ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ  2024 ᠣᠨ ᠤ 7 ᠳ᠋ᠤᠭᠠᠷ ᠤᠳᠠᠭ᠎ᠠ ᠶᠢᠨ ᠬᠤᠷᠠᠯ ᠵᠢᠴᠢ ︽ᠦᠵᠡᠯ ᠰᠠᠨᠠᠭ᠎ᠠ ᠪᠠᠨ ᠶᠡᠭᠡ ᠪᠠᠷ  ᠴᠢᠯᠥᠭᠡᠯᠡᠨ ᠠᠵᠢᠯ ᠤᠨ ᠠᠬᠢᠴᠠ ᠪᠠᠨ ᠲᠦᠷᠭᠡᠳᠬᠡᠵᠥ ᠠᠵᠤ ᠠᠬᠤᠶ ᠶᠢᠨ ᠬᠥᠭᠵᠢᠯᠲᠡ ᠶᠢ ᠶᠡᠭᠡ ᠪᠠᠷ  ᠠᠬᠢᠭᠤᠯᠬᠤ︾ ᠶᠠᠷᠢᠯᠴᠠᠭᠠᠨ ᠤ ᠠᠵᠢᠯᠯᠠᠭ᠎ᠠ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/9
        12 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠶᠦᠩ ᠭᠠᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 7 ᠳ᠋ᠤᠭᠠᠷ ᠤᠳᠠᠭᠠᠨ ᠤ ᠬᠤᠷᠠᠯ ᠵᠢᠴᠢ ︽ᠦᠵᠡᠯ ᠰᠠᠨᠠᠭ᠎ᠠ ᠪᠠᠨ ᠶᠡᠭᠡ ᠪᠠᠷ  ᠴᠢᠯᠥᠭᠡᠯᠡᠨ ᠠᠵᠢᠯ ᠤᠨ ᠠᠬᠢᠴᠠ ᠪᠠᠨ ᠲᠦᠷᠭᠡᠳᠬᠡᠵᠥ ᠠᠵᠤ ᠠᠬᠤᠶ ᠶᠢᠨ ᠬᠥᠭᠵᠢᠯᠲᠡ ᠶᠢ ᠶᠡᠭᠡ ᠪᠠᠷ  ᠠᠬᠢᠭᠤᠯᠬᠤ︾ ᠶᠠᠷᠢᠯᠴᠠᠭᠠᠨ ᠤ ᠠᠵᠢᠯᠯᠠᠭ᠎ᠠ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠭᠦᠳ ᠬᠤᠷᠠᠯ ᠳᠤ ᠣᠷᠣᠯᠴᠠᠪᠠ᠃        ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠲᠤᠬᠠᠶ ᠬᠡᠰᠡᠭ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ︽ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ︿ᠦᠵᠡᠯ ᠰᠠᠨᠠᠭ᠎ᠠ ᠪᠠᠨ ᠶᠡᠭᠡ ᠪᠠᠷ  ᠴᠢᠯᠥᠭᠡᠯᠡᠨ ᠠᠵᠢᠯ ᠤᠨ ᠠᠬᠢᠴᠠ ᠪᠠᠨ ᠲᠦᠷᠭᠡᠳᠬᠡᠵᠥ ᠠᠵᠤ ᠠᠬᠤᠶ ᠶᠢᠨ ᠬᠥᠭᠵᠢᠯᠲᠡ ᠶᠢ ᠶᠡᠭᠡ ᠪᠠᠷ  ᠠᠬᠢᠭᠤᠯᠬᠤ﹀  ᠶᠠᠷᠢᠯᠴᠠᠭᠠᠨ ᠤ ᠠᠵᠢᠯᠯᠠᠭ᠎ᠠ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠦᠵᠡᠯ ᠰᠠᠨᠠᠭ᠎ᠠ ᠪᠠᠨ ᠶᠡᠭᠡ ᠪᠠᠷ  ᠴᠢᠯᠥᠭᠡᠯᠡᠨ ᠠᠵᠢᠯ ᠤᠨ ᠠᠬᠢᠴᠠ ᠪᠠᠨ ᠲᠦᠷᠭᠡᠳᠬᠡᠵᠥ ᠠᠵᠤ ᠠᠬᠤᠶ ᠶᠢᠨ ᠬᠥᠭᠵᠢᠯᠲᠡ ᠶᠢ ᠶᠡᠭᠡ ᠪᠠᠷ  ᠠᠬᠢᠭᠤᠯᠬᠤ﹀﹀ ᠶᠢ ᠶᠠᠷᠢᠯᠴᠠᠬᠤ ᠠᠵᠢᠯᠯᠠᠭ᠎ᠠ ᠶᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠬᠡᠰᠢᠭᠦᠳ ᠬᠤᠳᠠ ᠶᠢᠨ ᠨᠠᠮ ᠤᠨ ᠬᠤᠷᠢᠶ᠎ᠠ ᠶᠢᠨ ︽ᠲᠠᠪᠤ  ᠪᠠᠶᠢᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠦᠨᠡᠨ ᠠᠴᠠ ᠵᠥᠪ ᠢ ᠡᠷᠢᠬᠦ ᠵᠠᠷᠴᠢᠮ ᠢᠶᠠᠷ  ᠦᠪᠡᠷ ᠤᠨ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠤᠤᠯ ᠤᠨ  ᠬᠦᠷᠢᠶ᠎ᠡ ᠬᠡᠪᠴᠢᠶ᠎ᠡ᠂  ᠦᠵᠡᠯᠳᠡ ᠲᠠᠨᠢᠯᠳᠠ  ᠠᠴᠠ ᠪᠠᠨ ᠰᠠᠯᠤᠨ  ᠭᠠᠷᠴᠤ᠂ ᠰᠠᠶᠢᠨ ᠪᠤᠳᠤᠯ ᠬᠢᠳᠡᠯ᠂  ᠰᠠᠨᠠᠯ  ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ ᠲᠤᠯᠢ ᠪᠣᠯᠭᠠᠬᠤ ᠬᠡᠷᠡᠭᠲᠡᠢ᠃  ᠣᠯᠠᠨ ᠲᠦᠮᠡᠨ ᠤ ᠳᠤᠮᠳᠠ᠂ ᠦᠨᠳᠦᠰᠦᠨ ᠱᠠᠲᠤᠨ ᠳᠤ ᠬᠦᠷᠴᠦ᠂ ᠠᠰᠠᠭᠤᠳᠠᠯ ᠳᠤ ᠴᠢᠭᠯᠡᠭᠦᠯᠦᠨ  ᠯᠠᠪᠳᠠᠭᠤᠨ ᠪᠠᠲᠤᠲᠠᠶ ᠪᠠᠶᠢᠴᠠᠭᠠᠨ ᠰᠤᠳᠤᠯᠤᠯᠲᠠ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠠᠵᠢᠯ ᠤᠨ ᠰᠡᠳᠬᠢᠴᠡ᠂ ᠠᠷᠭ᠎ᠠ ᠬᠡᠮᠵᠢᠶ᠎ᠡ ᠶᠢ ᠦᠨᠡᠨ ᠬᠦ ᠪᠦᠷᠢᠯᠳᠦᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ  ᠢᠳᠡ ᠬᠦᠴᠥ ᠬᠠᠩᠭᠠᠬᠤ ᠬᠡᠷᠡᠭᠲᠡᠶ  ᠭᠡᠵᠡᠢ᠃      ᠬᠤᠷᠠᠯ ᠠᠴᠠ ᠱᠠᠭᠠᠷᠳᠠᠭᠰᠠᠨ ᠨᠢ᠂  ᠨᠠᠮ ᠤᠨ ᠤᠳᠤᠷᠢᠳᠬᠤ ᠳᠤᠭᠤᠶᠢᠯᠠᠩ ‍ᠤᠨ‌ᠡᠯ᠎ᠡ ᠪᠦᠷᠢᠯᠳᠥᠭᠦᠨ ᠭᠡᠰᠢᠭᠦᠳ ᠪᠥᠬᠦ ᠬᠤᠰᠢᠭᠤᠨ ᠤ ᠬᠥᠭᠵᠢᠯᠲᠡ ᠶᠢ ᠳᠥᠯᠭᠢᠨ ᠠᠬᠢᠭᠤᠯᠬᠤ ᠲᠤᠯᠭᠠᠭᠤᠷᠢ ᠬᠦᠴᠦᠨ ᠪᠣᠯᠤᠭᠰᠠᠨ ᠤ ᠬᠤᠪᠢ ᠳᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠶᠢᠨ ᠬᠠᠮᠲᠤ ᠪᠠᠰᠠ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠣᠰ ᠤᠳᠠᠭᠠᠨ ᠤ ᠶᠠᠷᠢᠯᠴᠠᠭᠠᠨ ᠤ ᠠᠵᠢᠯᠯᠠᠭ᠎ᠠ ᠶᠢ ᠴᠢᠨᠠᠷ ᠰᠠᠶᠢᠲᠠᠶ ᠥᠷᠨᠢᠭᠦᠯᠵᠦ᠂ ᠦᠵᠡᠯ ᠰᠠᠨᠠᠭᠠᠨ ᠤ ᠴᠢᠯᠥᠭᠡᠯᠡᠯᠲᠡ ᠶᠢ ᠦᠷᠭᠦᠯᠵᠢᠯᠡᠨ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠥᠨᠳᠥᠷ ᠪᠦᠲᠦᠮᠵᠢᠲᠡᠶ ᠦᠢᠯᠡᠴᠢᠯᠡᠭᠡ ᠪᠠ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠠᠵᠤ ᠠᠬᠤᠶ ᠶᠢᠨ ᠶᠡᠭᠡ ᠬᠥᠭᠵᠢᠯᠲᠡ ᠶᠢ ᠬᠠᠮᠠᠭᠠᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ᠂ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ  ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号