2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠨᠢᠭᠡ︶
ᠨᠡᠶᠢᠲᠡᠯᠡᠭᠰᠡᠨ ᠴᠠᠭ᠄
2024/2/18
        ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠨᠢᠭᠡ︶                                                                    — 2024 ᠣᠨ ᠤ 1  ᠰᠠᠷ᠎ᠠ ᠶᠢᠨ  25  ᠡᠳᠦᠷ                   ᠣᠩᠨᠢᠭᠤᠳ ᠬᠤᠰᠢᠭᠤᠨ ᠳᠤ                                                                          ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ                   ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                                                                                                                                                  ᠬᠤᠰᠢᠭᠤᠨ ᠲᠠᠷᠤᠭ᠎ᠠ   ᠮᠥᠩᠬᠡᠲᠥᠯᠥᠭᠡᠯᠡᠭᠴᠢᠳ ᠡ᠄         ᠣᠲᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂  ᠲᠡᠷᠡᠴᠢᠯᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃                  ᠨᠢᠭᠡ᠂ 2023 ᠣᠨ ᠤ ᠠᠵᠢᠯ ᠤᠨ ᠳ᠋ᠦᠩᠨᠡᠯᠳᠡ          2023 ᠣᠨ ᠪᠣᠯ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠬᠤ ᠡᠬᠢᠯᠡᠯᠳᠡ ᠶᠢᠨ ᠵᠢᠯ ᠮᠦᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠎ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠬᠤᠭᠤᠴᠠᠭᠠᠨ ᠤ ᠳᠠᠷᠠᠭᠠᠬᠢ ᠠᠵᠤ ᠠᠬᠤᠢ  ᠶᠢ ᠰᠡᠷᠭᠦᠭᠡᠨ ᠭᠥᠭᠵᠢᠭᠦᠯᠬᠦ‍ ᠨᠢᠭᠡ ᠵᠢᠯ ᠪᠣᠯᠤᠨ᠎ᠠ  ᠃ ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠱᠣᠭᠤᠮ ᠪᠣᠯᠭᠠᠵᠣ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂  ᠦᠭᠡᠷᠡᠴᠢᠯᠡᠯᠲᠡ ᠬᠥᠭᠵᠢᠯᠲᠡ ᠲᠤᠭᠲᠠᠭᠤᠨ ᠪᠠᠶᠢᠬᠤ ᠡᠯ᠎ᠡ ᠲᠦᠷᠦᠯ ᠤᠨ ᠠᠵᠢᠯ ᠢ ᠨᠢᠭᠡᠳᠦᠯᠲᠠᠢ ᠲᠥᠯᠥᠪᠵᠢᠭᠦᠯᠦᠨ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠢᠳᠡᠷᠡᠭᠦᠨ ᠠᠯᠬᠤᠭ᠎ᠠ ᠎ ᠪᠠᠷ ᠣᠷᠣᠭᠰᠢᠯᠠᠵᠠᠢ᠃         ᠡᠨᠡ ᠨᠢᠭᠡ ᠵᠢᠯ ᠳᠤ᠂ ᠪᠢᠳᠡ ᠨᠡᠮᠡᠭᠳᠡᠯ ᠢ ᠲᠣᠭᠲᠠᠪᠤᠷᠢᠵᠢᠭᠤᠯᠬᠤ᠂ ᠡᠷᠭᠢᠯᠲᠡ ᠶᠢ ᠠᠳᠬᠤᠬᠤ ᠪᠠᠷ ᠴᠢᠷᠮᠠᠶᠢᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠡᠭᠰᠢᠯᠡᠯᠲᠡ ᠲᠠᠢ ᠪᠣᠯᠪᠠ  ᠃ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠲᠤ ᠪᠠᠷᠢᠮᠲᠠᠯᠠᠵᠤ᠂ ᠠᠵᠤ ᠠᠬᠤᠶ ᠶᠢᠨ ᠡᠷᠭᠢᠯᠲᠡ᠂  ᠲᠥᠷᠥᠯ ᠵᠦᠶᠯ ᠎ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂  ᠵᠡᠷᠭᠡ ᠠᠵᠢᠯ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠦᠷᠭᠦᠯᠵᠢᠯᠡᠨ ᠰᠠᠶᠢᠵᠢᠷᠠᠬᠤ ᠶᠢ ᠬᠦᠴᠦᠲᠡᠶ ᠠᠬᠢᠭᠤᠯᠪᠠ  ᠃ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 181.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 4.5 %᠎ ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 53 . 5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 15  %᠎ ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 7.9  %᠎ ᠳᠤ ᠬᠥᠷᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 38 ᠳ᠋ᠦᠩᠰᠢᠭᠤᠷ ᠲᠥᠭᠦᠷᠢᠭ  ᠪᠡᠶᠡᠯᠡᠭᠦᠯᠵᠦ᠂ 9.4 %᠎ ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠪᠠ ᠵᠠᠷᠤᠯᠭ᠎ᠠ ᠶᠢ 9 . 5 ᠳ᠋ᠦᠩᠰᠢᠭᠤᠷ ᠲᠥᠭᠦᠷᠢᠭ᠂ 58 . 7 ᠳ᠋ᠦᠩᠰᠢᠭᠤᠷ ᠲᠥᠭᠦᠷᠢᠭ ᠲᠤ ᠬᠦᠷᠭᠡᠵᠦ᠂ ᠲᠣᠰ ᠲᠣᠰ 94 % ᠪᠠ 33 %᠎ ᠪᠠᠷ ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 36126 ᠲᠥᠭᠦᠷᠢᠭ ᠪᠠ 16317 ᠲᠥᠭᠦᠷᠢᠭ ᠲᠤ ᠬᠦᠷᠴᠦ᠂ ᠲᠣᠰ ᠲᠣᠰ 5 . 1 % ᠪᠠ 7 . 8 %᠎ ᠪᠠᠷ ᠨᠡᠮᠡᠭᠳᠡᠪᠡ᠃ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ 56 ᠲᠥᠷᠥᠯ ᠵᠦᠢᠯ ᠢ  ᠬᠡᠷᠡᠭᠵᠢᠭᠦᠯᠵᠦ᠂ ᠠᠷᠠᠯᠵᠢᠶᠠᠴᠢᠨ  ᠤᠷᠢᠵᠤ ᠪᠣᠭᠤᠮᠲᠠ ᠰᠢᠪᠲᠤᠯᠬᠤ 5 ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ᠂ 2023 ᠣᠨ ᠤ ︽ᠤᠯᠠᠭᠠᠨᠬᠠᠳᠠᠴᠤᠤᠯ ᠤᠨ ᠨᠤᠲᠤᠭ ᠤᠨ ᠠᠶᠠᠯᠠᠯ︾ ᠵᠢᠴᠢ ᠰᠢᠨ᠎ᠡ ᠡᠨᠧᠷᠭᠢ ᠶᠢᠨ ᠠᠵᠤ  ᠦᠢᠯᠡᠰ ᠤᠨ ᠠᠷᠠᠯᠵᠢᠶᠠᠴᠢᠨ ᠤᠷᠢᠬᠤ ᠰᠣᠷᠳᠠᠯᠴᠢᠯᠠᠭ᠎ᠠ ᠶᠢᠨ ᠬᠤᠷᠠᠯ ᠢ ᠡᠷᠭᠢᠯᠡᠵᠦ᠂ ᠪᠥᠬᠦ ᠵᠢᠯ ᠳᠤ ᠠᠷᠠᠯᠵᠢᠶᠠᠴᠢᠨ  ᠤᠷᠢᠬᠤ 57 ᠲᠥᠷᠥᠯ  ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠨᠡᠶᠢᠲᠡ 136 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠵᠦᠪᠳᠡᠯᠴᠡᠪᠠ᠃  ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 36 . 8 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠠᠶᠢᠯᠢ ᠶᠢ 1 . 2 ᠳ᠋ᠦᠩᠰᠢᠭᠤᠷ ᠲᠥᠭᠦᠷᠢᠭ ᠬᠠᠰᠤᠵᠤ ᠰᠦᠢᠳᠬᠡᠯ ᠢ ᠪᠠᠭᠤᠷᠠᠭᠤᠯᠪᠠ᠃ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠶᠢ 216 ᠳ᠋ᠦᠩᠰᠢᠭᠤᠷ ᠲᠥᠭᠦᠷᠢᠭ ᠪᠠ 170 ᠳ᠋ᠦᠩᠰᠢᠭᠤᠷ ᠲᠥᠭᠦᠷᠢᠭ ᠲᠤ ᠬᠦᠷᠭᠡᠵᠦ᠂ ᠲᠣᠰᠪᠣᠷᠢ 20 % ᠪᠠ 25 %᠎ ᠪᠠᠷ ᠨᠡᠮᠡᠭᠳᠡᠪᠡ᠃        ᠡᠨᠡ ᠨᠢᠭᠡ ᠵᠢᠯ ᠳᠤ᠂ ᠪᠢᠳᠡ ᠳᠠᠪᠠᠭᠤᠯᠢᠭ ᠢᠶᠠᠨ ᠪᠠᠳᠠᠷᠠᠭᠤᠯᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ ᠴᠢᠷᠮᠠᠶᠢᠵᠤ᠂ ᠠᠵᠤ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠪᠠ᠃ ᠠᠵᠤ ᠠᠬᠤᠶ ᠶᠢᠨ ᠶᠠᠰᠤ ᠴᠢᠨᠠᠷ ᠢ  ᠰᠢᠯᠢᠳᠡᠭᠵᠢᠭᠦᠯᠵᠦ᠂ ᠪᠦᠬᠦ ᠵᠢᠯ ᠳᠤ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ 19 ᠠᠵᠤ ᠦᠢᠯᠡᠳᠪᠦᠷᠢ ᠶᠢᠨ  ᠲᠥᠷᠥᠯ ᠵᠦᠢᠯ ᠢ ᠬᠡᠷᠡᠭᠵᠢᠭᠦᠯᠵᠦ ᠂ 33 . 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ︽ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾᠎ ᠶᠢ ᠪᠥᠬᠦ ᠲᠠᠯ᠎ᠠ ᠪᠠᠷ ᠡᠬᠢᠯᠡᠭᠦᠯᠵᠦ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 206 . 1 ᠲᠦᠮᠡᠨ ᠺᠢᠯᠣᠸᠠᠲ ᠤᠨ 5 ᠰᠢᠨ᠎ᠡ ᠡᠨᠧᠷᠭᠢ ᠶᠢᠨ ᠲᠥᠷᠥᠯ ᠵᠦᠢᠯ ᠢ  ᠠᠵᠢᠯ ᠡᠬᠢᠯᠠᠬᠦᠯᠵᠦ᠂ ᠳ᠋ᠠ ᠲᠠᠩ ᠤᠨ 20 ᠲᠦᠮᠡᠨ ᠬᠢᠯᠦᠸᠠᠲ᠂ ᠵᠥᠩ ᠭᠤᠸᠠᠩ ᠾᠧ ᠶᠢᠨ 10 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠪᠦᠷᠢᠨ ᠪᠠᠭᠲᠠᠭᠠᠮᠵᠢ ᠲᠠᠢ ᠲᠤᠤᠷ ᠨᠡᠶᠢᠯᠡᠭᠦᠯᠦᠨ ᠴᠠᠬᠢᠯᠭᠠᠨ ᠭᠠᠷᠭᠠᠵᠤ᠂ ᠪᠥᠬᠦ ᠬᠤᠲᠠ ᠳᠤ ᠬᠠᠮᠤᠭ ᠤᠷᠢᠳᠠᠪᠠᠷ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠶ ᠶᠢ ᠵᠠᠰᠠᠬᠤ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠠᠷᠢᠮᠵᠢᠶᠠᠲᠤ ᠭᠠᠵᠠᠷ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠡᠬᠢᠯᠡᠭᠦᠯᠪᠡ᠃ ᠾᠧᠩ ᠳ᠋ᠦ᠋ ᠎ ᠶᠢᠨ 5 ᠲᠦᠮᠡᠨ ᠲᠤᠨ ᠦᠬᠡᠷ ᠤᠨ ᠮᠢᠬ᠎ᠠ ᠎ ᠶᠢ ᠨᠠᠷᠢᠯᠢᠭ ᠡᠳ᠋ᠰᠢᠭᠦᠯᠬᠦ᠂ ᠬᠤᠸᠠ ᠤᠤ ᠭᠤᠸᠠᠩ ᠶᠤᠸᠠᠨ ᠣᠯᠠᠨ ᠲᠡᠮᠦᠷᠯᠢᠭ ᠤᠨ ᠠᠭᠤᠷᠬᠠᠢ᠂ ᠰᠢᠨ ᠸᠠᠩ ᠠᠭᠤᠷᠬᠠᠢ ᠶᠢᠨ ᠦᠢᠯᠡᠰ ᠤᠨ ᠴᠠᠶᠢᠷ ᠲᠤᠭᠤᠯᠭ᠎ᠠ ᠶᠢ ᠰᠢᠯᠢᠬᠦ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠵᠦᠩ ᠯᠢ ᠲᠡᠭᠡᠳᠤ ᠰᠢᠨᠵᠢᠯᠡᠬᠦ ᠤᠬᠠᠭᠠᠨ ᠤ ᠢᠨᠳᠢᠶᠠᠨ ᠪᠤᠭᠤᠳᠠᠢ᠂ ᠮᠢᠩ ᠶᠠᠩ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ‍ᠤᠤᠢ ᠴᠧᠩ  ᠰᠢᠨ᠎ᠡ ᠡᠨᠧᠷᠬᠢ ᠶᠢᠨ ᠰᠠᠯᠬᠢᠨ ᠬᠦᠴᠦᠨ ᠤ ᠮᠠᠰᠢᠨ ᠤ ᠰᠤᠪᠤᠷᠭᠠᠨ ᠲᠦᠩᠰᠡ᠂ ᠶᠤᠸᠠᠨ ᠵᠢᠩ ᠣᠶᠤᠨᠴᠢ ᠶᠡᠷᠦᠩᠬᠡᠢ ᠤᠭᠰᠠᠷᠠᠯᠲᠠ ᠶᠢᠨ ᠰᠠᠭᠤᠷᠢᠨ ᠭᠠᠵᠠᠷ᠂ ᠪᠥᠸᠧ ᠳ᠋ᠧ ᠸᠧᠢ ᠴᠢ ᠪᠦᠷᠬᠦᠭᠦᠯ  ᠂ ᠷᠦᠢ ᠨᠧᠩ ᠠᠭᠤᠷᠬᠠᠢ ᠶᠢᠨ ᠦᠢᠯᠡᠰ ᠤᠨ ᠴᠠᠶᠢᠷ ᠲᠤᠭᠤᠯᠭ᠎ᠠ ᠶᠢ ᠰᠢᠯᠢᠬᠦ ᠵᠡᠷᠭᠡ ᠲᠥᠷᠥᠯ ᠵᠦᠢᠯ ᠎ ᠢ ᠪᠠᠶᠢᠭᠤᠯᠵᠦ ᠲᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠵᠥᠩ ᠯᠢᠶᠠᠩ ᠵᠢᠶᠠ ᠵᠢᠶᠠ ᠺᠠᠩ ᠵᠡᠷᠭᠡ 7 ᠠᠵᠤ ᠠᠬᠤᠶᠢᠯᠠᠯ ᠢ ᠲᠠᠰ ᠳᠡᠪᠰᠢᠭᠦᠯᠦᠨ ᠨᠢᠭᠡᠳᠦᠯᠲᠡᠶ ᠲᠥᠯᠥᠪᠯᠡᠬᠦ᠂ ᠱᠤᠸᠠᠩ ᠴᠧᠩ ᠬᠦᠨᠳᠦ ᠠᠵᠤ ᠦᠢᠯᠡᠳᠪᠤᠷᠢ ᠵᠡᠷᠭᠡ 6 ᠠᠵᠤ ᠠᠬᠤᠶᠢᠯᠠᠯ ᠤᠨ ᠳᠠᠬᠢᠨ  ᠪᠠᠶᠢᠭᠤᠯᠣᠯᠳᠠ ᠶᠢ ᠪᠡᠶᠡᠯᠡᠭᠦᠯᠪᠡ᠃  2 . 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠨᠡᠭᠡᠭᠡᠨ ᠬᠥᠭᠵᠢᠭᠦᠯᠬᠦ ᠣᠷᠣᠨ ᠤ 5 ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ 17 . 1 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠦᠢᠯᠡᠳᠪᠤᠷᠢ ᠶᠢᠨ ᠭᠡᠷ ᠢ ᠰᠢᠨ᠎ᠡ ᠪᠠᠷ ᠪᠠᠶᠢᠭᠤᠯᠤᠨ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠶᠡᠷᠦᠩᠬᠡᠢ ᠥᠷᠲᠡᠭ 88 . 4 ᠳ᠋ᠦᠩᠰᠢᠭᠤᠷ ᠲᠥᠭᠦᠷᠢᠭ᠂ ᠭᠠᠶᠢᠯᠢ ᠶᠢᠨ ᠣᠷᠣᠯᠭ᠎ᠠ 1 . 35 ᠳ᠋ᠦᠩᠰᠢᠭᠤᠷ ᠲᠥᠭᠦᠷᠢᠭ ᠲᠤ ᠬᠦᠷᠴᠦ᠂  ᠲᠣᠰᠪᠣᠷᠢ 38 % ᠪᠠ 35 % ᠨᠡᠮᠡᠭᠳᠡᠪᠡ᠃ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠲᠦᠷᠭᠡᠨ ᠲᠠᠰ ᠳᠡᠪᠰᠢᠵᠦ᠂ ᠬᠠᠪᠤᠷ ᠤᠨ ᠤᠯᠠᠷᠢᠯ ᠤᠨ ᠬᠦᠨᠳᠦ ᠨᠣᠴᠢᠲᠠᠶ ᠭᠠᠩ ᠬᠠᠭᠰᠠᠷᠠᠭᠠᠨ ᠢ ᠪᠦᠲᠦᠮᠵᠢᠲᠡᠶ ᠠᠷᠭᠠᠴᠠᠭᠠᠵᠤ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ 435 . 6 ᠲᠦᠮᠡᠨ ᠮᠥ ᠪᠠᠶᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 20 ᠲᠦᠮᠡᠨ ᠮᠥ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠨ ᠭᠠᠵᠠᠷ 5 . 5 ᠲᠦᠮᠡᠨ ᠮᠥ᠂ ᠭᠦᠨ ᠵᠥᠭᠡᠯᠡᠷᠡᠭᠦᠯᠦᠭᠰᠡᠨ ᠲᠠᠷᠢᠶᠠᠨ ᠭᠠᠵᠠᠷ 12 ᠲᠦᠮᠡᠨ ᠮᠥ᠂ ᠠᠮᠤ ᠪᠤᠳᠠᠭᠠᠨ ᠤ ᠤᠨᠠᠯᠲᠠ ᠶᠢ 25 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠶᠢ ᠠᠵᠤ ᠦᠶᠢᠯᠡᠰᠵᠢᠭᠦᠯᠦᠨ ᠬᠡᠷᠡᠭᠯᠡᠬᠦ ᠲᠤᠷᠰᠢᠯᠲᠠ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠪᠦᠬᠦ ᠵᠢᠯ ᠳᠤ 26 ᠲᠦᠮᠡᠨ ᠲᠣᠯᠣᠭᠠᠢ ᠮᠢᠬᠠᠨ ᠦᠬᠡᠷ᠂ 120 ᠲᠦᠮᠡᠨ ᠲᠣᠯᠣᠭᠠᠢ ᠮᠢᠬᠠᠨ ᠬᠤᠨᠢ᠂ 220 ᠲᠦᠮᠡᠨ ᠭᠠᠭ᠋ᠠᠢ ᠶᠢ ᠪᠣᠷᠣᠯᠠᠭᠤᠯᠤᠨ ᠭᠠᠷᠭᠠᠵᠤ᠂ 4 ᠮᠠᠯ ᠵᠢᠭᠦᠷᠲᠡᠨ ᠤ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ  ᠰᠠᠭᠤᠷᠢᠨ ᠭᠠᠵᠠᠷ᠂  1ᠤᠯᠤᠰ ᠤᠨ ᠲᠠᠰ ᠤᠨ ᠭᠤᠤᠯᠳᠠᠯᠭᠠᠲᠠᠢ ᠦᠷ᠎ᠡ ᠪᠤᠶᠢᠵᠢᠭᠤᠯᠬᠤ ᠲᠠᠯᠠᠪᠠᠶ  ᠶᠢ ᠭᠤᠶᠤᠴᠢᠯᠠᠨ  ᠮᠠᠳᠡᠬᠦᠯᠵᠤ᠂  ᠪᠦᠬᠦ ᠬᠤᠰᠢᠭᠤᠨ ᠤ ᠠᠩᠬᠠᠳᠠᠭᠴᠢ ᠠᠮᠢᠲᠠᠨ ᠢ ᠣᠨᠣᠰᠢᠯᠠᠨ ᠡᠮᠨᠡᠬᠦ ᠲᠥᠪ  ᠵᠢᠴᠢ ᠰᠤᠷᠭᠠᠭᠤᠯᠢ ᠣᠷᠣᠨ ᠨᠤᠲᠤᠭ ᠤᠨ ᠬᠠᠮᠲᠤᠷᠠᠭᠰᠠᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠪᠠ᠃ ᠴᠠᠭᠠᠨ ᠢᠳᠡᠭᠡ ᠬᠠᠳᠠᠭᠠᠯᠠᠬᠤ ᠲᠥᠪ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠪᠠ᠂ ᠰᠢᠨ᠎ᠡ ᠬᠤᠷᠢᠶ᠎ᠠ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂  ᠵᠥᠩ ᠯᠢᠶᠠᠩ ᠵᠢᠶᠠ ᠺᠠᠩ GGP ᠲᠠᠯᠠᠪᠤᠷ᠂ ᠶᠤᠸᠠᠨ ᠰᠢᠨ ᠶᠤᠸᠠᠨ ᠮᠠᠯᠵᠢᠯ ᠤᠨ ᠲᠠᠯᠠᠪᠠᠢ᠂ ᠵᠥᠩ ᠰᠢᠨ ᠮᠠᠯ ᠤᠨ ᠠᠷᠠᠯᠵᠢᠶᠠᠨ ᠤ ᠲᠥᠪ ᠵᠡᠷᠭᠡ ᠲᠥᠷᠥᠯ ᠵᠦᠢᠯ ᠢ  ᠪᠠᠶᠢᠭᠤᠯᠣᠨ ᠲᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠨᠡᠶᠢᠭᠡᠮᠯᠢᠭ ᠢ ᠪᠠᠶᠢᠭᠤᠯᠵᠤ᠂ 26 ᠮᠢᠬᠠᠨ ᠤ ᠦᠬᠡᠷ ᠨᠠᠶᠢᠳᠠᠨ ᠲᠡᠵᠢᠭᠡᠬᠦ ᠲᠥᠪ  ᠂ 47 ᠲᠤᠰᠬᠠᠢ ᠬᠤᠷᠰᠢᠶᠠᠵᠢᠯ ᠪᠠ ᠲᠡᠵᠢᠭᠡᠨ ᠦᠷᠡᠵᠢᠭᠦᠯᠬᠦ ᠲᠣᠮᠣ ᠡᠷᠦᠬᠡ  ᠂ 252 ᠭᠡᠷ ᠪᠦᠯᠢ ᠶᠢᠨ ᠮᠠᠯᠵᠢᠯ ᠤᠨ ᠲᠠᠯᠠᠪᠠᠢ  ᠂  12 ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠤᠰᠬᠠᠢ ᠲᠣᠰᠬᠤᠨ ᠢ ᠪᠠᠶᠢᠭᠤᠯᠪᠠ᠃ ᠪᠦᠬᠦ ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠡᠳ᠋ᠰᠢᠭᠦᠯᠦᠭᠰᠡᠨ ᠨᠣᠷᠮ᠎ᠠ 75 %᠎ ᠳᠤ ᠬᠦᠷᠴᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ 87 %᠎ ᠳᠤ ᠬᠦᠷᠪᠡ᠃ ︽ᠣᠩᠨᠢᠭᠤᠳ ᠨᠠᠷᠢᠮᠤ︾᠎ ᠨᠢ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ ᠥᠩᠭᠡᠷᠡᠭᠡᠵᠦ᠂ ᠣᠩᠨᠢᠭᠤᠳ ᠬᠤᠰᠢᠭᠤ ᠨᠢ ᠪᠥᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠪᠣᠬᠢᠷᠲᠤᠯ ᠥᠬᠡᠶ ᠲᠠᠷᠢᠶᠠᠯᠠᠩ ᠤᠨ ᠬᠡᠷᠡᠭᠰᠡᠯ ᠤᠨ ᠲᠠᠰ ᠳᠡᠪᠰᠢᠭᠦᠯᠬᠦ ᠠᠵᠢᠯᠯᠠᠭ᠎ᠠ ᠶᠢᠨ ᠲᠤᠷᠰᠢᠯᠲᠠ ᠶᠢᠨ ᠬᠤᠰᠢᠭᠤ ᠰᠢᠶᠠᠨ  ᠂  ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠨᠢ ᠰᠢᠰᠢ ᠶᠢᠨ ᠦᠷ᠎ᠡ ᠦᠢᠯᠡᠳᠬᠦ ᠲᠣᠮᠣ ᠰᠢᠶᠠᠨ ᠎ ᠢᠶᠠᠷ ᠦᠨᠡᠯᠡᠭᠳᠡᠵᠦ  ᠂ ︽ᠳᠤᠮᠳᠠᠳᠤ ᠤᠯᠤᠰ ᠤᠨ ᠰᠠᠭᠠᠭ ᠤᠨ ᠲᠥᠪ︾ ᠭᠡᠬᠦ ᠢᠷᠠᠭᠤ ᠠᠯᠳᠠᠷ ᠢ ᠭᠥᠷᠳᠡᠪᠡ᠃ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ 8 ᠵᠤᠷᠪᠤᠰ ᠰᠣᠳᠣᠨ ᠵᠢᠭᠤᠯᠴᠢᠯᠠᠯ ᠤᠨ ᠱᠤᠭᠤᠮ  ᠂ ᠬᠠᠰ ᠯᠣᠣ ᠡᠯᠡᠰᠦᠨ ᠨᠠᠭᠤᠷ ᠤᠨ ︽ᠡᠯᠡᠰᠦᠨ ᠴᠦᠯ ᠤᠨ ᠪᠢᠴᠢᠬᠠᠨ ᠪᠠᠭᠠᠲᠤᠷ︾᠎ ᠤᠨ ᠰᠠᠭᠤᠷᠢᠨ ᠭᠠᠵᠠᠷ᠂ ᠣᠯᠠᠨ ᠲᠦᠮᠡᠨ ᠤ ᠤᠷᠠᠯᠢᠭ ᠤᠨ ᠣᠷᠳᠣᠨ᠂ ᠷᠠᠰᠢᠶᠠᠨ ᠤ ᠵᠢᠭᠤᠯᠴᠢᠯᠠᠯ ᠤᠨ ᠬᠤᠷᠰᠢᠶ᠎ᠠ ᠶᠢ ᠠᠰᠢᠭᠯᠠᠯᠲᠠ ᠳᠤ ᠣᠷᠣᠭᠤᠯᠪᠠ᠃ ︽ᠣᠩᠨᠢᠭᠤᠳ ᠬᠤᠷᠢᠮ︾᠎ ᠤᠨ ᠪᠠᠷᠢᠮᠲᠠᠲᠤ ᠹᠢᠯᠢᠮ ᠢ ᠰᠢᠩᠭᠡᠭᠡᠨ ᠲᠠᠭᠤᠰᠬᠠᠵᠦ᠂ ︽ᠨᠤᠭᠤᠨᠵᠠᠶᠠᠭ᠎ᠠ︾᠎  ᠭᠡᠬᠦ ᠪᠣᠳᠠᠲᠤ ᠦᠵᠡᠮᠵᠢ ᠶᠢᠨ ᠵᠦᠴᠦᠭᠡ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠵᠢᠭᠤᠯᠴᠢᠯᠠᠯ ᠤᠨ ᠲᠣᠭᠯᠠᠯᠲᠠ ᠶᠢᠨ ᠰᠣᠳᠣᠨ ᠪᠦᠲᠦᠭᠡᠯ ᠢ ᠭᠤᠤᠯᠳᠠᠯᠭ᠎ᠠ ᠲᠠᠢ ᠪᠣᠶᠢᠵᠢᠭᠤᠯᠬᠤ ᠨᠡᠷᠡᠰ ᠤᠨ ᠵᠢᠭᠰᠠᠭᠠᠯᠲᠠ ᠳᠤ ᠰᠣᠩᠭᠤᠭᠳᠠᠪᠠ᠃ ︽ᠪᠠᠭᠠᠴᠤᠳ ᠤᠨ ᠨᠠᠭᠠᠳᠤᠮ᠂ ᠡᠯᠡᠰᠦᠨ ᠴᠥᠯ ᠤᠨ ᠪᠢᠴᠢᠬᠠᠨ ᠪᠠᠭᠠᠳᠣᠷ︾᠎ ᠤᠨ ᠪᠥᠬᠦ ᠤᠯᠤᠰ ᠤᠨ ᠤᠷᠤᠯᠳᠤᠭᠠᠨ᠂ ᠡᠯᠡᠰᠦᠨ ᠴᠥᠯ ᠤᠨ ᠮᠠᠰᠢᠨ ᠲᠡᠷᠭᠡᠨ ᠤ ᠬᠡᠭᠡᠷᠡᠯᠡᠬᠦ ᠤᠷᠤᠯᠳᠤᠭᠠᠨ᠂   ᠰᠧᠨᠳᠠᠨ ᠮᠣᠳᠣᠨ ᠤ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ᠂ ᠪᠥᠬᠦ ᠠᠷᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠤᠯᠤᠰ ᠤᠨ ᠪᠠᠶᠠᠷ ᠢ ᠪᠡᠯᠭᠡᠯᠡᠬᠦ ᠳᠠᠭᠤᠤ ᠶᠢᠨ ᠴᠤᠭᠯᠠᠭᠠᠨ ᠵᠡᠷᠭᠡ ᠰᠣᠶᠣᠯ ᠵᠢᠭᠤᠯᠴᠢᠯᠠᠯ ᠤᠨ ᠤᠷᠤᠯᠳᠤᠭᠠᠨ ᠢ ᠠᠮᠵᠢᠯᠲᠠ ᠲᠠᠢ ᠡᠷᠭᠢᠯᠡᠵᠦ᠂ ᠪᠥᠬᠦ ᠣᠷᠣᠨ ᠤ ᠤᠯᠠᠭᠠᠨᠮᠥ᠋ᠴᠢᠷ ᠤᠨ ᠰᠠᠷ᠎ᠠ ᠵᠢᠴᠢ ᠰᠤᠷᠤᠯᠴᠠᠬᠤ ᠪᠦᠲᠦᠭᠡᠬᠦ ᠲᠣᠭᠯᠠᠬᠤ ᠶᠢᠨ ᠭᠤᠤᠯ ᠰᠡᠳᠦᠪᠲᠦ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢ ᠳᠠᠭᠠᠭᠠᠨ ᠡᠷᠭᠢᠯᠡᠪᠡ᠃ ᠪᠦᠬᠦ ᠵᠢᠯ ᠳᠤ ᠵᠤᠭᠠᠴᠠᠭᠰᠠᠳ ᠢ 253 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 33 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠰᠪᠣᠷᠢ 65 . 4 % ᠪᠠ 57 . 1 % ᠨᠡᠮᠡᠭᠳᠡᠵᠡᠢ᠃ ᠭᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ᠂ ᠰᠥᠨᠢ ᠶᠢᠨ ᠠᠵᠤ ᠠᠬᠤᠢ᠂ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ  ᠬᠠᠷᠠᠭᠠᠯᠵᠠᠬᠤ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠡᠷᠡᠭᠯᠡᠭᠡ ᠶᠢ 3 . 8 ᠳ᠋ᠦᠩᠰᠢᠭᠤᠷ ᠲᠥᠭᠦᠷᠢᠭ ᠳᠠᠶᠢᠴᠢᠯᠠᠪᠠ᠃ 12 ᠳᠡᠭᠡᠳᠦ ᠬᠢᠵᠠᠭᠠᠷ ᠤᠨ ᠨᠢᠭᠡᠳᠦᠯᠲᠠᠢ ᠣᠷᠣᠭᠤᠯᠣᠭᠰᠠᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠪᠡ᠃ ︽ᠣᠩᠨᠢᠭᠤᠳ ᠤᠨ  ᠰᠢᠯᠢᠳᠡᠭ ᠪᠦᠲᠦᠭᠡᠭᠳᠡᠭᠦᠨ︾ ᠎ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠎ ᠤᠨ ᠲᠡᠣᠭᠡᠨ ᠬᠦᠰᠢᠭᠡ ᠶᠢ  ᠨᠡᠭᠡᠭᠡᠪᠡ᠃         ᠡᠨᠡ ᠨᠢᠭᠡ ᠵᠢᠯ ᠳᠤ᠂ ᠪᠢᠳᠡ ᠬᠠᠮᠠᠭᠠᠯᠠᠯᠲᠠ ᠶᠢ ᠠᠳᠬᠤᠬᠤ᠂ ᠵᠠᠰᠠᠯᠲᠠ ᠶᠢ ᠴᠢᠩᠭᠠᠳᠬᠠᠬᠤ ᠪᠠᠷ ᠬᠦᠴᠦᠯᠡᠵᠦ᠂ ᠠᠮᠢ ᠠᠬᠤᠢ ᠣᠷᠴᠢᠨ ᠲᠣᠭᠤᠷᠢᠨ ᠰᠢᠨ᠎ᠡ ᠰᠠᠶᠢᠵᠢᠷᠠᠯᠲᠠ ᠲᠠᠢ ᠪᠣᠯᠪᠠ᠃ ᠪᠥᠬᠦ ᠬᠤᠲᠠ ᠳᠤ ᠡᠩ ᠲᠡᠷᠢᠭᠦᠨ ᠳᠤ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠲᠡᠶᠢᠨ ᠤ ︽ᠠᠩᠬᠠᠨ ᠤ ᠫᠤᠤ︾᠎ ᠶᠢ ᠲᠠᠯᠪᠢᠵᠤ᠂ ᠪᠥᠬᠦ ᠣᠷᠣᠨ ᠤ ᠠᠩᠬᠠᠳᠠᠭᠴᠢ ︽ ᠬᠦᠳᠡᠯᠮᠦᠷᠢᠯᠡᠬᠦ ᠪᠠᠷ  ᠲᠡᠳᠬᠦᠮᠵᠢ ᠶᠢ ᠣᠷᠣᠯᠠᠭᠤᠯᠬᠤ︾ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠲᠥᠷᠥᠯ  ᠵᠦᠢᠯ ᠢ ᠬᠡᠷᠡᠭᠵᠢᠭᠦᠯᠪᠡ᠂  ᠪᠦᠬᠦ ᠵᠢᠯ ᠳᠤ 27 ᠲᠦᠮᠡᠨ ᠮᠥ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠦ᠂ 10 . 6 ᠲᠦᠮᠡᠨ ᠮᠥ ᠣᠶ ᠰᠢᠭᠤᠶ ᠡᠪᠡᠰᠦ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠂ ᠳᠤᠮᠳᠠᠳᠤ ᠤᠯᠤᠰ ᠤᠨ ᠰᠧᠨᠳᠠᠨ ᠮᠣᠳᠣᠨ ᠤ ᠠᠮᠢ ᠠᠬᠤᠶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠢ ᠪᠠᠶᠢᠭᠤᠯᠤᠨ ᠳᠠᠭᠤᠰᠬᠠᠵᠤ᠂ ᠭᠤᠷᠪᠠᠳᠤᠭᠠᠷ ᠬᠤᠭᠤᠴᠠᠭᠠᠨ ᠤ ᠶᠡᠭᠡ ᠳᠤᠮᠳᠠ ᠠᠽᠢᠶ᠎ᠠ ᠶᠢᠨ ᠭᠠᠵᠠᠷ ᠣᠷᠣᠨ ᠤ ᠣᠶ ᠰᠢᠭᠤᠶ ᠶᠢᠨ ᠶᠠᠮᠤᠨ ᠤ ᠰᠠᠶᠢᠳ ᠤᠨ ᠲᠠᠰ ᠤᠨ ᠬᠤᠷᠠᠯ ᠤᠨ ᠲᠥᠯᠥᠭᠡᠯᠡᠭᠴᠢᠳ ᠤᠨ ᠪᠦᠯᠬᠦᠮ ᠤᠨ ᠪᠠᠶᠢᠴᠠᠭᠠᠨ ᠰᠤᠳᠤᠯᠬᠤ ᠠᠵᠢᠯᠯᠠᠭ᠎ᠠ ᠶᠢ ᠳᠠᠭᠠᠭᠠᠨ ᠡᠷᠭᠢᠯᠡᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠲᠦᠷᠭᠡᠳᠬᠡᠨ ᠴᠡᠭᠴᠡᠯᠡᠨ ᠰᠠᠶᠢᠵᠢᠷᠠᠭᠤᠯᠵᠤ᠂ ᠰᠢᠩ ᠶᠠᠩ ᠢᠯᠴᠢ ᠶᠢᠨ ᠬᠦᠴᠦᠨ ᠤ ᠨᠡᠭᠦᠷᠡᠰᠦ ᠰᠢᠲᠠᠭᠠᠬᠤ ᠭᠦᠸᠧᠯᠦ ᠶᠢᠨ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠡᠬᠢᠯᠡᠭᠦᠯᠵᠦ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠤᠷᠢᠯᠡᠬᠦ  ᠦᠢᠯᠡᠳᠪᠤᠷᠢ᠂ ᠽᠢ ᠴᠧᠩ ᠠᠮᠢᠳᠤᠷᠠᠯ ᠤᠨ ᠬᠤᠭ ᠨᠣᠪᠰᠢ ᠰᠢᠢᠳᠪᠤᠷᠢᠯᠡᠬᠦ ᠦᠢᠯᠡᠳᠪᠤᠷᠢ ᠶᠢᠨ ᠭᠤᠤᠯ ᠴᠣᠭᠴᠠ ᠶᠢᠨ ᠠᠵᠢᠯ ᠢ ᠳᠠᠭᠤᠰᠬᠠᠪᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠣᠢ ᠰᠢᠭᠤᠢ ᠶᠢᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯ ᠢᠶᠠᠷ ᠭᠤᠣᠯ ᠮᠥᠷᠡᠨ ᠢ ᠲᠡᠵᠢᠭᠡᠬᠦ᠂ ᠣᠢ ᠰᠢᠭᠤᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠰᠢᠰᠲ᠋ᠧᠮ ᠢ ᠳᠠᠬᠢᠨ ᠴᠣᠭᠴᠠᠯᠠᠬᠤ ᠵᠡᠷᠭᠡ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠰᠢᠷᠠᠮᠥ᠋ᠷᠡᠨ ᠭᠤᠤᠯ ᠤᠨ ᠬᠠᠤᠯᠢ ᠠᠴᠠ ᠵᠥᠷᠢᠴᠡᠨ ᠭᠤᠤᠯ ᠤᠨ ᠵᠠᠮ ᠢ ᠡᠵᠡᠯᠡᠭᠰᠡᠨ ᠦᠢᠯᠡ ᠠᠵᠢᠯᠯᠠᠭ᠎ᠠ ᠶᠢ ᠬᠦᠴᠦᠲᠡᠶ ᠴᠡᠭᠴᠡᠯᠡᠨ ᠵᠠᠰᠠᠵᠤ᠂ 105 ᠭᠤᠤᠯ ᠤᠨ ᠬᠠᠰᠢᠯᠭ᠎ᠠ᠂ 1 . 2 ᠲᠦᠮᠡᠨ ᠮᠧᠲᠷ ᠢ ᠴᠡᠪᠡᠷᠯᠡᠨ ᠠᠷᠢᠯᠭᠠᠪᠠ ᠃ ᠣᠩᠨᠢᠭᠤᠳ ᠬᠤᠰᠢᠭᠤ ᠨᠢ ᠪᠦᠬᠦ ᠤᠯᠤᠰ ᠤᠨ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ  ᠪᠠᠶᠢᠭᠤᠯᠤᠯᠲᠠ ᠶᠢᠨ ᠪᠠᠷᠢᠮᠵᠢᠶ᠎ᠡ ᠳᠤ ᠬᠦᠷᠦᠭᠰᠡᠨ ᠬᠤᠰᠢᠭᠤ ᠪᠠᠷ ᠲᠤᠭᠲᠠᠭᠠᠭᠳᠠᠪᠠ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号