ᠮᠠᠨ ᠤ ᠬᠤᠰᠢᠭᠤ 2024 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/9
       12 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠲᠤᠷᠠᠨ ᠡᠷᠭᠢᠯᠡᠭᠰᠡᠨ 2024 ᠣᠨ ᠤ ᠣᠩᠨᠢᠭᠤᠳ ᠬᠤᠰᠢᠭᠤᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠵᠢᠴᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠶᠠᠪᠤᠭᠳᠠᠪᠠ᠃ ᠤᠳᠤᠨᠴᠢᠮᠡᠭ᠂ ᠳ᠋ᠠᠶ ᠢᠤᠢ ᠬᠤᠸᠠ᠂ ᠰᠠᠶᠢᠨᠪᠠᠲᠤ ᠵᠡᠷᠭᠡ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠳᠤᠮᠳᠠ᠂ ᠠᠵᠢᠯᠲᠠᠳ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾  ᠭᠤᠤᠯ ᠰᠡᠳᠦᠪ   ᠤᠨ ᠲᠤᠭᠤᠷᠢᠨ ᠳᠤ  ᠂ ᠡᠯ᠎ᠡ ᠲᠥᠷᠥᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ᠂ ᠨᠣᠮ ᠪᠢᠴᠢᠭ᠂ ᠤᠬᠠᠭᠤᠯᠭ᠎ᠠ ᠶᠢᠨ ᠤᠭᠤᠲᠠ ᠨᠡᠶᠢᠲᠡ 3000 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠦᠨᠳᠦᠰᠦᠨ ᠬᠠᠤᠯᠢ ᠶᠢᠨ ᠤᠬᠠᠭᠤᠯᠭ᠎ᠠ ᠳᠤ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ  ᠳᠠᠶᠢᠴᠢᠯᠠᠪᠠ᠃    
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号