| | ᠡᠪᠤᠯ ᠤᠨ ᠠᠭᠤᠷ ᠤᠷᠤᠵᠤ ᠠᠭᠤᠷ ᠠᠮᠢᠰᠬᠤᠯ ᠬᠦᠢᠲᠡᠷᠡᠭᠰᠡᠨ ᠴᠤ᠂ ᠮᠠᠨ ᠤ ᠬᠤᠰᠢᠭᠤᠨ ᠤ ᠳᠡᠭᠡᠷ᠎ᠡ | ᠳᠤᠤᠷ᠎ᠠ ᠱᠠᠳᠤᠨ ᠤ ᠬᠠᠮᠲᠤ ᠶᠢᠨ ᠴᠢᠷᠮᠠᠶᠢᠯᠭ᠎ᠠ ᠪᠠᠷ ᠮᠠᠯ ᠰᠦᠷᠥᠭ ᠤᠨ ᠡᠪᠡᠰᠥ ᠪᠤᠷᠳᠤᠭᠠᠨ ᠤ ᠠᠰᠠᠭᠤᠳᠠᠯ ᠢ | ᠡᠷᠴᠢᠮᠳᠡᠢ ᠰᠠᠶᠢᠲᠤᠷ ᠰᠢᠳᠪᠥᠷᠢᠯᠡᠭᠰᠡᠨ ᠠᠴᠠ᠂ ᠡᠨᠡ ᠡᠪᠤᠯ ᠤᠨ ᠲᠦᠷᠥᠭᠦᠥ ᠪᠦᠯᠥᠭ ᠤᠨ ᠲᠦᠯ ᠮᠠᠯ ᠢᠶᠠᠨ ᠠᠮᠤᠷ | ᠮᠡᠨᠳᠥᠬᠡᠨ ᠲᠤᠰᠤᠭᠰᠠᠨ ᠪᠠᠶᠢᠨ᠎ᠠ᠃ | ᠰᠤᠷᠪᠤᠯᠵᠢᠯᠠᠭᠴᠢ ᠣᠩᠨᠢᠭᠤᠳ ᠬᠤᠰᠢᠭᠤᠨ ᠤ ᠠᠮᠢᠨ ᠡᠵᠢ ᠲᠡᠵᠢᠭᠡᠨ ᠦᠷᠡᠵᠢᠭᠦᠯᠬᠦ ᠲᠤᠰᠬᠠᠶ | ᠬᠤᠷᠰᠢᠶᠠᠵᠢᠯ ᠤᠨ ᠬᠤᠨᠢᠨ ᠬᠠᠰᠢᠶᠠᠨ ᠳᠤ ᠠᠯᠬᠤᠨ ᠤᠷᠤᠬᠤ ᠳᠤ᠂ ᠰᠠᠶ᠋ᠢᠬᠠᠨ ᠲᠦᠷᠥᠭᠰᠡᠨ ᠬᠤᠷᠠᠭᠠᠨ | ᠮᠠᠶᠢᠯᠠᠭ᠎ᠠ ᠴᠢᠬᠢᠨ ᠳᠤ ᠠᠶᠠᠳᠠᠢ ᠰᠡᠳᠬᠢᠯ ᠳᠤ ᠲᠠᠭᠠᠲᠠᠢ ᠰᠠᠨᠠᠭᠳᠠᠨ᠎ᠠ᠃ ᠲᠤᠰ ᠬᠤᠷᠰᠢᠶᠠᠵᠢᠯ ᠶᠢᠨ ᠬᠢᠨ | ᠲᠤᠭᠳᠠᠭᠰᠠᠨ ᠴᠠᠭ ᠳᠠᠭᠠᠨ ᠲᠥᠯ ᠲᠤᠰᠬᠤ ᠬᠤᠭᠤᠴᠠᠭ᠎ᠠ ᠶᠢ ᠪᠠᠨ ᠤᠭᠲᠤᠨ ᠠᠪᠤᠭᠰᠠᠨ ᠨᠢ ᠡᠨᠡ ᠪᠠᠶᠢᠵᠠᠢ᠃ | ᠲᠤᠰ ᠬᠤᠷᠰᠢᠶᠠᠵᠢᠯ ᠨᠢ 500 ᠭᠠᠷᠤᠶ ᠡᠮ᠎ᠡ ᠬᠤᠨᠢ ᠪᠠᠨ ᠳᠥᠷᠪᠡᠨ ᠪᠦᠯᠦᠭ ᠬᠤᠪᠢᠶᠠᠨ ᠬᠡᠭᠡᠯᠳᠥᠭᠦᠯᠭᠡ | ᠬᠢᠵᠥ᠂ 11 ᠰᠠᠷ᠎ᠠ ᠶᠢᠨ ᠳᠤᠮᠳᠠᠴᠢ ᠠᠴᠠ ᠡᠬᠢᠯᠡᠨ ᠲᠦᠷᠥᠭᠦᠥ ᠪᠦᠯᠥᠭ ᠨᠢ ᠲᠦᠯᠯᠡᠵᠥ᠂ ᠢᠷᠡᠬᠦ ᠵᠢᠯ ᠤᠨ 4 | ᠰᠠᠷ᠎ᠠ ᠶᠢᠨ ᠡᠬᠢ ᠪᠠᠷ ᠰᠡᠭᠦᠯ ᠤᠨ ᠪᠦᠯᠥᠭ ᠨᠢ ᠲᠦᠯᠯᠡᠵᠥ ᠳᠠᠭᠤᠰᠬᠤ ᠪᠤᠯᠤᠨ᠎ᠠ᠃ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠶᠢᠨ ᠲᠤᠪᠴᠢᠶᠠᠨ ᠤ ᠮᠡᠷᠭᠡᠵᠢᠯ ᠤᠨ ᠪᠤᠯᠪᠠᠰᠤᠷᠠᠯ᠂ ᠵᠢᠯᠤᠭᠤᠳᠤᠯᠭ᠎ᠠ ᠪᠠᠷ ᠳᠠᠮᠵᠢᠨ ᠂ ᠲᠡᠳᠡᠨ ᠤ | ᠠᠷᠠᠴᠢᠯᠠᠨ ᠲᠡᠵᠢᠭᠡᠬᠦ ᠬᠢᠷᠢ ᠲᠦᠪᠰᠢᠨ ᠨᠢ ᠳᠡᠭᠡᠭᠰᠢᠯᠡᠵᠦ᠂ ᠲᠦᠷᠥᠭᠦᠥ ᠪᠦᠯᠥᠭ ᠤᠨ ᠲᠥᠯ ᠮᠠᠯ ᠤᠨ | ᠪᠤᠶᠢᠵᠢᠯᠲᠠ ᠶᠢᠨ ᠨᠣᠷᠮ᠎ᠠ ᠨᠢ 99.5% ᠠᠴᠠ ᠳᠡᠭᠡᠭᠰᠢ ᠳᠤ ᠬᠦᠷᠥᠭᠰᠡᠨ ᠪᠠᠶᠢᠨ᠎ᠠ᠃ | ᠣᠶᠢᠷ᠎ᠠ ᠶᠢᠨ ᠵᠢᠯ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠲᠥᠯ | ᠲᠤᠰᠴᠤ ᠪᠤᠶᠢᠵᠢᠭᠤᠯᠬᠤ ᠶᠢ ᠣᠳᠣᠬᠠᠨ ᠤ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠨ ᠠᠳᠬᠤᠵᠤ᠂ ᠮᠠᠯ ᠠᠵᠤ | ᠠᠬᠤᠶ ᠶᠢᠨ ᠮᠡᠷᠭᠡᠵᠢᠯ ᠤᠨ ᠠᠵᠢᠯᠲᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠦᠨᠳᠦᠰᠦᠨ ᠱᠠᠲᠤ᠂ ᠮᠠᠯᠵᠢᠬᠤ | ᠡᠷᠦᠬᠡ ᠳᠤ ᠣᠴᠢᠭᠤᠯᠵᠤ᠂ ᠡᠬᠡ ᠮᠠᠯ ᠤᠨ ᠭᠠᠷ ᠬᠡᠭᠡᠯᠲᠦᠭᠦᠯᠭᠡ ᠪᠠ ᠬᠦᠪᠦᠷᠡᠯ ᠰᠢᠯᠵᠢᠭᠦᠯᠬᠦ ᠮᠡᠷᠭᠡᠵᠢᠯ ᠢ ᠶᠡᠬᠡᠪᠡᠷ | ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢ ᠵᠢᠯᠣᠭᠤᠳᠤᠨ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ᠂ | ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠬᠠᠮᠢᠶᠠᠷᠬᠤ ᠶᠢ | ᠴᠢᠩᠭᠠᠳᠬᠠᠵᠤ᠂ ᠲᠥᠯ ᠮᠠᠯ ᠤᠨ ᠡᠳᠡᠭᠡᠷᠡᠯᠲᠡ ᠶᠢᠨ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ ᠮᠠᠯ ᠠᠵᠤ ᠠᠬᠤᠶ ᠶᠢᠨ | ᠡᠷᠡᠭᠦᠯ ᠢᠶᠠᠷ ᠬᠥᠭᠵᠢᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠭᠰᠡᠨ | ᠪᠠᠶᠢᠨ᠎ᠠ᠃ | |