| ᠵᠢᠯ ᠤᠨ ᠡᠬᠢᠨ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠡᠯᠡᠰᠦ ᠶᠢ ᠵᠠᠰᠠᠵᠤ | ᠦᠢᠯᠡᠰ ᠴᠤᠭᠴᠠᠯᠠᠬᠤ ᠶᠢ ᠪᠠᠷᠮᠲᠠᠯᠠᠨ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠬᠡᠷᠡᠯ | ᠴᠡᠨᠡᠭ ᠢ ᠨᠢᠭᠡ ᠴᠤᠴᠠᠵᠢᠭᠤᠯᠤᠭᠰᠠᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ | ᠂ ᠪᠣᠬᠢᠷᠲᠤᠯ ᠥᠬᠡᠶ ᠬᠦᠭᠵᠢᠯᠳᠡ ᠶᠢᠨ ᠬᠡᠯᠬᠢᠶᠡᠵᠢᠯ ᠢ ᠲᠠᠰᠤᠷᠠᠯᠲᠠ ᠥᠬᠡᠶ ᠤᠷᠲᠤᠳᠬᠤ ᠶᠢ ᠳᠠᠭᠠᠯᠳᠤᠨ᠂ ᠦᠢᠯᠡᠰ | ᠴᠤᠭᠴᠠᠵᠢᠵᠤ ᠠᠮᠢ ᠠᠬᠤᠢ ᠨᠤᠭᠤᠭᠠᠷᠠᠭᠰᠠᠨ ᠴᠢᠨᠠᠷ ᠰᠠᠶᠢᠲᠠᠶ ᠬᠥᠭᠵᠢᠯᠲᠡ ᠶᠢ ᠬᠠᠭᠤᠳᠠᠰᠤ ᠬᠠᠭᠤᠳᠠᠰᠤ ᠪᠠᠷ | ᠪᠢᠴᠢᠭᠯᠡᠵᠥ ᠢᠷᠡᠭᠰᠡᠨ ᠪᠠᠶᠢᠨ᠎ᠠ᠃ | ︽ᠣᠩᠨᠢᠭᠤᠳ ᠬᠤᠰᠢᠭᠤᠨ ᠤ ᠭᠤᠷᠪᠠᠨ ᠤᠮᠠᠷᠠᠲᠤ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ | ᠶᠡᠷᠦᠩᠬᠡᠢ ᠲᠥᠯᠥᠪᠵᠢᠭᠦᠯᠭᠡ︾ ᠶᠣᠰᠣᠭᠠᠷ᠂ ᠵᠢᠯ ᠤᠨ ᠡᠬᠢᠨ ᠠᠴᠠ ᠨᠠᠰᠢ᠂ ᠮᠠᠨ ᠤ ᠬᠤᠰᠢᠭᠤ ︽ᠵᠠᠮ ᠢᠶᠠᠷ | ᠡᠯᠡᠰᠦ ᠶᠢ ᠵᠠᠰᠠᠬᠤ᠂ ᠲᠤᠷᠤᠭ ᠪᠤᠲᠠ ᠶᠢ ᠤᠶᠠᠯᠳᠤᠭᠤᠯᠬᠤ᠂ ᠪᠢᠲᠡᠭᠦᠮᠵᠢᠯᠡᠨ ᠨᠢᠰᠭᠡᠯ ᠢᠶᠠᠷ ᠨᠤᠭᠤᠭᠠᠷᠠᠭᠤᠯᠬᠤ ᠶᠢ | ᠵᠡᠷᠭᠡᠪᠡᠷ ᠠᠬᠢᠭᠤᠯᠬᠤ︾ ᠵᠡᠷᠭᠡ ᠵᠠᠰᠠᠯᠲᠠ ᠶᠢᠨ ᠵᠠᠭᠪᠤᠷ ᠢ ᠦᠷᠭᠦᠯᠵᠢᠯᠡᠨ ᠳᠡᠯᠭᠡᠷᠡᠭᠦᠯᠵᠦ᠂ 2024 ᠣᠨ ᠳᠤ 80 | ᠲᠦᠮᠡᠨ ᠮᠦ ᠡᠯᠡᠰᠦᠷᠬᠡᠭ ᠭᠠᠵᠠᠷ ᠢ ᠵᠠᠰᠠᠵᠤ᠂ ᠤᠩᠨᠢᠭᠤᠳ ᠬᠤᠰᠢᠭᠤᠨ ᠤ ᠬᠡᠪᠴᠢᠶᠡᠨ ᠳᠠᠬᠢ ᠬᠤᠷᠴᠢᠨ ᠤ | ᠡᠯᠡᠰᠥᠷᠬᠡᠭ ᠭᠠᠵᠠᠷ ᠤᠨ ᠬᠡᠳᠥᠨ ᠪᠦᠯᠥᠭ ᠡᠯᠡᠰᠥ ᠶᠢ ᠲᠤᠤᠷᠵᠢᠭᠤᠯᠤᠨ ᠪᠢᠲᠡᠭᠦᠮᠵᠢᠯᠡᠭᠰᠡᠨ ᠪᠠᠶᠢᠨ᠎ᠠ᠃ | ᠪᠦᠬᠦ ᠬᠤᠰᠢᠭᠤ ᠪᠠᠷ ᠢᠶᠠᠨ ᠡᠯᠡᠰᠥ ᠲᠤᠭᠤᠯᠤᠭᠰᠠᠨ ᠵᠠᠰᠠᠮᠠᠯ ᠵᠠᠮ ᠤᠨ ᠪᠦᠲᠥᠭᠡᠨ ᠪᠠᠶᠢᠭᠤᠯᠤᠯᠳᠠ ᠪᠠᠷ | ᠳᠠᠮᠵᠢᠨ᠂ ᠣᠲᠣ ᠳᠤ ᠲᠤᠯᠳᠠᠯ᠎ᠠ ᠨᠢᠭᠡᠨᠳᠡ ᠪᠥᠬᠦ ᠣᠷᠳᠣ ᠨᠢ 480 ᠺᠢᠯᠤᠮᠧᠲᠷ ᠪᠤᠯᠬᠤ16 ᠵᠤᠷᠪᠤᠰ ᠡᠯᠡᠰᠦ | ᠲᠤᠭᠤᠯᠤᠭᠰᠠᠨ ᠵᠠᠰᠠᠮᠠᠯ ᠵᠠᠮ ᠲᠡᠪᠢᠰᠴᠥ᠂ ᠵᠠᠮ ᠳᠠᠭᠠᠤ 390 ᠲᠦᠮᠡᠨ ᠮᠥ ᠡᠯᠡᠰᠦᠷᠬᠡᠭ ᠭᠠᠵᠠᠷ ᠢ ᠵᠠᠰᠠᠪᠠ᠃ | ᠣᠯᠠᠨ ᠵᠢᠯ ᠤᠨ ᠲᠤᠷᠰᠢ᠂ ᠮᠠᠨ ᠤ ᠬᠤᠰᠢᠭᠤ ︽ᠡᠯᠡᠰᠦ ᠶᠢ ᠵᠠᠰᠠᠨ ᠪᠠᠶᠠᠵᠢᠯ ᠤᠷᠢᠬᠤ︾ ᠵᠠᠷᠴᠢᠮ ᠶᠣᠰᠣᠭᠠᠷ᠂ | ᠪᠥᠬᠦ ᠣᠷᠣᠨ ᠤ ᠬᠡᠪᠴᠢᠶᠡᠨ ᠳᠤ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠡᠯᠡᠰᠦ ᠶᠢ ᠵᠠᠰᠠᠬᠤ | ᠵᠠᠭᠪᠤᠷ ᠢ ᠤᠷᠢᠳᠠᠪᠠᠷ ᠰᠦᠪᠡᠭᠴᠢᠯᠡᠨ ᠬᠡᠷᠡᠭᠵᠢᠭᠦᠯᠵᠦ᠂ ᠬᠦᠯᠥᠰᠥ ᠤᠯᠭᠤᠮᠵᠢ ᠲᠠᠢ ᠬᠥᠳᠡᠯᠮᠦᠷᠢ ᠪᠠᠷ ᠳᠠᠮᠵᠢᠭᠤᠯᠤᠨ | ᠮᠠᠯᠴᠢᠨ ᠲᠠᠷᠢᠶᠠᠴᠢᠨ ᠢ ᠡᠯᠡᠰᠦᠷᠬᠡᠭ ᠭᠠᠵᠠᠷ ᠤᠨ ᠵᠠᠰᠠᠯᠲᠠ ᠳᠤ ᠪᠥᠬᠦ ᠲᠠᠯ᠎ᠠ ᠪᠠᠷ ᠣᠷᠣᠯᠴᠠᠭᠤᠯᠵᠤ᠂ ᠪᠥᠬᠦ | ᠠᠷᠠᠳ ᠢᠶᠠᠷ ᠢᠶᠠᠨ ᠡᠯᠡᠰᠦ ᠶᠢ ᠰᠡᠷᠭᠡᠶᠢᠯᠡᠵᠦ ᠵᠠᠰᠠᠬᠤ ᠰᠢᠨ᠎ᠡ ᠪᠠᠶᠢᠷᠢᠰᠢᠯ ᠢ ᠪᠣᠶ ᠪᠣᠯᠭᠠᠪᠠ᠃ 2024 ᠣᠨ ᠳᠤ᠂ | ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠠᠭᠪᠤᠷ ᠢᠶᠠᠷ ᠳᠠᠮᠵᠢᠭᠤᠯᠤᠨ᠂ ᠪᠥᠬᠦ ᠬᠤᠰᠢᠭᠤᠨ ᠤ 9 | ᠰᠤᠮᠤ ᠰᠢᠶᠠᠩ ᠪᠠᠯᠭᠠᠰᠤᠨ ᠳᠤ 6.2 ᠲᠦᠮᠡᠨ ᠮᠥ ᠡᠯᠡᠰᠦ ᠶᠢ ᠲᠣᠭᠲᠠᠪᠤᠷᠢᠵᠢᠭᠤᠯᠤᠨ ᠤᠶᠢᠵᠢᠭᠤᠯᠪᠠ᠃ ᠡᠭᠦᠨ ᠤ | ᠬᠠᠮᠲᠤ ᠡᠯᠡᠰᠥ ᠶᠢ ᠵᠠᠰᠠᠬᠤ ᠪᠦᠲᠥᠭᠡᠨ ᠪᠠᠶᠢᠭᠤᠯᠤᠯᠳᠠ ᠳᠤ ᠤᠷᠤᠯᠴᠠᠭᠰᠠᠨ ᠮᠠᠯᠴᠢᠨ ᠲᠠᠷᠢᠶᠠᠴᠢᠳ ᠬᠦᠮᠥᠨ ᠪᠦᠷᠢ | ᠲᠡᠭᠰᠢᠳᠬᠡᠭᠡᠳ 9000 ᠲᠦᠭᠦᠷᠢᠭ ᠤᠨ ᠤᠷᠤᠯᠭ᠎ᠠ ᠤᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠳᠤ᠂ ᠮᠠᠨ ᠤ ᠬᠤᠰᠢᠭᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ | ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯᠡᠰᠦᠷᠬᠡᠭᠵᠢᠯ ᠢ | ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠤᠯᠤᠨ ᠠᠵᠤ ᠠᠬᠤᠢ ᠶᠢᠨ ᠦᠷ᠎ᠡ | ᠠᠰᠢᠭ ᠢ ᠵᠡᠷᠭᠡᠪᠡᠷ ᠠᠪᠴᠢᠷᠠᠭᠰᠠᠨ ᠪᠠᠶᠢᠨ᠎ᠠ᠃ | ᠣᠩᠨᠢᠭᠤᠳ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠤᠨ ᠠᠰᠢᠬᠠᠨ ᠰᠤᠮᠤᠨ ᠤ ᠬᠡᠪᠴᠢᠶᠡᠨ ᠳᠠᠬᠢ | ᠰᠢᠨ᠎ᠡ ᠡᠨᠧᠷᠭᠢ ᠶᠢᠨ ᠰᠠᠭᠤᠷᠢᠨ ᠭᠠᠵᠠᠷ ᠪᠤᠯᠬᠤ ᠳ᠋ᠠ ᠲᠠᠩ ᠺᠤᠮᠫᠠᠨᠢ ᠶᠢᠨ 20 ᠲᠦᠮᠡᠨ ᠺᠢᠯᠣᠸᠠᠲ ᠤᠨ ᠬᠡᠷᠡᠯ | ᠴᠡᠨᠡᠭ ᠤᠨᠢᠨᠵᠧᠨᠧᠷᠢᠩ ᠢᠶᠠᠷ ᠡᠯᠡᠰᠦ ᠶᠢ ᠵᠠᠰᠠᠬᠤ ᠲᠦᠷᠥᠯ ᠵᠦᠢᠯ ᠪᠠ ᠵᠢᠩ ᠨᠧᠩ ᠰᠢᠨ᠎ᠡ ᠡᠨᠧᠷᠭᠢ ᠶᠢᠨ | 11 ᠲᠦᠮᠡᠨ ᠺᠢᠯᠣᠸᠠᠲ ᠤᠨ ᠬᠡᠷᠡᠯ ᠴᠡᠨᠡᠭ ᠤᠨ ᠢᠨᠵᠧᠨᠧᠷᠢᠩ ᠢᠶᠠᠷ ᠡᠯᠡᠰᠦ ᠶᠢ ᠵᠠᠰᠠᠬᠤ ᠲᠥᠷᠥᠯ ᠵᠦᠢᠯ ᠨᠢᠭᠡᠨᠲᠡ | ᠰᠢᠪᠲᠤᠷᠭᠠᠨ ᠳᠠᠭᠠᠨ ᠣᠷᠣᠵᠤ᠂ ᠲᠣᠨᠤᠭ ᠲᠥᠬᠦᠭᠡᠷᠦᠮᠵᠢ ᠪᠠᠨ ᠤᠭᠰᠤᠷᠠᠨ ᠲᠤᠷᠰᠢᠨ ᠬᠡᠷᠡᠭᠯᠡᠵᠦ᠂ ᠲᠤᠤᠷᠵᠢᠯ | ᠳᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠪᠡᠯᠡᠬᠡᠨ ᠪᠤᠯᠪᠠ᠃ | ᠡᠯᠡᠰᠦᠷᠬᠡᠭᠵᠢᠯ ᠢ ᠰᠡᠷᠭᠡᠢᠯᠡᠨ ᠵᠠᠰᠠᠬᠤ ᠠᠴᠠ ᠠᠪᠤᠭᠠᠳ ᠡᠯᠡᠰᠦ ᠮᠠᠩᠬ᠎ᠠ ᠶᠢ ᠵᠦᠢ ᠵᠣᠬᠢᠰᠲᠠᠢ ᠠᠰᠢᠭᠯᠠᠬᠤ | ᠪᠣᠯᠤᠭᠰᠠᠨ ᠠᠴᠠ ᠬᠡᠯᠬᠢᠶᠡᠵᠢᠯ ᠤᠨ ᠠᠵᠤ ᠦᠢᠯᠡᠰ ᠵᠠᠯᠭ᠎ᠠ ᠵᠠᠯᠭ᠎ᠠ ᠪᠠᠷ ᠰᠢᠨ᠎ᠡ ᠪᠠᠷ ᠪᠤᠢ ᠪᠤᠯᠵᠤ᠂ ᠦᠩᠭᠡᠷᠡᠭᠰᠡᠨ` | ᠤ ᠲᠠᠴᠢᠷ ᠡᠯᠡᠰᠥ ᠦᠨᠥᠳᠥᠷ ᠤᠨ ᠲᠠᠸᠠᠷ ᠵᠤᠭᠤᠰ ᠪᠤᠯᠤᠨ ᠬᠤᠪᠢᠷᠠᠭᠰᠠᠨ ᠪᠠᠶᠢᠨ᠎ᠠ᠃ ᠮᠠᠨ ᠤ ᠬᠤᠰᠢᠭᠤ ᠨᠢ | ︽ᠵᠠᠮ ᠢᠶᠠᠷ ᠡᠯᠡᠰᠦ ᠶᠢ ᠵᠠᠰᠠᠬᠤ ᠪᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠶᠢ | ᠤᠶᠠᠯᠳᠤᠭᠤᠯᠤᠭᠰᠠᠨ ᠵᠠᠰᠠᠯᠲᠠ ᠶᠢᠨ ᠵᠠᠭᠪᠤᠷ ᠢ ᠦᠷᠭᠦᠯᠵᠢᠯᠡᠨ ᠥᠷᠭᠡᠳᠬᠡᠨ ᠳᠡᠯᠭᠡᠷᠡᠭᠦᠯᠵᠦ᠂ ᠵᠢᠯ ᠪᠦᠷᠢ ᠬᠤᠷᠢᠨ | ᠲᠠᠪᠤᠨ ᠲᠦᠮᠡᠨ ᠮᠦ ᠠᠴᠠ ᠳᠣᠣᠷ᠎ᠠ ᠦᠭᠡᠢ ᠬᠤᠷᠳᠤᠴᠠ ᠪᠠᠷ ᠶᠡᠷᠦᠩᠬᠡᠶᠢᠯᠡᠨ ᠵᠠᠰᠠᠵᠤ᠂ 2026 ᠣᠨ ᠠᠴᠠ | ᠡᠬᠢᠯᠡᠨ᠂ ᠵᠢᠯ ᠪᠦᠷᠢ 30 ᠲᠦᠮᠡᠨ ᠮᠦ ᠠᠴᠠ ᠳᠣᠣᠷ᠎ᠠ ᠦᠭᠡᠢ ᠬᠤᠷᠳᠤᠴᠠ ᠪᠠᠷ ᠪᠠᠬᠢᠵᠢᠭᠦᠯᠦᠨ ᠳᠡᠭᠡᠭᠰᠢᠯᠡᠭᠦᠯᠵᠦ᠂ | 2027 ᠤᠨ ᠪᠣᠯᠬᠤ ᠳᠤ ᠵᠠᠰᠠᠯᠲᠠ ᠶᠢᠨ ᠡᠭᠦᠷᠭᠡ ᠪᠠᠨ ᠦᠨᠳᠦᠰᠦᠨ ᠳᠡᠭᠡᠨ ᠪᠡᠶᠡᠯᠡᠭᠦᠯᠬᠦ ᠪᠤᠯᠤᠨ᠎ᠠ᠃ | | |