ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ  ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/2/1
         1 ᠰᠠᠷ᠎ᠠ ᠶᠢᠨ 26 ᠤ ᠦᠳᠡ ᠶᠢᠨ ᠬᠤᠶᠢᠨ᠎ᠠ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠮᠵᠢᠯᠲᠠ ᠲᠠᠢ ᠲᠡᠭᠦᠰᠪᠡ᠃         ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠵᠠᠩ ᠭᠦᠸᠧ ᠬᠤᠸᠠ᠂  ᠮᠥᠩᠬᠡ᠂ ᠯᠢ ᠢᠦᠢ ᠲᠢᠩ᠂ ᠬᠥᠭᠵᠢᠯᠲᠦ᠂ ᠰᠦᠨ ᠮᠢᠩ ᠲᠤᠤ᠂ ᠯᠤᠸᠠᠨ ᠱᠧᠦ ᠦ᠋᠂ ᠣᠳᠣᠨᠴᠢᠮᠡᠭ᠂ ᠵᠧᠩ ᠱᠧᠦ ᠰᠢᠤᠸᠠᠢ᠂ ᠯᠢᠨ ᠬᠣ᠋ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃  ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃         ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 226 ᠬᠥᠮᠥᠨ᠂ ᠪᠣᠳᠠᠲᠠᠢ ᠣᠷᠣᠯᠴᠠᠬᠤ ᠲᠥᠯᠥᠭᠡᠯᠡᠭᠴᠢ198  ᠨᠡᠷ᠎ᠡ᠂ ᠬᠠᠤᠯᠢ ᠳᠤ ᠲᠣᠭᠲᠠᠭᠠᠭᠰᠠᠨ ᠬᠥᠮᠥᠨ ᠤ ᠲᠣᠭᠠᠨ ᠳᠤ ᠨᠡᠶᠢᠴᠡᠨ᠎ᠡ᠃         ᠶᠡᠭᠡ ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ︔ ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ 1 ᠬᠥᠮᠥᠨ᠂ ᠭᠡᠰᠢᠭᠦᠨ 5 ᠬᠥᠮᠥᠨ ᠢ ᠨᠥᠬᠦᠨ ᠰᠣᠩᠭᠤᠪᠠ︔ ᠣᠩᠨᠢᠭᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ 1 ᠪᠠᠶᠢᠴᠠᠭᠠᠬᠤ ᠳᠠᠷᠤᠭ᠎ᠠ ᠶᠢ ᠨᠥᠬᠦᠨ ᠰᠣᠩᠭᠤᠪᠠ︔ 2024 ᠣᠨ ᠤ ᠣᠩᠨᠢᠭᠤᠳ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 7 ᠲᠥᠷᠥᠯ ᠵᠦᠢᠯ ᠢ ᠪᠢᠯᠧᠲ ᠥᠭᠬᠦ ᠪᠠᠷ ᠲᠣᠭᠲᠠᠪᠠ︔ 2023 ᠣᠨ ᠳᠤ ᠫᠢᠶᠣᠣ ᠥᠭᠴᠦ ᠲᠠᠰᠤᠯᠤᠨ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠲᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠪᠡ᠃        ᠶᠡᠭᠡ ᠬᠤᠷᠠᠯ   ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠮᠥᠩᠬᠡ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ   ᠢ ᠵᠥᠪᠰᠢᠶᠡᠷᠡᠪᠡ︔ ︽ᠣᠩᠨᠢᠭᠤᠳ ᠬᠤᠰᠢᠭᠤᠨ ᠤ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ︾ ᠶᠢ ᠵᠥᠪᠰᠢᠶᠡᠷᠡᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠤᠷᠠᠳᠤᠭᠰᠠᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠪᠡ︔ ︽ᠣᠩᠨᠢᠭᠤᠳ ᠬᠤᠰᠢᠭᠤᠨ ᠤ 2023 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ︾ ᠶᠢ ᠵᠥᠪᠰᠢᠶᠡᠷᠡᠵᠦ᠂ ᠣᠩᠨᠢᠭᠤᠳ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠥᠪ ᠢ ᠵᠥᠪᠰᠢᠶᠡᠷᠡᠪᠡ᠃        ᠶᠡᠭᠡ ᠬᠤᠷᠠᠯ ᠡᠴᠠ‌ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠤᠸᠠᠨ ᠱᠧᠦ ᠦ᠋ ᠶᠢᠨ ᠬᠢᠭᠰᠡᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠢ ᠵᠥᠪᠰᠢᠶᠡᠷᠡᠪᠡ᠃ ᠰᠦᠨ ᠶᠠᠨ ᠬᠤᠩ ᠤᠨ ᠬᠢᠭᠰᠡᠨ ᠣᠩᠨᠢᠭᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠳᠡᠳ᠋ ᠪᠠᠶᠢᠴᠠᠭᠠᠬᠤ ᠳᠠᠷᠤᠭ᠎ᠠ ᠲᠠᠩ ᠵᠠᠨ ᠰᠢᠤᠸᠠᠢ ᠶᠢᠨ ᠬᠢᠭᠰᠡᠨ ᠣᠩᠨᠢᠭᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠵᠥᠪᠰᠢᠶᠡᠷᠡᠪᠡ᠃       ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠳᠠᠷᠤᠭ᠎ᠠ ᠯᠤᠸᠠᠨ ᠱᠧᠦ ᠦ᠋ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠨᠠᠮ ᠤᠨ ᠦᠢᠯᠡᠰ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠣᠩᠨᠢᠭᠤᠳ ᠬᠤᠰᠢᠭᠤᠨ ᠤ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ᠂  ᠴᠢᠩᠭ᠎ᠠ ᠡᠭᠦᠷᠭᠡ ᠬᠠᠷᠢᠭᠤᠴᠠᠯᠭ᠎ᠠ ᠪᠣᠯᠣᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠲᠥᠪᠯᠡᠷᠡᠩᠭᠦᠢ ᠢᠯᠡᠷᠡᠭᠦᠯᠦᠭᠰᠡᠨ ᠪᠠᠶᠢᠨ᠎ᠠ  ᠭᠡᠵᠠᠢ᠃       ᠯᠤᠸᠠᠨ ᠱᠧᠦ ᠦ᠋ ᠵᠢᠭᠠᠵᠤ ᠭᠠᠷᠭᠠᠭᠰᠠᠨ ᠨᠢ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠡᠭᠡᠳᠦ ᠵᠣᠭᠰᠣᠴᠠ ᠪᠠᠷ ᠶᠡᠭᠡ ᠲᠠᠯ᠎ᠠ ᠳᠤ ᠦᠢᠯᠡᠴᠢᠯᠡᠨ᠂ ᠥᠨᠳᠥᠷ ᠬᠢᠷᠢ ᠲᠦᠪᠰᠢᠨ ᠢᠶᠠᠷ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ ᠡᠷᠬᠡ ᠪᠠᠨ ᠬᠡᠷᠡᠭᠵᠢᠭᠦᠯᠦᠨ᠂ ᠥᠨᠳᠥᠷ ᠦᠷ᠎ᠡ ᠪᠦᠲᠦᠮᠵᠢ ᠲᠠᠢ ᠪᠠᠷ ᠲᠥᠯᠥᠭᠡᠯᠡᠬᠦ ᠬᠦᠴᠦᠨ ᠢ ᠨᠢᠭᠲᠠᠷᠠᠭᠤᠯᠵᠤ᠂ ᠥᠨᠳᠥᠷ ᠪᠠᠷᠢᠮᠵᠢᠶ᠎ᠠ ᠪᠠᠷ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠰᠡᠨ ᠪᠠᠶᠢᠨ᠎ᠠ᠃      ᠲᠥᠯᠥᠭᠡᠯᠡᠭᠴᠢᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ ᠪᠦᠯᠬᠦᠮᠳᠡᠨ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠡᠷᠡᠯᠬᠡᠭ ᠪᠠᠭᠠᠲᠤᠷᠯᠢᠭ ᠢᠶᠠᠷ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠩᠨᠢᠭᠤᠳ ᠬᠤᠰᠢᠭᠤᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠰᠦᠭᠡᠢ ᠭᠡᠵᠦ ᠶᠡᠭᠡ ᠬᠤᠷᠠᠯ ᠠᠴᠠ ᠤᠷᠢᠶᠠᠯᠠᠵᠠᠢ᠃       ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠲᠠᠷᠠᠭ᠎ᠠ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠢᠯᠠᠯᠲᠠ ᠲᠠᠢ ᠪᠠᠷ ᠲᠡᠭᠦᠰᠪᠡ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号