ᠮᠠᠨ ᠤ ᠬᠤᠰᠢᠭᠤ ︽ᠴᠠᠭᠠᠨ ᠰᠠᠷ᠎ᠠ ᠪᠠᠨ ᠤᠭᠲᠤᠬᠤ ᠳᠤᠮᠳᠠᠳᠤ ᠶᠢᠨ ᠦᠨᠳᠥᠰᠥᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ  ᠵᠠᠯᠭᠠᠮᠵᠢᠯᠠᠵᠤ ᠯᠣᠣ ᠶᠢᠨ ᠰᠤᠶᠤᠯ  ᠤᠨ ᠤᠯᠠᠮᠵᠢᠯᠠᠭᠴᠢ ᠪᠤᠯᠬᠤ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ︾  ᠥᠷᠨᠢᠭᠦᠯᠪᠡ
ᠨᠡᠶᠢᠲᠡᠯᠡᠭᠰᠡᠨ ᠴᠠᠭ᠄
2024/2/1
       1 ᠰᠠᠷ᠎ᠠ ᠶᠢᠨ 29 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠩᠨᠢᠭᠤᠳ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠬᠠᠮᠲᠤᠷᠠᠨ ᠣᠩᠨᠢᠭᠤᠳ ᠬᠤᠰᠢᠭᠤᠨ ᠤ  ᠴᠠᠭᠠᠨ ᠰᠠᠷ᠎ᠠ ᠪᠠᠨ ᠤᠭᠲᠤᠬᠤ ᠳᠤᠮᠳᠠᠳᠤ ᠶᠢᠨ ᠦᠨᠳᠥᠰᠥᠳᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ ︽ᠯᠣᠸ ᠶᠢᠨ ᠰᠤᠶᠤᠯ ᠤᠨ  ᠤᠯᠠᠮᠵᠢᠯᠠᠭᠴᠢ ᠪᠣᠯᠬᠤ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠡᠷᠭᠢᠯᠡᠪᠡ᠃ ᠤᠷᠠᠨ ᠪᠢᠴᠢᠯᠭᠡᠳᠡᠨ ᠵᠢᠷᠤᠭᠴᠢᠳ ᠤᠨ ᠨᠡᠶᠢᠭᠡᠮᠯᠢᠭ᠂ ᠤᠳᠬ᠎ᠠ ᠤᠷᠠᠯᠢᠭ ᠤᠨ ᠰᠠᠶᠢᠨ ᠳᠤᠷᠠᠴᠤᠳ ᠤᠨ ᠨᠡᠶᠢᠭᠡᠮᠯᠢᠭ ᠤᠨ 20  ᠭᠠᠷᠤᠢ ᠤᠷᠠᠨ ᠪᠢᠴᠢᠯᠭᠡ᠂ ᠤᠷᠠᠨ ᠵᠢᠷᠤᠭ᠂ ᠴᠠᠭᠠᠰᠤᠨ ᠬᠠᠶᠢᠴᠢᠯᠠᠮᠠᠯ ᠵᠡᠷᠭᠡ ᠲᠠᠯ᠎ᠠ ᠶᠢᠨ ᠤᠷᠠᠯᠢᠭᠴᠢᠳ   ᠢ ᠤᠷᠢᠵᠤ ᠠᠵᠢᠯᠯᠠᠭ᠎ᠠ ᠳᠤ  ᠣᠷᠣᠯᠴᠠᠭᠤᠯᠪᠠ᠃         ᠪᠢᠯᠢᠭ ᠤᠨ ᠤᠯᠠᠷᠢᠯ ᠤᠨ ᠯᠤᠤ ᠵᠢᠯ ᠤᠳᠠᠯ ᠦᠭᠡᠢ ᠬᠦᠷᠴᠥ ᠢᠷᠡᠬᠦ ᠭᠡᠵᠥ ᠪᠠᠶᠢᠭ᠎ᠠ ᠡᠨᠡᠬᠦ ᠰᠠᠶᠢᠬᠠᠨ ᠴᠠᠭ ᠮᠦᠴᠡ ᠳᠤ᠂ ᠯᠣᠸ  ᠭᠠᠷᠤᠳᠢ ᠶᠢᠨ  ᠦᠯᠵᠡᠶᠢᠳᠥ ᠨᠤᠲᠤᠭ ᠤᠩᠨᠢᠭᠤᠳ ᠬᠤᠰᠢᠭᠤᠨ ᠤ 11882  ᠲᠡᠭᠰᠢ ᠳᠦᠷᠪᠡᠯᠵᠢᠨ  ᠺᠢᠯᠤᠮᠧᠲᠷ ᠨᠤᠲᠤᠭ ᠲᠡᠪᠢᠰᠭᠡᠷ ᠤᠨ ᠦᠨᠴᠥᠭ ᠪᠤᠯᠤᠩ ᠬᠦᠷᠲᠡᠯ᠎ᠡ ᠬᠦᠭᠵᠢᠶᠡᠨ ᠨᠠᠷᠭᠢᠶᠠᠨ ᠢᠶᠠᠷ ᠪᠢᠯᠬᠠᠵᠤ ᠪᠠᠶᠢᠯ᠎ᠠ᠃        ᠠᠵᠢᠯᠯᠠᠭ᠎ᠠ  ᠳᠡᠭᠡᠷ᠎ᠡ ︽ ᠯᠣᠣ︾  ᠰᠤᠶᠤᠯ ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ   ᠢ 30  ᠭᠠᠷᠤᠢ ᠬᠤᠪᠢ ᠳᠡᠯᠭᠡᠨ ᠦᠵᠡᠭᠦᠯᠵᠦ᠂ ᠲᠤᠬᠠᠢ   ᠶᠢᠨ ᠲᠠᠯᠠᠪᠠᠶ ᠳᠤ ︽ ᠯᠣᠣ︾ ᠰᠤᠶᠤᠯ ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ   ᠢ 60 ᠬᠤᠪᠢ ᠤᠷᠠᠯᠠᠨ ᠪᠦᠲᠦᠭᠡᠪᠡ︔  ᠤᠷᠠᠨ  ᠪᠢᠴᠢᠯᠭᠡᠳᠡᠳ ᠤᠷᠠᠯᠠᠭᠰᠠᠨ ᠬᠤᠤᠰ ᠤᠶᠠᠩᠭ᠎ᠠ ᠵᠡᠷᠭᠡ ᠪᠠᠨ ᠪᠡᠯᠡᠭᠯᠡᠨ  ᠬᠦᠷᠭᠡᠬᠦ ᠶᠢᠨ ᠬᠠᠮᠲᠤ ᠲᠤᠬᠠᠢ   ᠶᠢᠨ ᠲᠠᠯᠠᠪᠠᠶ‌‍ᠳᠤ ᠴᠠᠭᠠᠨ ᠰᠠᠷ᠎ᠠ   ᠶᠢᠨ  ᠬᠤᠤᠰ ᠤᠶᠠᠩᠭ᠎ᠠ  ᠵᠡᠷᠭᠡ ᠶᠢ 500 ᠭᠠᠷᠤᠢ ᠬᠤᠪᠢ  ᠪᠢᠴᠢᠨ  ᠬᠦᠷᠭᠡᠪᠡ᠃       ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠥᠷᠭᠡᠨ ᠣᠯᠠᠨ ᠬᠤᠲᠠ ᠶᠢᠨ ᠠᠷᠠᠳ ᠯᠣᠸ ᠶᠢᠨ ᠳᠣᠮᠤᠭ ᠶᠠᠷᠢᠶ᠎ᠠ᠂ ᠪᠡᠯᠭᠡᠳᠡᠯ ᠤᠨ ᠤᠳᠬ᠎ᠠ ᠠᠭᠤᠯᠭ᠎ᠠ ᠪᠠ ᠰᠣᠶᠣᠯ ᠤᠨ ᠠᠭᠤᠯᠬᠤᠨ ᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠥᠰᠥᠳᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠢ ᠢᠲᠡᠭᠡᠯ ᠢᠶᠠᠨ ᠨᠡᠮᠡᠭᠳᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠠᠵᠢᠯᠯᠠᠭ᠎ᠠ ᠨᠢ ᠤᠷᠠᠯᠢᠭᠴᠢᠳ ᠤᠨ ᠬᠤᠭᠤᠷᠣᠨᠳᠣᠬᠢ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠵᠤ᠂ ᠬᠤᠭᠤᠷᠣᠨᠳᠣᠬᠢ ᠣᠶᠢᠯᠠᠭᠠᠯᠴᠠᠭ᠎ᠠ ᠪᠠ ᠨᠥᠬᠦᠷᠯᠡᠯ   ᠢ   ᠨᠢ  ᠵᠤᠵᠠᠭᠠᠳᠬᠠᠭᠰᠠᠨ ᠪᠠᠶᠢᠨ᠎ᠠ᠃  
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号