ᠣᠩᠨᠢᠭᠤᠳ ᠬᠤᠰᠢᠭᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ  ᠢᠳᠡᠪᠬᠢᠳᠡᠢ ᠨᠠᠶᠢᠳᠠᠪᠤᠷᠢᠵᠢᠭᠤᠯᠵᠤ ᠠᠮᠢ ᠠᠬᠤᠶ ᠬᠢᠭᠡᠳ ᠠᠷᠠᠳ ᠤᠨ ᠠᠮᠢᠳᠤᠷᠠᠯ ᠤᠨ ᠬᠤᠣᠰ ᠠᠮᠵᠢᠯᠲᠠ ᠶᠢ ᠠᠪᠴᠢᠷᠠᠪᠠ
ᠨᠡᠶᠢᠲᠡᠯᠡᠭᠰᠡᠨ ᠴᠠᠭ᠄
2024/12/5
     2011 ᠣᠨ ᠠᠴᠠ ᠡᠬᠢᠯᠡᠨ᠂ ᠤᠯᠤᠰ ᠠᠴᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ  ᠤᠯᠭᠤᠬᠤ  ᠱᠠᠩᠨᠠᠬᠤ ᠲᠥᠷᠥ ᠶᠢᠨ ᠪᠣᠳᠣᠯᠭ᠎ᠠ ᠶᠢ ᠡᠬᠢᠯᠡᠨ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠬᠤᠰᠢᠭᠤ ᠨᠢᠭᠡᠨᠲᠡ ᠬᠤᠶᠠᠷ ᠡᠭᠡᠯᠵᠢ ᠶᠢᠨ ᠠᠷᠪᠠᠨ ᠵᠢᠯ ᠤᠨ ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢ ᠪᠡᠶᠡᠯᠡᠭᠦᠯᠵᠦ᠂ 2021 ᠤᠨ ᠠᠴᠠ  2025 ᠣᠨ ᠪᠤᠯᠳᠠᠯ᠎ᠠ ᠭᠤᠷᠪᠠᠳᠤᠭᠠᠷ ᠡᠭᠡᠯᠵᠢ ᠶᠢᠨ ᠨᠥᠬᠦᠪᠥᠷᠢ ᠶᠢ  ᠬᠡᠷᠡᠭᠵᠢᠭᠦᠯᠵᠥ ᠡᠬᠢᠯᠡᠭᠰᠡᠨ ᠪᠠᠶᠢᠨ᠎ᠠ᠃     ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠤᠲᠤᠭ ᠪᠡᠯᠴᠢᠭᠡᠷ ᠤᠨ ᠳᠠᠭᠠᠭᠠᠴᠢᠯᠠᠯᠲᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠲᠠᠯᠠᠪᠠᠶ ᠪᠠ ᠬᠦᠷᠢᠶ᠎ᠡ ᠬᠡᠪᠴᠢᠶ᠎ᠡ   ᠪᠤᠯᠤᠨ   ᠪᠡᠯᠴᠢᠭᠡᠷ ᠤᠨ ᠳᠠᠭᠠᠭᠠᠴᠠ ᠶᠢᠨ ᠵᠦᠢ ᠵᠤᠬᠢᠰᠳᠠᠢ ᠬᠡᠮᠵᠢᠶ᠎ᠡ  ᠨᠤᠷᠮ᠎ᠠ   ᠶᠢ ᠬᠢᠨᠠᠨ ᠲᠣᠭᠲᠠᠭᠠᠭᠰᠠᠨ ᠵᠡᠷᠭᠡ ᠲᠤᠭ᠎ᠠ ᠪᠠᠷᠢᠮᠲᠠ ᠶᠢ ᠰᠤᠳᠤᠯᠤᠨ ᠲᠣᠭᠲᠠᠭᠠᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ   ᠶᠢ ᠵᠢᠯ ᠪᠦᠷᠢ 4374.4 ᠲᠦᠮᠡᠨ ᠲᠥᠭᠦᠷᠢᠭ   ᠲᠠᠷᠬᠠᠭᠠᠪᠠ  ᠃ ᠡᠭᠦᠨ ᠳᠤ 2021 ᠣᠨ᠂ 22   ᠂ 23 ᠣᠨ ᠤ  ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠨᠢᠭᠡᠨᠲᠡ ᠪᠦᠬᠦᠨ ᠢ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠵᠢᠯ ᠤᠨ ᠬᠥᠮᠦᠨ ᠳᠤᠮᠳᠠᠴᠢ ᠶᠢᠨ ᠣᠷᠣᠯᠭ᠎ᠠ   ᠶᠢ 200 ᠲᠥᠭᠦᠷᠢᠭ ᠰᠢᠬᠠᠮ   ᠨᠡᠮᠡᠭᠳᠡᠭᠦᠯᠵᠥ᠂  ᠨᠤᠲᠤᠭ ᠪᠡᠯᠴᠢᠭᠡᠷ  ᠠᠮᠢ ᠠᠬᠤᠶ ᠪᠠ ᠠᠷᠠᠳ ᠤᠨ ᠠᠮᠢᠳᠤᠷᠠᠯ ᠤᠨ ᠬᠤᠤᠰ ᠠᠮᠵᠢᠯᠲᠠ ᠶᠢ  ᠠᠪᠴᠢᠷᠠᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号