| 2023 ᠣᠨ ᠳᠤ᠂ ᠮᠠᠨ ᠤ ᠬᠤᠰᠢᠭᠤ ︽ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ | ᠪᠥᠬᠦ ᠲᠠᠯ᠎ᠠ ᠪᠠᠷ ᠡᠬᠢᠯᠡᠭᠦᠯᠵᠦ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 206 ᠲᠦᠮᠡᠨ | ᠺᠢᠯᠣᠸᠠᠲ ᠤᠨ ᠰᠢᠨ᠎ᠡ ᠡᠨᠧᠷᠭᠢ ᠶᠢᠨ 5 ᠲᠥᠷᠥᠯ ᠵᠦᠢᠯ ᠢ ᠵᠠᠯᠭᠠᠭ᠎ᠠ ᠪᠠᠷ ᠡᠬᠢᠯᠡᠨ ᠪᠠᠶᠢᠭᠤᠯᠪᠠ᠃ ᠡᠭᠦᠨ ᠳᠤ ᠳ᠋ᠠ | ᠲᠠᠩ ᠺᠤᠮᠫᠠᠨᠢ ᠶᠢᠨ 20 ᠲᠦᠮᠡᠨ ᠺᠢᠯᠣᠸᠠᠲ᠂ ᠵᠥᠩ ᠭᠤᠸᠠᠩ ᠴᠥᠮ᠎ᠡ ᠶᠢᠨ ᠺᠤᠮᠫᠠᠨᠢ ᠶᠢᠨ 10 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠪᠥᠬᠦ ᠪᠠᠭᠲᠠᠭᠠᠮᠵᠢ ᠶᠢ ᠲᠣᠣᠷ ᠲᠤ ᠨᠡᠶᠢᠯᠡᠭᠦᠯᠦᠨ ᠴᠠᠬᠢᠯᠭᠠᠨ | ᠲᠦᠭᠡᠭᠡᠵᠥ᠂ ᠪᠥᠬᠦ ᠬᠤᠲᠠ ᠳᠤ ᠬᠠᠮᠤᠭ ᠤᠨ ᠲᠦᠷᠦᠭᠦᠨ ᠳᠤ ᠬᠤᠷᠴᠢᠨ ᠤ ᠡᠯᠡᠰᠦᠷᠬᠡᠭ ᠭᠠᠵᠠᠷ ᠤᠨ ᠠᠮᠢ | ᠠᠬᠤᠢ ᠶᠢᠨ ᠵᠠᠰᠠᠯᠲᠠ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠠᠷᠢᠮᠵᠢᠶᠠᠲᠤ ᠲᠤᠷᠰᠢᠯᠲᠠ ᠶᠢᠨ ᠲᠥᠷᠥᠯ | ᠵᠦᠢᠯ ᠢ ᠡᠬᠢᠯᠡᠭᠦᠯᠦᠭᠰᠡᠨ ᠪᠠᠶᠢᠨ᠎ᠠ᠃ | 2024 ᠣᠨ ᠳᠤ᠂ ᠮᠠᠨ ᠤ ᠬᠤᠰᠢᠭᠤ ᠰᠢᠨ᠎ᠡ ᠡᠨᠧᠷᠭᠢ ᠶᠢᠨ ᠲᠦᠷᠭᠡᠨ ᠬᠥᠭᠵᠢᠯᠲᠡ ᠶᠢᠨ ᠲᠡᠦᠬᠡᠲᠦ | ᠴᠢᠨᠠᠷ ᠲᠠᠢ ᠠᠵᠠ ᠲᠣᠬᠢᠶᠠᠯ ᠢ ᠠᠮᠵᠢᠨ᠂ ᠭᠦᠸᠧ ᠹᠧᠩ᠂ ᠶᠤᠸᠠᠨ ᠵᠢᠩ ᠵᠡᠷᠭᠡ 5 ᠰᠢᠨ᠎ᠡ ᠡᠨᠧᠷᠭᠢ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠪᠤᠯᠤᠨ᠎ᠠ᠃ ᠠᠯᠢ ᠴᠢᠳᠠᠬᠤ ᠪᠠᠷ | ᠬᠤᠸᠠ ᠨᠧᠩ ᠺᠤᠮᠫᠠᠨᠢ ᠶᠢᠨ 170 ᠲᠦᠮᠡᠨ ᠺᠢᠯᠣᠸᠠᠲ᠂ ᠵᠥᠩ ᠭᠤᠸᠠᠩ ᠴᠥᠮ᠎ᠡ ᠶᠢᠨ ᠺᠤᠮᠫᠠᠨᠢ ᠶᠢᠨ 100 | ᠲᠦᠮᠡᠨ ᠺᠢᠯᠣᠸᠠᠲ᠂ ᠳ᠋ᠠ ᠲᠠᠩ ᠺᠤᠮᠫᠠᠨᠢ ᠶᠢᠨ 100 ᠲᠦᠮᠡᠨ ᠺᠢᠯᠣᠸᠠᠲ ᠵᠡᠷᠭᠡ ᠰᠢᠨ᠎ᠡ ᠡᠨᠧᠷᠭᠢ ᠶᠢᠨ 3 ᠲᠣᠮᠣ | ᠰᠠᠭᠤᠷᠢᠨ ᠭᠠᠵᠠᠷ ᠤᠨ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠥᠨ᠎ᠡ᠃ ᠰᠢᠨ᠎ᠡ | ᠡᠨᠧᠷᠭᠢ ᠶᠢ ᠤᠯᠠᠷᠢᠭᠤᠯᠤᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ | ᠨᠡᠮᠡᠭᠳᠡᠯ ᠲᠠᠢ ᠴᠠᠬᠢᠯᠭᠠᠨ ᠲᠦᠭᠡᠭᠡᠬᠦ ᠲᠣᠣᠷ ᠢ ᠡᠬᠢᠯᠡᠨ ᠬᠡᠷᠡᠭᠵᠢᠭᠦᠯᠵᠦ᠂ 100 ᠲᠦᠮᠡᠨ ᠲᠣᠨ ᠰᠢᠨ᠎ᠡ | ᠮᠠᠲ᠋ᠧᠷᠢᠶᠠᠯ ᠤᠨ ᠬᠠᠶᠢᠯᠤᠰᠢ ᠶᠢᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠪᠠᠷᠢᠯᠭ᠎ᠠ ᠶᠢᠨ | ᠪᠦᠲᠥᠭᠡᠨ ᠪᠠᠶᠢᠭᠤᠯᠤᠯᠳᠠ ᠶᠢ ᠠᠬᠢᠭᠤᠯᠵᠤ᠂ ᠲᠡᠷᠢᠭᠦᠨ ᠤ ᠪᠣᠬᠢᠷᠲᠤᠯ ᠦᠭᠡᠢ ᠥᠨᠳᠥᠷ ᠠᠴᠢᠶᠠᠯᠠᠪᠤᠷᠢ ᠶᠢᠨ ᠲᠥᠷᠥᠯ | ᠵᠦᠢᠯ ᠢ ᠪᠥᠬᠦ ᠬᠦᠴᠦᠨ ᠢᠶᠠᠷ ᠢᠶᠠᠨ ᠨᠠᠩ ᠣᠯᠠᠨ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠶᠢ ᠲᠤᠬᠠᠢ ᠶᠢᠨ | ᠭᠠᠵᠠᠷ ᠲᠤᠨᠢ ᠰᠢᠩᠭᠡᠭᠡᠬᠦ ᠬᠠᠷᠢᠴᠠᠯ ᠢ ᠳᠡᠭᠡᠭᠰᠢᠯᠡᠭᠦᠯᠦᠨ᠎ᠡ᠃ ᡂᠢ ᠴᠧᠩ ᠰᠢᠨ᠎ᠡ ᠡᠨᠧᠷᠭᠢ ᠶᠢᠨ ᠰᠠᠯᠬᠢᠨ ᠬᠦᠴᠦᠨ ᠤ | ᠮᠠᠰᠢᠨ ᠤ ᠰᠤᠪᠤᠷᠭ᠎ᠠ ᠶᠢᠨ ᠬᠤᠶᠠᠳᠤᠭᠠᠷ ᠬᠤᠭᠤᠴᠠᠭ᠎ᠠ᠂ ᠱᠤᠸᠠᠩ ᠶᠤᠸᠠᠨ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ | ᠲᠦᠷᠭᠡᠳᠬᠡᠨ ᠠᠬᠢᠭᠤᠯᠵᠤ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠬᠠᠳᠠᠭᠠᠯᠠᠬᠤ ᠲᠥᠬᠦᠭᠡᠷᠦᠮᠵᠢ | ᠂ ᠬᠠᠭᠤᠴᠢᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠣᠷᠴᠢᠯ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠵᠤ᠂ ᠠᠵᠤ | ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠢ ᠨᠢ ᠥᠷᠭᠡᠳᠬᠡᠨ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠵᠦ᠂ | ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ | |