ᠤᠯᠠᠭᠠᠨᠬᠠᠳᠠ ᠶᠢᠨ ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ  ᠲᠤᠭᠤᠷᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠨᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠥᠨ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/4
     ᠤᠢᠢᠷ᠎ᠠ ᠶᠢᠨ ᠵᠢᠯ ᠠᠴᠠ᠂  ᠮᠠᠨ ᠤ ᠬᠤᠰᠢᠭᠤ ᠪᠣᠳᠠᠲᠤ ᠴᠣᠭᠴᠠ ᠶᠢᠨ ᠠᠵᠤ ᠠᠬᠤᠢ ᠪᠠᠷ ᠦᠨᠳᠦᠰᠦ ᠪᠣᠯᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠣᠯ ᠪᠣᠯᠭᠠᠬᠤ᠂ ᠠᠵᠤ ᠦᠢᠯᠡᠰ ᠤᠨ ᠲᠡᠰ ᠳᠡᠪᠰᠢᠬᠦ ᠪᠠᠷ ᠴᠢᠭᠯᠡᠯ ᠪᠣᠯᠭᠠᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠡᠯᠧᠮᠧᠨ᠋ᠲ ᠢ ᠥᠨᠳᠥᠷ ᠪᠦᠲᠦᠮᠵᠢᠲᠡᠢ ᠲᠣᠬᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠵᠠᠯᠭᠠᠮᠵᠢᠯᠠᠨ ᠪᠤᠶᠢᠵᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ  ᠬᠦᠭᠵᠢᠭᠦᠯᠥᠭᠰᠡᠨ ᠪᠠᠶᠢᠨ᠎ᠠ᠃     ᠥᠪᠥᠷ ᠮᠣᠩᠭᠤᠯ ᠤᠨ ᠸᠧᠢ ᠱᠧᠩ ᠨᠠᠨᠤᠮᠧᠲᠷ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ   ᠨᠢ 2020 ᠣᠨ ᠳᠤ ᠤᠯᠠᠭᠠᠨᠬᠠᠳᠠ ᠶᠢᠨ ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠠᠭᠤᠷᠢᠰᠢᠭᠰᠠᠨ  ᠂ ᠤᠯᠤᠰ ᠤᠨ ᠳᠣᠲᠣᠭᠠᠳᠤ ᠶᠢᠨ ᠲᠤᠰᠬᠠᠢ ᠮᠡᠷᠭᠡᠵᠢᠯ ᠤᠨ ᠰᠤᠳᠤᠯᠤᠨ ᠦᠢᠯᠡᠳᠦᠭᠰᠡᠨ ᠬᠠᠲᠠᠭᠠᠬᠤ ᠡᠳ᠋᠂  ᠰᠣᠷᠣᠵᠣ ᠨᠠᠭᠠᠯᠳᠤᠭᠤᠯᠬᠤ ᠡᠮ ᠪᠠ ᠲᠤᠰᠬᠠᠢ ᠬᠡᠷᠡᠭᠯᠡᠭᠡᠨ ᠤ ᠬᠠᠲᠠᠭᠠᠬᠤ ᠡᠳ᠋ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ᠎ᠠ  ᠃ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠤᠯᠠᠮᠵᠢᠯᠠᠯᠲᠤ ᠬᠠᠲᠠᠭᠠᠬᠤ ᠡᠳ᠋᠂ ᠣᠨᠴᠠᠯᠢᠭᠲᠤ ᠬᠠᠲᠠᠭᠠᠬᠤ ᠡᠳ᠋ ᠪᠠ ᠲᠤᠰᠬᠠᠢ ᠬᠡᠷᠡᠭᠯᠡᠭᠡᠨ ᠤ ᠬᠠᠲᠠᠭᠠᠬᠤ ᠡᠳ᠋   ᠨᠢ ᠴᠥᠮ ᠠᠵᠢᠯ ᠲᠥᠷᠥᠯ ᠤᠨ ᠲᠡᠷᠢᠭᠦᠨ ᠤ ᠬᠢᠷᠢ ᠲᠦᠪᠰᠢᠨ ᠳᠤ ᠬᠦᠷᠥᠭᠰᠡᠨ ᠪᠠᠶᠢᠨ᠎ᠠ᠃  ᠪᠦᠲᠦᠭᠡᠭᠳᠡᠬᠦᠨ ᠨᠢ ᠭᠤᠣᠯᠳᠠᠭᠤ ᠢᠳᠡᠭᠡᠨ᠂ ᠡᠮ ᠡᠮᠨᠡᠯᠭᠡ᠂ ᠡᠯᠧᠺᠳ᠋ᠷᠣᠨ᠂ ᠮᠠᠰᠢᠨ ᠲᠡᠷᠭᠡ ᠵᠡᠷᠭᠡ ᠣᠯᠠᠨ ᠠᠵᠢᠯ ᠲᠥᠷᠥᠯ ᠤᠨ ᠬᠡᠪᠴᠢᠶᠡᠨ ᠳᠤ ᠬᠡᠷᠡᠭᠯᠡᠵᠦ᠂ ᠲᠤᠬᠠᠶᠢᠯᠠᠭᠰᠠᠨ ᠠᠵᠢᠯ ᠨᠢ ᠭᠤᠣᠯᠳᠠᠭᠤ ᠠᠮᠧᠷᠢᠺᠠ ᠂ ᠭᠧᠷᠮᠠᠨ᠂ ᠠᠩᠭ᠍ᠯᠢ ᠵᠡᠷᠭᠡ 30 ᠭᠠᠷᠤᠢ ᠤᠯᠤᠰ ᠢ ᠨᠥᠯᠥᠭᠡᠯᠡᠭᠰᠡᠨ ᠪᠠᠶᠢᠨ᠎ᠠ᠃     ᠥᠪᠥᠷ ᠮᠣᠩᠭᠤᠯ ᠤᠨ ᠢᠦᠢ ᠴᠢᠶᠣᠤ ᠬᠠᠶᠢᠯᠤᠰᠢ ᠶᠢᠨ ᠮᠠᠲ᠋ᠧᠷᠢᠶᠠᠯ ᠦᠢᠯᠡᠳᠬᠦ ᠬᠢᠵᠠᠭᠠᠷᠲᠤ ᠺᠣᠮᠫᠠᠨᠢ ᠶᠢᠨ  ᠵᠡᠰ ᠭᠠᠩᠨᠠᠭᠤᠷ ᠤᠲᠠᠰᠤ ᠪᠣᠯ ᠳᠡᠭᠡᠳᠦ ᠰᠢᠨᠵᠢᠯᠡᠬᠦ ᠤᠬᠠᠭᠠᠨ  ᠮᠡᠷᠭᠡᠵᠢᠯ ᠤᠨ ᠮᠠᠲ᠋ᠧᠷᠢᠶᠠᠯ  ᠪᠤᠯᠬᠤ ᠶᠤᠮ᠃  ᠲᠡᠳᠡᠨ ᠤ ᠪᠦᠲᠥᠭᠡᠭᠳᠡᠬᠦᠨ ᠨᠢ ᠰᠢᠨ᠎ᠡ ᠲᠦᠷᠥᠯ ᠵᠦᠢᠯ ᠤᠨ ᠮᠠᠲ᠋ᠧᠷᠢᠶᠠᠯ   ᠢᠶᠠᠷ ᠪᠦᠷᠢᠯᠳᠥᠭᠰᠡᠨ ᠣᠴᠢᠷ ᠠᠴᠠ ᠤᠯᠠᠨ ᠤ ᠠᠩᠬᠠᠷᠤᠯ ᠢ ᠲᠠᠳᠠᠵᠤ᠂ ᠤᠯᠤᠰ ᠤᠨ ᠳᠤᠲᠤᠨ᠎ᠠ ᠭᠠᠳᠠᠨ᠎ᠠ ᠮᠠᠰᠢ ᠰᠠᠶᠢᠨ ᠪᠤᠷᠤᠯᠠᠭᠤᠯᠭ᠎ᠠ ᠲᠠᠢ ᠪᠤᠯᠤᠭᠰᠠᠨ ᠪᠠᠶᠢᠨ᠎ᠠ᠃     ᠤᠢᠢᠷ᠎ᠠ ᠶᠢᠨ ᠵᠢᠯ ᠠᠴᠠ ᠨᠠᠰᠢ᠂ ᠤᠯᠠᠭᠠᠨᠬᠠᠳᠠ ᠶᠢᠨ ᠢᠦᠢ ᠯᠦᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ  ᠠᠵᠤ ᠦᠢᠯᠡᠰ ᠤᠨ ᠰᠢᠨ᠎ᠡ ᠶᠢ ᠡᠭᠦᠳᠬᠦ ᠬᠦᠴᠦᠨ ᠢ ᠳᠡᠭᠡᠭᠰᠢᠯᠡᠭᠦᠯᠬᠦ᠂ ᠠᠵᠤ ᠦᠢᠯᠡᠰ ᠤᠨ  ᠬᠡᠯᠬᠢᠶᠡᠵᠢᠯ ᠢ ᠤᠷᠲᠤᠳᠬᠠᠬᠤ᠂ ᠨᠡᠮᠡᠯᠲᠡ ᠦᠷᠳᠡᠭ ᠢ ᠨᠡᠮᠡᠭᠳᠡᠭᠦᠯᠬᠦ ᠪᠠᠷ ᠭᠤᠣᠯ ᠪᠣᠯᠭᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ ᠦᠢᠯᠡᠰ ᠲᠤ ᠣᠷᠣᠭᠤᠯᠤᠨ ᠭᠤᠣᠯᠳᠠᠯᠭ᠎ᠠ ᠲᠠᠢ ᠪᠠᠶᠢᠭᠤᠯᠵᠤ᠂ ᠤᠷᠢᠳ ᠬᠤᠵᠢᠳ 14 ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠣᠷᠣᠭᠤᠯᠤᠨ ᠠᠪᠴᠢᠷᠠᠵᠤ᠂ ᠵᠢᠯ ᠳᠤ 2 ᠳ᠋ᠦᠩᠰᠢᠭᠤᠷ ᠲᠥᠭᠦᠷᠢᠭ ᠠᠴᠠ ᠳᠡᠭᠡᠭᠰᠢ ᠦᠢᠯᠡᠳᠬᠦᠨ ᠤ ᠦᠷᠳᠡᠭ ᠢ ᠪᠡᠶᠡᠯᠡᠭᠦᠯᠵᠦ᠂ 1000 ᠭᠠᠷᠤᠢ ᠠᠵᠢᠯ ᠤᠨ ᠪᠠᠶᠢᠷᠢ  ᠬᠠᠩᠭᠠᠭᠰᠠᠨ ᠢᠶᠠᠷ ᠪᠠᠷᠠᠬᠤ ᠦᠭᠡᠢ ᠰᠢᠨ᠎ᠡ ᠴᠢᠨᠠᠷ ᠤᠨ ᠦᠢᠯᠡᠳᠪᠥᠷᠢᠯᠡᠯ ᠤᠨ ᠬᠦᠴᠥᠨ ᠢ ᠬᠦᠴᠥᠳᠠᠢ ᠠᠬᠢᠭᠤᠯᠤᠭᠰᠠᠨ ᠪᠠᠶᠢᠨ᠎ᠠ᠃  
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号