷᠭᠤᠭᠤᠯᠵᠤ | ᠰᠢᠯᠭᠠᠨ ᠬᠤᠷᠢᠶᠠᠭᠰᠠᠨ ᠦᠷ᠎ᠡ ᠳ᠋ᠦᠩ ᠢ 5 ᠠᠵᠢᠯᠯᠠᠬᠤ ᠡᠳᠦᠷ ᠤᠨ ᠬᠤᠭᠤᠴᠠᠭ᠎ᠠ ᠲᠠᠢ ᠨᠡᠶᠢᠭᠡᠮ ᠨᠡᠶᠢᠲᠡ ᠳᠤ | ᠢᠯᠡ ᠪᠠᠷ ᠵᠠᠷᠯᠠᠨ ᠨᠡᠶᠢᠲᠡᠯᠡᠨ᠎ᠡ᠃ ᠢᠯᠡ ᠨᠡᠶᠢᠳᠡᠯᠡᠭᠡᠳ ᠰᠠᠨᠠᠯ ᠦᠭᠡᠢ ᠪᠤᠯ ᠂ ᠬᠢᠨᠡᠨ ᠬᠠᠷᠭᠤᠭᠤᠯᠵᠦ ᠰᠢᠯᠭᠠᠨ | ᠬᠤᠷᠢᠶᠠᠭᠰᠠᠨ ᠦᠷ᠎ᠠ ᠳ᠋ᠦᠡᠭ ᠢᠶᠠᠨ ᠠᠶᠢᠮᠠᠭ ᠬᠤᠳᠡ ᠶᠢᠨ ᠳᠡᠷᠢᠶᠡᠯᠡᠩ ᠮᠠᠯ ᠠᠵᠦ ᠠᠬᠤᠢ᠂ ᠡᠳ᠋ ᠤᠨ ᠵᠠᠰᠠᠭ ᠤᠨ | ᠰᠠᠯᠠᠭ᠎ᠠ ᠮᠦᠴᠢᠷ ᠲᠤ ᠮᠡᠳᠡᠭᠦᠯᠥᠨ᠎ᠡ ᠃ | ︵ᠲᠠᠪᠤ︶ ᠪᠡᠯᠡ ᠮᠥᠩᠭᠦ ᠶᠢ ᠰᠢᠯᠵᠢᠭᠦᠯᠵᠥ ᠦᠭᠬᠦ | ᠤᠷᠢᠳᠠᠪᠡᠷ ᠬᠡᠷᠡᠭᠯᠡᠵᠥ ᠳᠠᠷᠠᠭ᠎ᠠ ᠨᠢ ᠨᠦᠬᠦᠪᠥᠷᠢᠯᠡᠬᠦ ᠠᠷᠭ᠎ᠠ ᠬᠡᠯᠪᠡᠷᠢ ᠶᠢ ᠠᠪᠴᠤ᠂ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠨᠢ ᠳᠡᠭᠡᠳᠦ ᠱᠠᠲᠤᠨ ᠤ ᠲᠠᠷᠢᠶᠠᠯᠠᠩ ᠮᠠᠯ ᠠᠵᠤ | ᠠᠬᠤᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ᠂ ᠰᠢᠯᠭᠠᠨ ᠬᠤᠷᠢᠶᠠᠭᠰᠠᠨ ᠦᠷ᠎ᠡ | ᠳ᠋ᠦᠩ ᠢ ᠦᠨᠳᠦᠰᠦᠯᠡᠨ᠂ ᠪᠠᠯᠠ ᠮᠥᠩᠭᠦ ᠶᠢ ᠰᠢᠯᠵᠢᠭᠦᠯᠥᠨ ᠥᠭᠭᠦᠨ᠎ᠡ᠃ | | |