2024 ᠣᠨ ᠤ《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ  ︵ᠭᠤᠷᠪᠠ︶
ᠨᠡᠶᠢᠲᠡᠯᠡᠭᠰᠡᠨ ᠴᠠᠭ᠄
2024/2/18
      《 ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ 》᠄ ᠲᠤᠬᠠᠶᠢᠯᠠᠪᠠᠯ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠤᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠤᠷ᠎ᠠ ᠬᠥᠭᠵᠢᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ  ᠵᠦᠷᠢᠶ᠎ᠡ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠶ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠣᠯᠭ᠎ᠠ ᠳᠣᠤᠷ᠎ᠠ ᠣᠯᠤᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠪᠣᠯᠤᠭᠰᠠᠨ ᠨᠢ ᠨᠠᠮ ᠤᠨ ᠦᠭᠡ ᠶᠢ ᠰᠣᠨᠣᠰᠤᠭᠰᠠᠨ ᠳᠤ ᠪᠠᠶᠢᠨ᠎ᠠ᠃         ︽ᠭᠤᠷᠪᠠᠨ ᠰᠠᠯᠵᠤ ᠴᠢᠲᠠᠬᠤ ᠦᠭᠡᠢ  ︾  ᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ᠃       《 ᠲᠦᠷᠪᠡᠨ ᠬᠠᠮᠲᠤ ᠪᠠᠷ 》᠄ ᠲᠤᠬᠠᠶᠢᠯᠠᠪᠠᠯ ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ ᠨᠦᠭᠦᠳ ᠬᠠᠮᠲᠤ ᠪᠠᠷ ᠨᠡᠭᠡᠭᠡᠭᠰᠡᠨ ᠶᠤᠮ᠂ ᠮᠠᠨ ᠤ ᠥᠨᠢ ᠤᠳᠠᠭᠠᠨ ᠲᠡᠦᠬᠡ ᠶᠢ ᠦᠨᠳᠦᠰᠦᠲᠡᠨ  ᠨᠦᠭᠦᠳ ᠬᠠᠮᠲᠤ ᠪᠠᠷ ᠪᠢᠴᠢᠭᠯᠡᠭᠰᠡᠨ ᠶᠤᠮ᠂ ᠮᠠᠨ ᠤ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠭᠦᠳᠦᠭᠰᠡᠨ ᠶᠤᠮ᠂ ᠮᠠᠨ ᠤ ᠠᠭᠤᠤ ᠶᠡᠭᠡ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠬᠠᠮᠲᠤ ᠪᠠᠷ ᠪᠣᠶᠢᠵᠢᠭᠤᠯᠤᠭᠰᠠᠨ ᠶᠤᠮ᠃      《 ᠳᠥᠷᠪᠡᠨ  ᠬᠠᠮᠲᠤᠳᠬᠠᠬᠤ 》᠄ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ  ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠶᠢ ᠵᠢᠭᠠᠵᠤ ᠪᠠᠶᠢᠨ᠎ᠠ᠃      《 ᠲᠠᠪᠤᠨ ᠬᠠᠮᠲᠤ ᠶᠢᠨ ᠲᠠᠨᠢᠯᠲᠠ 》᠄ ᠳᠠᠷᠤᠢ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠪᠣᠯᠤᠨ᠎ᠠ᠃《 ᠲᠠᠪᠤᠨ ᠦᠵᠡᠯᠲᠡ 》᠄ ᠳᠠᠷᠤᠢ ᠵᠥᠪ ᠣᠨᠣᠪᠴᠢᠲᠠᠢ ᠤᠯᠤᠰ ᠭᠡᠷ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠨ᠎ᠠ᠃      《 ᠲᠤᠯᠤᠭᠠᠨ ᠲᠠᠯ᠎ᠠ ᠪᠠᠷ ᠵᠢᠱᠢᠶᠡᠴᠢ ᠪᠣᠯᠭᠠᠬᠤ 》᠄ ᠲᠤᠬᠠᠶᠢᠯᠠᠪᠠᠯ ᠨᠠᠮ ᠤᠨ ᠠᠴᠢ ᠳᠤ ᠲᠠᠯᠠᠷᠬᠠᠵᠤ ᠨᠠᠮ  ᠤᠨ ᠦᠭᠡ ᠶᠢ ᠰᠣᠨᠣᠰᠬᠤ᠂ ᠶᠡᠷᠦᠩᠬᠡᠶ ᠱᠦᠵᠢ ᠰᠢ ᠶᠢᠨ ᠫᠢᠩ ᠢ ᠰᠠᠯᠤᠯ ᠦᠭᠡᠢ ᠲᠠᠭᠠᠬᠤ᠂ ᠰᠢᠨ᠎ᠡ ᠠᠶᠠᠨ ᠵᠠᠮ  ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠣᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠵᠢᠱᠢᠶᠡᠴᠢ ᠪᠣᠯᠬᠤ᠂ ᠦᠨᠳᠦᠰᠦᠲᠡᠨ ᠤ ᠭᠠᠵᠠᠷ ᠣᠷᠣᠨ  ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠣᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠬᠠᠮᠲᠤ ᠪᠠᠷ ᠴᠢᠨᠡᠭᠡᠯᠢᠭᠵᠢᠬᠦ ᠵᠠᠮ  ᠢᠶᠠᠷ ᠵᠠᠮᠨᠠᠬᠤ ᠳᠤ ᠵᠢᠱᠢᠶᠡᠴᠢ ᠪᠣᠯᠬᠤ᠂ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠤᠷᠤᠨ ᠢ ᠬᠥᠭᠵᠢᠭᠦᠯᠵᠦ᠂ ᠲᠤᠭᠲᠠᠪᠤᠷᠢᠵᠢᠭᠤᠯᠬᠤ᠂ ᠪᠠᠬᠢᠵᠢᠭᠦᠯᠬᠦ ᠲᠠᠯ᠎ᠠ ᠪᠠᠷ ᠵᠢᠱᠢᠶᠡᠴᠢ ᠪᠣᠯᠬᠤ᠂ ᠬᠢᠯᠢ ᠬᠢᠵᠠᠭᠠᠷ ᠤᠨ ᠭᠠᠵᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢ ᠬᠤᠯᠪᠣᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠣᠯᠬᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠶᠢ ᠵᠢᠭᠠᠵᠤ ᠪᠠᠶᠢᠨ᠎ᠠ᠃      《 ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ 》᠄ ᠲᠤᠬᠠᠶᠢᠯᠠᠪᠠᠯ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠳᠠᠯ ᠢ ᠦᠨᠳᠦᠰᠦᠨ ᠱᠠᠲᠤᠨ ᠳᠤ ᠪᠠᠭᠤᠯᠭᠠᠬᠤ᠂ ᠲᠤᠬᠠᠶ ᠶᠢᠨ ᠭᠠᠵᠠᠷ ᠲᠤᠨᠢ ᠠᠯᠪᠠᠯᠠᠬᠤ ᠶᠠᠪᠤᠳᠠᠯ ᠢ ᠦᠨᠳᠦᠰᠦᠨ ᠱᠠᠲᠤᠨ ᠳᠤ ᠪᠠᠭᠤᠯᠭᠠᠬᠤ ᠢ ᠵᠢᠭᠠᠵᠤ ᠪᠤᠢ᠃     《  ᠲᠣᠯᠤᠭ᠎ᠠ ᠶᠢ  ᠲᠠᠶᠠᠭᠳᠠᠬᠤ 》᠄ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ  ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠳᠡᠭᠡᠷ᠎ᠡ᠂ ᠰᠦᠨ ᠱᠣᠤ ᠴᠧᠩ  ᠱᠦᠵᠢ ᠠᠴᠠ  ᠬᠥᠭᠵᠢᠯᠲᠡ ᠶᠢᠨ ᠦᠵᠡᠯᠲᠡ ᠪᠠᠨ ᠲᠥᠪ ᠪᠣᠯᠭᠠᠬᠤ ᠲᠤᠬᠠᠶ 《  ᠲᠣᠯᠤᠭ᠎ᠠ ᠶᠢ ᠲᠠᠶᠠᠭᠳᠠᠬᠤ 》 ᠴᠢᠬᠤᠯᠠ ᠱᠠᠭᠠᠷᠳᠠᠯᠭ᠎ᠠ ᠳᠤᠷᠠᠳᠴᠠᠶ᠂ ᠲᠤᠬᠠᠶᠢᠯᠠᠪᠠᠯ 《 ᠪᠢ ᠪᠣᠰᠣᠳ ᠢ ᠬᠥᠷᠬᠦ ᠥᠬᠡᠶ 》 ᠭᠡᠬᠦ ᠪᠣᠳᠣᠯ᠂ 《  ᠭᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ ᠥᠬᠡᠶ 》 ᠭᠡᠬᠦ ᠪᠣᠳᠣᠯ᠂ 《 ᠶᠠᠪᠤᠴᠠ ᠶᠢ ᠴᠢᠬᠤᠯᠠᠴᠢᠯᠠᠬᠤ ᠠᠴᠠ ᠪᠢᠰᠢ ᠦᠷ᠎ᠡ ᠳ᠋ᠦᠩ ᠢ ᠴᠢᠬᠤᠯᠠᠴᠢᠯᠠᠬᠤ ᠥᠬᠡᠶ 》 ᠪᠠᠶᠢᠬᠤ  ᠤᠬᠠᠮᠰᠠᠷ᠂ 《 ᠵᠣᠷ ᠥᠬᠡᠶ ᠪᠣᠯ ᠡᠮ ᠥᠭᠬᠦ ᠵᠣᠷᠢᠭ ᠥᠬᠡᠶ 》 ᠬᠢᠳᠡᠯ᠂ 《 ᠨᠢᠳᠦᠨ ᠡᠮᠦᠨᠡᠬᠢ ᠪᠠᠨ ᠬᠠᠷᠠᠬᠤ ᠠᠴᠠ ᠪᠢᠰᠢ ᠠᠯᠤᠰ ᠬᠡᠲᠦ ᠶᠢ ᠬᠠᠷᠠᠬᠤ ᠥᠬᠡᠶ 》 ᠰᠡᠳᠬᠢᠬᠦᠶ᠂ 《  ᠨᠠᠷᠢᠯᠢᠭ ᠵᠦᠶᠯᠡᠰ ᠢ ᠠᠩᠬᠠᠷᠬᠤ ᠥᠬᠡᠶ᠂ ᠪᠠᠷᠤᠭ ᠲᠥᠯᠥᠪ ᠢᠶᠠᠷ ᠨᠢ ᠪᠣᠯᠭᠠᠬᠤ》 ᠭᠡᠬᠦ ᠪᠣᠳᠣᠯ᠂ 《 ᠦᠶᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠬᠥᠩᠭᠡᠪᠴᠢᠯᠡᠬᠦ  ︾ ᠦᠵᠡᠯᠲᠡ ᠶᠢ ᠲᠠᠶᠠᠭᠳᠠᠬᠤ ᠬᠡᠷᠡᠭᠲᠡᠢ ᠶᠢ ᠵᠢᠭᠠᠵᠤ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号