2024 ᠣᠨ ᠤ《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ  ︵ᠬᠤᠶᠠᠷ︶
ᠨᠡᠶᠢᠲᠡᠯᠡᠭᠰᠡᠨ ᠴᠠᠭ᠄
2024/2/18
               ᠰᠢᠨ᠎ᠡ ᠨᠢᠭᠡᠨ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ᠄ ᠪᠡᠶ᠎ᠡ ᠪᠠᠨ ᠳᠠᠭᠠᠭᠠᠭᠰᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠩᠭᠠᠯᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 2023 ᠣᠨ ᠳᠤ ᠲᠥᠷᠥ ᠶᠢᠨ ᠶᠠᠪᠤᠳᠠᠯ  ᠤᠨ ᠬᠤᠷᠢᠶ᠎ᠠ ᠠᠴᠠ ᠰᠢᠨ᠎ᠡ ᠨᠢᠭᠡᠨ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ  ᠶᠢᠨ ᠠᠵᠢᠯᠯᠠᠭ᠎ᠠ ᠦᠷᠨᠢᠭᠦᠯᠬᠦ ᠶᠢ ᠳᠤᠷᠠᠳᠣᠨ ᠭᠠᠷᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠲᠥᠷᠥᠯ ᠤᠨ ᠲᠤᠭᠤᠷᠢᠨ ᠳᠤ ᠬᠠᠶᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠶᠢᠨ ᠰᠣᠷᠪᠣᠯᠵᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃       《 10 ᠠᠵᠤ ᠦᠶᠯᠡᠰ ᠤᠨ ᠬᠡᠯᠬᠢᠶ᠎ᠡ 》᠄ ᠮᠠᠨ ᠤ ᠬᠤᠰᠢᠭᠤᠨ ᠤ ᠬᠦᠴᠦ ᠪᠠᠨ ᠲᠥᠪᠯᠡᠷᠡᠭᠦᠯᠦᠨ ᠬᠥᠭᠵᠢᠭᠦᠯᠦᠭᠰᠡᠨ ᠠᠯᠠᠰᠢᠨ ᠦᠬᠡᠷ᠂ ᠰᠦ ᠶᠢᠨ ᠦᠶᠯᠡᠰ᠂ ᠭᠠᠭ᠋ᠠᠶ᠂ ᠠᠯᠠᠰᠢᠨ ᠬᠤᠨᠢ᠂ ᠠᠯᠠᠰᠢᠨ ᠨᠤᠭᠤᠰᠤ᠂ ᠡᠯᠳᠡᠪ ᠠᠮᠤ ᠪᠤᠷᠴᠠᠭ᠂ ᠲᠤᠲᠤᠷᠭ᠎ᠠ᠂ ᠦᠷ᠎ᠡ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ᠂ ᠡᠪᠡᠰᠦ ᠪᠣᠷᠳᠤᠭ᠎ᠠ᠂ ᠵᠢᠮᠢᠰ ᠢᠳᠡᠰᠢᠨ ᠨᠣᠭᠤᠭ᠎ᠠ ᠢᠳᠡᠰᠢᠨ ᠮᠥᠭᠦ 10 ᠠᠵᠤ ᠦᠶᠯᠡᠰ ᠤᠨ ᠬᠡᠯᠬᠢᠶ᠎ᠡ ᠶᠢ ᠵᠢᠭᠠᠵᠤ ᠪᠣᠶ᠃      《 ᠳᠥᠷᠪᠡᠨ ᠮᠢᠩᠭ᠎ᠠ ᠳᠥᠷᠪᠡᠨ ᠲᠦᠮᠡ 》᠄ ᠮᠢᠩᠭᠠᠨ ᠠᠭᠤᠯᠠ ᠲᠦᠮᠡᠨ ᠤᠰᠤ ᠶᠢ ᠲᠤᠭᠤᠯᠵᠤ ᠠᠷᠭ᠎ᠠ ᠪᠦᠬᠦᠨ ᠢ ᠰᠦᠪᠡᠭᠴᠢᠯᠡᠵᠦ  ᠂ ᠮᠢᠩᠭᠠᠨ ᠦᠭᠡ ᠬᠡᠯᠡᠵᠦ ᠲᠦᠮᠡᠨ ᠵᠣᠪᠠᠭᠤᠷᠢ ᠶᠢ  ᠲᠤᠭᠤᠯᠬᠤ ᠶᠢ ᠵᠢᠭᠠᠵᠤ ᠪᠠᠶᠢᠨ᠎ᠠ᠃      《  ᠮᠢᠩᠭ᠎ᠠ ᠲᠦᠮᠡ ᠶᠢᠨ ᠢᠨᠵᠧᠨᠧᠷᠢᠩ 》᠄ 《 ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ 》 ᠢᠨᠵᠧᠨᠧᠷᠢᠩ ᠢ ᠵᠢᠭᠠᠵᠤ ᠪᠠᠶᠢᠨ᠎ᠠ᠂ ᠡᠨᠡ ᠪᠣᠯ ᠵᠧᠵᠢᠶᠠᠩ ᠤᠨ 《 ᠠᠷᠢᠭᠤᠨ ᠲᠤᠩᠭᠠᠯᠠᠭ ᠣᠷᠴᠢᠨ ᠲᠤᠭᠤᠷᠢᠨ ᠨᠢ ᠠᠯᠲᠠ ᠮᠥᠩᠭᠦᠨ ᠠᠴᠠ ᠦᠨᠡᠲᠡᠢ 》 ᠭᠡᠬᠦ ᠣᠶᠢᠯᠠᠭᠠᠭᠳᠠᠬᠤᠨ ᠤ ᠦᠨᠳᠦᠰᠦᠨ ᠱᠠᠲᠤᠨ ᠤ ᠬᠥᠳᠡᠭᠡ ᠲᠣᠰᠬᠤᠨ ᠳᠠᠬᠢ ᠠᠮᠵᠢᠯᠲᠠ ᠲᠠᠢ ᠦᠶᠯᠡᠳᠦᠯᠭᠡ ᠪᠣᠯᠤᠨ᠎ᠠ᠃      《 ᠨᠢᠭᠡ ᠭᠡᠷ᠎ᠡ ᠳᠥᠷᠪᠡᠨ ᠬᠤᠷᠠᠯ 》᠄ ᠲᠤᠬᠠᠶᠢᠯᠠᠪᠠᠯ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠪᠠ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ᠂ ᠶᠣᠰᠣ ᠮᠣᠷᠠᠯ ᠤᠨ ᠵᠥᠪᠯᠡᠨ ᠲᠣᠭᠲᠠᠭᠠᠬᠤ ᠬᠤᠷᠠᠯ᠂ ᠭᠠᠴᠠᠭᠠᠨ ᠤ ᠠᠷᠠᠳ ᠤᠨ ᠵᠥᠪᠯᠡᠯ ᠪᠠ ᠬᠤᠣᠷᠲᠤ ᠡᠳ᠋ ᠢ ᠴᠠᠭᠠᠵᠠᠯᠠᠬᠤ ᠵᠣᠭᠤᠰ ᠨᠠᠭᠠᠳᠬᠤ ᠶᠢ ᠴᠠᠭᠠᠵᠠᠯᠠᠬᠤ ᠬᠤᠷᠠᠯ  ᠤᠨ ᠲᠦᠭᠦᠮ ᠨᠡᠷᠡᠶᠢᠳᠦᠯ᠂ ᠲᠠᠷᠤᠢ  ᠬᠠᠭᠤᠴᠢᠨ ᠶᠣᠰᠣ ᠪᠣᠯᠬᠢ ᠳᠠᠳᠬᠠᠯ ᠢ ᠥᠭᠡᠷᠡᠴᠢᠯᠡᠬᠦ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠬᠤ᠂ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠭᠠᠴᠠᠭᠠᠨ ᠤ ᠠᠷᠠᠳ ᠤᠨ ᠥᠪᠡᠷᠲᠡᠭᠡᠨ ᠵᠠᠰᠠᠬᠤ ᠳᠦᠷᠢᠮ ᠪᠣᠯᠤᠨ᠎ᠠ᠃      《 ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ 》᠄ ᠲᠠᠷᠤᠢ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠶᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠪᠣᠯᠤᠨ᠎ᠠ᠃       《 ᠹᠧᠩ ᠴᠢᠶᠣᠤ ᠶᠢᠨ ᠲᠤᠷᠰᠢᠯᠭ᠎ᠠ 》᠄ 20 ᠳ᠋ᠤᠭᠠᠷ ᠵᠠᠭᠤᠨ ᠤ ᠵᠢᠷᠠᠭᠠᠳ ᠣᠨ ᠤ ᠡᠬᠢ ᠪᠠᠷ ᠵᠧᠵᠢᠶᠠᠩ ᠮᠤᠵᠢ ᠶᠢᠨ ᠵᠦ ᠵᠢᠢ ᠰᠢᠶᠠᠨ ( ᠤᠳᠤ ᠶᠢᠨ ᠵᠦ ᠵᠢᠢ ᠬᠤᠳᠠ ) ᠤ ᠹᠧᠩ ᠴᠢᠶᠣᠤ ᠪᠠᠯᠭᠠᠰᠤᠨ ᠤ ᠺᠠᠳ᠋ᠷ ᠤᠯᠠᠨ ᠲᠦᠮᠡᠨ ᠤ ᠡᠭᠦᠳᠦᠨ ᠪᠦᠲᠦᠭᠡᠭᠰᠡᠨ 《 ᠤᠯᠠᠨ ᠲᠦᠮᠡᠨ ᠢ ᠲᠠᠶᠢᠴᠢᠯᠠᠨ ᠲᠦᠰᠢᠭᠯᠡᠵᠦ᠂ ᠵᠥᠷᠢᠴᠡᠯ ᠮᠥᠷᠭᠦᠯᠳᠦᠭᠡᠨ ᠢ  ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠪᠠᠷᠢᠮᠲᠠᠯᠠᠨ᠂ ᠬᠥᠮᠦᠨ ᠪᠠᠷᠢᠬᠤ ᠨᠢ ᠴᠥᠭᠡᠨ᠂ ᠠᠮᠤᠷ ᠢ ᠬᠠᠮᠠᠭᠠᠯᠠᠬᠤ ᠨᠢ ᠰᠠᠶᠢᠨ 》 ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠤᠷᠰᠢᠯᠭ᠎ᠠ ᠶᠢ ᠵᠢᠭᠠᠵᠤ ᠪᠠᠶᠢᠨ᠎ᠠ᠃      《 ᠫᠦᠵᠢᠶᠠᠩ ᠤᠨ ᠲᠤᠷᠰᠢᠯᠭ᠎ᠠ 》᠄ ᠲᠠᠷᠤᠢ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ ᠦᠨᠳᠦᠰᠦᠨ ᠱᠠᠲᠤᠨ ᠳᠤ ᠪᠠᠭᠤᠵᠤ ᠰᠤᠷᠪᠤᠯᠵᠢᠯᠠᠭ᠎ᠠ ᠬᠢᠵᠦ ᠪᠠᠶᠢᠭ᠎ᠠ ᠤᠯᠠᠨ ᠲᠦᠮᠡᠨ ᠢ ᠬᠦᠯᠢᠶᠠᠨ ᠠᠪᠴᠦ ᠪᠤᠢ ᠪᠣᠯᠭᠠᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠮᠦᠨ᠂ ᠪᠠᠰᠠᠴᠦ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠰᠠᠶᠢᠵᠢᠷᠠᠭᠤᠯᠤᠭᠰᠠᠨ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠭᠰᠠᠨ ᠠᠮᠢᠳᠤᠯᠢᠭ ᠦᠢᠯᠡᠳᠦᠯᠭᠡ ᠪᠣᠯᠤᠨ᠎ᠠ᠃      《 ᠭᠤᠷᠪᠠ ᠶᠢ ᠣᠷᠣᠨ ᠪᠠᠶᠢᠷᠢ ᠳᠤᠨᠢ ᠬᠦᠷᠦᠭᠦᠯᠵᠦ ᠨᠢᠭᠡ ᠶᠢ ᠰᠢᠶᠳᠪᠦᠷᠢᠯᠡᠬᠦ 》᠄ ᠲᠤᠬᠠᠶᠢᠯᠠᠪᠠᠯ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠵᠦᠢ ᠵᠣᠬᠢᠰᠲᠠᠶ ᠰᠢᠶᠳᠪᠦᠷᠢᠯᠡᠵᠦ᠂ ᠬᠦᠰᠡᠯ ᠱᠠᠭᠠᠷᠳᠠᠯᠭ᠎ᠠ ᠶᠢ ᠵᠦᠢ ᠵᠣᠬᠢᠰ ᠪᠠᠶᠢᠬᠤ ᠳᠤᠨᠢ ᠦᠵᠡᠯ ᠰᠠᠨᠠᠭᠠᠨ ᠤ ᠬᠥᠮᠦᠵᠢᠯ ᠬᠢᠵᠦ ᠣᠷᠣᠨ ᠪᠠᠶᠢᠷᠢ ᠳᠤᠨᠢ ᠬᠦᠷᠦᠭᠦᠯᠵᠦ᠂ ᠠᠮᠢᠳᠤᠷᠠᠯ ᠨᠢ ᠬᠦᠴᠢᠷᠳᠡᠯᠲᠡᠶ ᠶᠢ ᠨᠢ ᠬᠠᠪᠰᠤᠷᠤᠨ ᠲᠡᠳᠬᠦᠵᠦ ᠲᠡᠩᠬᠡᠷᠡᠭᠦᠯᠦᠨ ᠲᠤᠰᠠᠯᠠᠬᠤ ᠶᠢ ᠣᠷᠣᠨ ᠪᠠᠶᠢᠷᠢ ᠳᠤᠨᠢ ᠬᠦᠷᠦᠭᠦᠯᠵᠦ ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠢ ᠬᠠᠤᠯᠢ ᠶᠣᠰᠣᠭᠠᠷ ᠰᠢᠶᠳᠪᠦᠷᠢᠯᠡᠬᠦ ᠶᠢ ᠵᠢᠭᠠᠵᠤ ᠪᠠᠶᠢᠨ᠎ᠠ᠃      《 ᠭᠤᠷᠪᠠᠨ ᠲᠥᠯᠥᠪᠯᠡᠭᠡ 》᠄ ᠲᠤᠬᠠᠶᠢᠯᠠᠪᠠᠯ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ  ᠤᠨ ᠰᠣᠯᠢᠯᠴᠠᠭᠠᠨ ᠤ ᠲᠥᠯᠥᠪᠯᠡᠭᠡ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠠᠭᠤᠰᠤᠯᠴᠠᠬᠤ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠨᠢᠭᠲᠠᠷᠠᠯᠴᠠᠭ᠎ᠠ ᠶᠢ ᠠᠬᠢᠭᠤᠯᠬᠤ ᠲᠥᠯᠥᠪᠯᠡᠭᠡ ᠪᠣᠯᠤᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号