ᠪᠦᠭᠦ ᠬᠤᠰᠢᠭᠤᠨ ᠤ ᠠᠵᠤ ᠠᠬᠤᠢ ᠶᠢᠨ ᠪᠠᠶᠢᠳᠠᠯ ᠢ ᠮᠡᠳᠡᠭᠳᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/1
         1 ᠰᠠᠷ᠎ᠠ ᠶᠢᠨ 31᠎ ᠤ ᠡᠳᠦᠷ᠂ ᠪᠥᠬᠦ ᠬᠤᠰᠢᠭᠤᠨ ᠤ ᠠᠵᠤ ᠠᠬᠤᠢ ᠶᠢᠨ ᠪᠠᠶᠢᠳᠠᠯ ᠢ ᠮᠡᠳᠡᠭᠳᠡᠬᠦ ᠬᠤᠷᠠᠯ ᠬᠤᠷᠠᠯᠳᠤᠵᠤ᠂ ᠪᠥᠬᠦ ᠬᠤᠰᠢᠭᠤᠨ ᠤ ᠠᠵᠢᠯ  ᠎ ᠠᠴᠠ ᠪᠠᠨ ᠠᠮᠠᠷᠠᠭᠰᠠᠨ ᠪᠠ ᠳᠠᠷᠬᠠᠯᠠᠭᠳᠠᠭᠰᠠᠨ ᠠᠬᠠᠮᠠᠳ ᠺᠠᠳ᠋ᠷᠴᠤᠳ ᠤᠨ ᠲᠥᠯᠥᠭᠡᠯᠡᠭᠴᠢᠳ ᠲᠤ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠵᠢᠦ  ᠫᠦᠸᠧ᠂ ᠬᠤᠰᠢᠭᠤᠨ  ᠳᠡᠳ᠋ ᠳᠠᠷᠤᠭ᠎ᠠ  ᠳᠤᠪᠳᠤᠨᠰᠡᠩᠭᠡ ᠬᠤᠷᠠᠯ ᠳᠤ ᠣᠷᠣᠯᠴᠠᠵᠠᠢ᠃        ᠵᠠᠩ ᠵᠢᠦ ᠫᠦᠸᠧ ᠶᠠᠷᠢᠶᠠᠨ ᠳᠠᠭᠠᠨ ᠶᠠᠭᠤᠨ ᠤ ᠤᠷᠢᠳ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠎ ᠢ ᠲᠥᠯᠥᠭᠡᠯᠡᠨ ᠪᠥᠬᠦ ᠬᠤᠰᠢᠭᠤᠨ ᠤ ᠠᠵᠢᠯ  ᠎ ᠠᠴᠠ ᠪᠠᠨ ᠳᠠᠷᠬᠠᠯᠠᠭᠳᠠᠭᠰᠠᠨ ᠪᠠ ᠠᠵᠢᠯ  ᠎ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠥᠬᠦᠳ ᠲᠤ ᠴᠠᠭᠠᠨ ᠰᠠᠷ᠎ᠠ  ᠎ ᠶᠢᠨ ᠪᠠᠶᠠᠷ ᠬᠦᠷᠭᠡᠪᠡ᠃ ᠬᠤᠷᠠᠯ ᠠᠴᠠ᠂ ᠠᠬᠠᠮᠠᠳ ᠺᠠᠳ᠋ᠷᠴᠤᠳ  ᠪᠤᠯ ᠤᠩᠨᠢᠭᠤᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠳᠤᠲᠠᠭᠳᠠᠵᠤ ᠪᠣᠯᠣᠰᠢ ᠦᠭᠡᠢ ᠴᠢᠬᠤᠯᠠ ᠬᠦᠴᠦᠨ ᠵᠦᠢᠯ ᠮᠥᠨ᠃ ᠦᠷᠭᠡᠨ ᠤᠯᠠᠨ ᠠᠬᠠᠮᠠᠳ ᠺᠠᠳ᠋ᠷᠴᠤᠳ ᠥᠩᠭᠡᠷᠡᠭᠰᠡᠨ ᠲᠠᠢ ᠪᠠᠨ ᠠᠳᠠᠯᠢ ᠪᠠᠷ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠭᠤᠣᠯᠳᠠᠯᠭ᠎ᠠ ᠲᠠᠢ ᠲᠥᠷᠥᠯ ᠵᠦᠢᠯ ᠪᠠ ᠭᠤᠣᠯᠳᠠᠯᠭ᠎ᠠ ᠲᠠᠢ ᠠᠵᠢᠯ ᠢ ᠳᠡᠮᠵᠢᠵᠦ᠂  ᠰᠠᠨᠠᠯ ᠰᠠᠨᠠᠭᠤᠯᠭ᠎ᠠ ᠪᠠᠨ  ᠢᠯᠡᠭᠦᠬᠡᠨ ᠳᠤᠷᠠᠳᠴᠤ᠂ ᠦᠷᠭᠦᠯᠵᠢᠯᠡᠨ  ᠬᠡᠪ ᠳᠠᠭᠤᠷᠢᠶᠠᠯ ᠪᠤᠯᠬᠤ ᠦᠢᠯᠡᠳᠥᠯ ᠢᠶᠠᠨ  ᠪᠠᠳᠠᠷᠠᠭᠤᠯᠬᠤ ᠶᠢ ᠬᠦᠰᠡᠭᠰᠡᠨ ᠪᠠᠶᠢᠨ᠎ᠠ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠬᠠᠮᠠᠳ ᠺᠠᠳ᠋ᠷᠴᠤᠳ ᠤᠨ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠨᠠᠮ ᠤᠨ ᠠᠬᠠᠮᠠᠳ ᠺᠠᠳ᠋ᠷᠴᠤᠳ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠦᠨᠡᠨ ᠬᠦ  ᠪᠣᠳᠠᠳᠠᠶᠢᠵᠢᠭᠤᠯᠬᠤ ᠬᠡᠷᠡᠭᠳᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠬᠠᠮᠠᠳ ᠺᠠᠳ᠋ᠷᠴᠤᠳ ᠤᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠲᠠᠯ᠎ᠠ ᠪᠠᠷ ᠬᠦᠨᠳᠦᠳᠬᠡᠵᠦ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠵᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠵᠤ᠂  ᠠᠬᠠᠮᠠᠳ ᠺᠠᠳ᠋ᠷᠴᠤᠳ ᠤᠨ ᠬᠦᠷᠲᠡᠮᠵᠢ ᠶᠢᠨ ᠲᠥᠷᠥᠭᠳᠡᠯ᠂  ᠵᠣᠯ ᠵᠢᠷᠭᠠᠯᠲᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号