2024 ᠣᠨ ᠤ《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ ︵ᠨᠢᠬᠡ︶
ᠨᠡᠶᠢᠲᠡᠯᠡᠭᠰᠡᠨ ᠴᠠᠭ᠄
2024/2/18
      《 ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ 》᠄ ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠰᠠᠭᠤᠷᠢ ᠲᠦᠬᠦᠭᠡᠷᠦᠮᠵᠢ ᠶᠢᠨ ᠪᠠᠷᠢᠯᠭ᠎ᠠ ᠶᠢ ᠪᠦᠲᠦᠭᠡᠨ ᠪᠠᠶᠢᠭᠤᠯᠵᠤ᠂ ᠲᠡᠳᠬᠦᠮᠵᠢ ᠬᠦᠷᠲᠡᠭᠴᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠠᠳ ᠬᠥᠳᠡᠯᠮᠦᠷᠢ ᠦᠢᠯᠡᠴᠢᠯᠡᠭᠡᠨ ᠤ ᠬᠠᠷᠠᠮᠵᠢ ᠣᠯᠵᠤ᠂ ᠡᠭᠦᠨ ᠢᠶᠠᠷ ᠰᠢᠭᠤᠳ ᠲᠡᠳᠬᠦᠮᠵᠢ ᠦᠵᠡᠭᠦᠯᠬᠦ ᠶᠢ ᠣᠷᠣᠯᠠᠭᠤᠯᠬᠤ ᠨᠢᠭᠡ ᠵᠦᠢᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠵᠢᠭᠠᠵᠤ ᠪᠤᠶ᠃         ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ᠄  ᠬᠤᠰᠢᠭᠤ ᠰᠣᠮᠣ  ᠲᠣᠰᠬᠤᠨ ᠤ ᠡᠮᠴᠢᠯᠡᠭᠡᠨ ᠤ ᠦᠶᠯᠡᠴᠢᠯᠡᠭᠡ ᠶᠢ ᠨᠢᠭᠡ ᠴᠣᠭᠴᠠᠵᠢᠭᠤᠯᠤᠨ ᠬᠠᠮᠢᠶᠠᠷᠬᠤ ᠰᠢᠨ᠎ᠡ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠬᠢᠭᠡᠳ ᠦᠶᠯᠡᠴᠢᠯᠡᠭᠡᠨ ᠢ ᠪᠡᠶᠡᠯᠡᠭᠦᠯᠬᠦ ᠬᠡᠯᠪᠡᠷᠢ ᠶᠢ ᠵᠢᠭᠠᠵᠤ ᠪᠤᠢ᠂  ᠰᠣᠮᠣ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠬᠦ ᠨᠢᠭᠡᠴᠡ ᠪᠣᠯᠭᠠᠵᠤ᠂  ᠬᠤᠰᠢᠭᠤ ᠰᠢᠶ᠋ᠩ ᠲᠣᠰᠬᠤᠨ ᠭᠤᠷᠪᠠᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠷᠣᠨ ᠪᠦᠰᠡ ᠶᠢᠨ ᠪᠦᠯᠦᠭᠵᠢᠭᠦᠯᠦᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢᠨ ᠲᠥᠰᠦᠪ ᠤᠨ ᠠᠷᠭ᠎ᠠ ᠮᠠᠶ᠋ᠢᠭ ᠢᠶᠠᠷ ᠲᠣᠭᠠᠴᠠᠭ᠎ᠠ ᠬᠢᠬᠦ‍ ᠨᠢᠭᠡ ᠵᠦᠶᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃        《 ᠬᠤᠶᠠᠷ ᠢ ᠰᠢᠯᠢᠳᠡᠭᠵᠢᠭᠦᠯᠬᠦ 》 ᠲᠤᠰᠬᠠᠶ ᠠᠵᠢᠯᠯᠠᠭ᠎ᠠ᠄ 《 ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠬᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ 》 ᠲᠤᠰᠬᠠᠶ ᠠᠵᠢᠯᠯᠠᠭ᠎ᠠ ᠶᠢ ᠵᠢᠭᠠᠵᠤ ᠪᠣᠶ᠃       《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ᠄ ᠲᠤᠬᠠᠶᠢᠯᠠᠪᠠᠯ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ᠂ ᠬᠥᠳᠡᠯᠮᠦᠷᠢ ᠬᠦᠴᠦᠨ᠂ ᠡᠳ᠋  ᠬᠥᠷᠥᠩᠭᠡ᠂ ᠪᠠᠶᠢᠭᠠᠯᠢ ᠶᠢᠨ ᠥᠩᠭᠡ ᠦᠵᠡᠮᠵᠢ ᠵᠡᠷᠭᠡ ᠴᠢᠬᠤᠯᠠ ᠬᠦᠴᠦᠨ ᠵᠦᠢᠯ ᠢ ᠠᠮᠢᠳᠤᠯᠢᠭ ᠪᠣᠯᠭᠠᠵᠤ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠪᠡᠯᠡ ᠮᠥᠩᠭᠦ ᠶᠢ ᠬᠤᠪᠢ ᠤᠷᠤᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠵᠤ᠂ ᠲᠠᠷᠢᠶᠠᠴᠢᠨ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠵᠢᠭᠠᠵᠤ ᠪᠠᠶᠢᠨ᠎ᠠ᠃       《 ᠭᠤᠷᠪᠠ ᠶᠢ ᠨᠢᠭᠡ ᠴᠤᠭᠴᠠᠵᠢᠭᠤᠯᠬᠤ 》᠄ ᠲᠤᠬᠠᠶᠢᠯᠠᠪᠠᠯ ᠦᠢᠯᠡᠳᠪᠦᠷᠢᠯᠡᠬᠦ᠂ ᠬᠠᠩᠭᠠᠨ ᠪᠣᠷᠣᠯᠠᠭᠤᠯᠬᠤ᠂ ᠢᠲᠡᠭᠡᠮᠵᠢ 《 ᠭᠤᠷᠪᠠ ᠶᠢ ᠨᠢᠭᠡ ᠴᠤᠭᠴᠠᠵᠢᠭᠤᠯᠬᠤ 》 ᠶᠡᠷᠦᠩᠬᠡᠶᠢᠯᠡᠭᠰᠡᠨ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠃       《 ᠲᠠᠪᠤ ᠶᠢ ᠲᠤᠶᠢᠯᠪᠤᠷᠢᠲᠠᠢ ᠪᠠᠶᠢᠴᠠᠭᠠᠬᠤ 》᠄  ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ᠂ ᠰᠤᠯᠠ ᠪᠠᠶᠢᠭ᠎ᠠ ᠭᠠᠵᠠᠷ ᠰᠢᠷᠤᠢ᠂ ᠡᠳ᠋ ᠶᠢᠨ ᠵᠠᠰᠠᠭ ᠤᠨ ᠲᠤᠨᠤᠮᠠᠯ ᠪᠡᠯᠡ ᠮᠥᠩᠭᠦ᠂ ᠬᠠᠭᠠᠰ ᠲᠤᠲᠠᠭᠤ ᠤᠷᠬᠢᠭᠳᠠᠭᠰᠠᠨ ᠪᠠᠷᠢᠯᠭ᠎ᠠ᠂ ᠨᠡᠬᠡᠭᠡᠯᠲᠡ ᠶᠢᠨ ᠣᠷᠣᠨ ᠤ  ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢ ᠲᠤᠶᠢᠯᠪᠤᠷᠢᠲᠠᠢ ᠪᠠᠶᠢᠴᠠᠭᠠᠬᠤ ᠶᠢ ᠵᠢᠭᠠᠵᠤ ᠪᠠᠶᠢᠨ᠎ᠠ᠃       《 ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ 》᠄ ᠲᠤᠬᠠᠶᠢᠯᠠᠪᠠᠯ ᠪᠣᠳᠠᠲᠠᠶ ᠪᠠᠶᠢᠭ᠎ᠠ ᠬᠥᠮᠦᠨ ᠠᠮᠠ  ᠶᠢ ᠶᠡᠭᠡ ᠪᠠᠷ ᠬᠢᠨᠠᠨ ᠪᠠᠶᠢᠴᠠᠭᠠᠬᠤ᠂ ᠲᠦᠷᠢᠶᠡᠰᠦᠨ ᠬᠡᠷ ᠪᠠᠶᠢᠰᠢᠩ ᠢ ᠶᠡᠭᠡ ᠪᠠᠷ ᠪᠠᠶᠢᠴᠠᠭᠠᠵᠤ᠂ ᠵᠥᠷᠢᠴᠡᠯ ᠵᠢᠭᠤᠷᠠᠯᠳᠤᠭᠠᠨ ᠢ ᠶᠡᠭᠡ ᠪᠠᠷ ᠵᠢᠭᠰᠠᠭᠠᠨ ᠪᠠᠶᠢᠴᠠᠭᠠᠬᠤ᠂ ᠭᠤᠤᠯᠳᠠᠯᠭ᠎ᠠ ᠲᠠᠢ ᠬᠥᠮᠦᠨ ᠠᠮᠠ ᠶᠢ ᠶᠡᠭᠡ ᠪᠠᠷ ᠬᠠᠮᠢᠶᠠᠷᠤᠨ ᠡᠵᠡᠮᠳᠡᠬᠦ ᠶᠢ ᠵᠢᠭᠠᠵᠤ ᠪᠠᠶᠢᠨ᠎ᠠ᠃         ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ 》᠄  ᠭᠤᠷᠪᠠᠨ ᠠᠷᠪᠢᠨ ᠭᠡᠳᠡᠭ ᠨᠢ ᠬᠤᠷᠠᠯ ᠴᠤᠭᠯᠠᠭ᠎ᠠ  ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ᠂  ᠭᠤᠷᠪᠠᠨ ᠴᠦᠬᠡᠨ  ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ᠂ ᠭᠤᠷᠪᠠᠨ ᠤᠳᠠᠭᠠᠨ ᠭᠡᠳᠡᠭ ᠨᠢ ᠰᠢᠶᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠢ  ᠵᠢᠭᠠᠵᠤ ᠪᠤᠢ᠃     《 ᠭᠤᠷᠪᠠ ᠶᠢ ᠪᠠᠲᠤᠯᠠᠬᠤ 》᠄ ᠲᠤᠬᠠᠶᠢᠯᠠᠪᠠᠯ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢᠨ ᠵᠠᠷᠤᠯᠭ᠎ᠠ ᠶᠢ ᠪᠠᠲᠤᠯᠠᠬᠤ ᠶᠢ ᠵᠢᠭᠠᠵᠤ ᠪᠤᠢ᠃      《 ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ 》᠄ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ   《 ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ 》 ᠬᠠᠷᠠᠯᠲᠠ ᠶᠢ ᠳᠤᠷᠠᠳᠪᠠ᠂ ᠲᠤᠬᠠᠶᠢᠯᠠᠪᠠᠯ ᠳᠤᠮᠳᠠᠳᠤ ᠤᠯᠤᠰ  ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠰᠢᠨ᠎ᠡ ᠵᠠᠮ ᠢ ᠨᠡᠭᠡᠭᠡᠵᠦ᠂ ᠥᠪᠥᠷ ᠮᠣᠩᠭᠤᠯ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠥᠬᠦ ᠤᠯᠤᠰ ᠤᠨ ᠳᠤᠮᠳᠠ ᠤᠷᠤᠰᠬᠠᠯ ᠳᠤ ᠣᠷᠣᠭᠤᠯᠬᠤ  ᠶᠢ ᠠᠬᠢᠭᠤᠯᠤᠨ᠎ᠠ᠃      《 ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ 》 ᠬᠠᠷᠠᠯᠲᠠ ᠶᠢ ᠳᠤᠷᠠᠳᠪᠠ᠂ ᠲᠤᠬᠠᠶᠢᠯᠠᠪᠠᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠰᠢᠨ᠎ᠡ ᠵᠠᠮ ᠢ ᠨᠡᠭᠡᠭᠡᠵᠦ᠂ ᠥᠪᠥᠷ ᠮᠣᠩᠭᠤᠯ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠥᠬᠦ ᠤᠯᠤᠰ ᠤᠨ ᠳᠤᠮᠳᠠ ᠤᠷᠤᠰᠬᠠᠯ ᠳᠤ ᠣᠷᠣᠭᠤᠯᠬᠤ ᠶᠢ ᠠᠬᠢᠭᠤᠯᠤᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号