ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶ | | | — 2024 ᠣᠨ ᠤ 1 ᠰᠠᠷ᠎ᠠ ᠶᠢᠨ 25 ᠡᠳᠦᠷ | ᠣᠩᠨᠢᠭᠤᠳ ᠬᠤᠰᠢᠭᠤᠨ ᠳᠤ | | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | | ᠬᠤᠰᠢᠭᠤᠨ ᠲᠠᠷᠤᠭ᠎ᠠ ᠮᠥᠩᠬᠡ | | ᠲᠥᠯᠥᠭᠡᠯᠡᠭᠴᠢᠳ ᠡ᠄ | ᠣᠲᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠳ᠋ᠦᠩᠨᠡᠯᠳᠡ | 2023 ᠣᠨ ᠪᠣᠯ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠣᠭᠤᠰᠢᠯᠠᠭᠤᠯᠬᠤ ᠡᠬᠢᠯᠡᠯᠳᠡ ᠶᠢᠨ ᠵᠢᠯ ᠮᠦᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠬᠤᠭᠤᠴᠠᠭᠠᠨ ᠤ ᠳᠠᠷᠠᠭᠠᠬᠢ ᠠᠵᠤ ᠠᠬᠤᠢ ᠶᠢ | ᠰᠡᠷᠭᠦᠭᠡᠨ ᠭᠥᠭᠵᠢᠭᠦᠯᠬᠦ ᠨᠢᠭᠡ ᠵᠢᠯ ᠪᠣᠯᠤᠨ᠎ᠠ ᠃ ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠱᠣᠭᠤᠮ ᠪᠣᠯᠭᠠᠵᠣ᠂ ᠳᠡᠭᠡᠳᠦ ᠱᠠᠲᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠤᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠤᠤᠷ᠎ᠠ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠦᠭᠡᠷᠡᠴᠢᠯᠡᠯᠲᠡ ᠬᠥᠭᠵᠢᠯᠲᠡ ᠲᠤᠭᠲᠠᠭᠤᠨ ᠪᠠᠶᠢᠬᠤ ᠡᠯ᠎ᠡ ᠲᠦᠷᠦᠯ ᠤᠨ ᠠᠵᠢᠯ ᠢ ᠨᠢᠭᠡᠳᠦᠯᠲᠠᠢ | ᠲᠥᠯᠥᠪᠵᠢᠭᠦᠯᠦᠨ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ | ᠢᠳᠡᠷᠡᠭᠦᠨ ᠠᠯᠬᠤᠭ᠎ᠠ ᠪᠠᠷ ᠣᠷᠣᠭᠰᠢᠯᠠᠵᠠᠢ᠃ | ᠡᠨᠡ ᠨᠢᠭᠡ ᠵᠢᠯ ᠳᠤ᠂ ᠪᠢᠳᠡ ᠨᠡᠮᠡᠭᠳᠡᠯ ᠢ ᠲᠣᠭᠲᠠᠪᠤᠷᠢᠵᠢᠭᠤᠯᠬᠤ᠂ ᠡᠷᠭᠢᠯᠲᠡ ᠶᠢ ᠠᠳᠬᠤᠬᠤ ᠪᠠᠷ | ᠴᠢᠷᠮᠠᠶᠢᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠡᠭᠰᠢᠯᠡᠯᠲᠡ ᠲᠠᠢ ᠪᠣᠯᠪᠠ ᠃ ᠬᠥᠭᠵᠢᠭᠦᠯᠬᠦ ᠪᠣᠯ | ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠲᠤ ᠪᠠᠷᠢᠮᠲᠠᠯᠠᠵᠤ᠂ ᠠᠵᠤ ᠠᠬᠤᠶ ᠶᠢᠨ ᠡᠷᠭᠢᠯᠲᠡ᠂ ᠲᠥᠷᠥᠯ ᠵᠦᠶᠯ | ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠵᠡᠷᠭᠡ ᠠᠵᠢᠯ ᠤᠨ | ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ | ᠦᠷᠭᠦᠯᠵᠢᠯᠡᠨ ᠰᠠᠶᠢᠵᠢᠷᠠᠬᠤ ᠶᠢ ᠬᠦᠴᠦᠲᠡᠶ ᠠᠬᠢᠭᠤᠯᠪᠠ ᠃ ᠪᠦᠬᠦ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠳᠡᠭ 181.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 4.5 % ᠪᠠᠷ | ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | 53 . 5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 15 % ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠤᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 7.9 % ᠳᠤ ᠬᠥᠷᠪᠡ᠃ | ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 38 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 9.4 % ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | ᠪᠠ ᠵᠠᠷᠤᠯᠭ᠎ᠠ ᠶᠢ 9 . 5 ᠳ᠋ᠦᠩᠰᠢᠭᠤᠷ ᠲᠥᠭᠦᠷᠢᠭ᠂ 58 . 7 ᠳ᠋ᠦᠩᠰᠢᠭᠤᠷ ᠲᠥᠭᠦᠷᠢᠭ ᠲᠤ ᠬᠦᠷᠭᠡᠵᠦ᠂ ᠲᠣᠰ | ᠲᠣᠰ 94 % ᠪᠠ 33 % ᠪᠠᠷ ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 36126 ᠲᠥᠭᠦᠷᠢᠭ ᠪᠠ 16317 | ᠲᠥᠭᠦᠷᠢᠭ ᠲᠤ ᠬᠦᠷᠴᠦ᠂ ᠲᠣᠰ ᠲᠣᠰ 5 . 1 % ᠪᠠ 7 . 8 % ᠪᠠᠷ ᠨᠡᠮᠡᠭᠳᠡᠪᠡ᠃ ᠪᠠᠯᠠ | ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ 56 ᠲᠥᠷᠥᠯ ᠵᠦᠢᠯ ᠢ | ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠣᠭᠤᠮᠲᠠ ᠰᠢᠪᠲᠤᠯᠬᠤ 5 ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ᠂ | 2023 ᠣᠨ ᠤ ︽ᠤᠯᠠᠭᠠᠨᠬᠠᠳᠠᠴᠤᠤᠯ ᠤᠨ ᠨᠤᠲᠤᠭ ᠤᠨ ᠠᠶᠠᠯᠠᠯ︾ ᠵᠢᠴᠢ ᠰᠢᠨ᠎ᠡ ᠡᠨᠧᠷᠭᠢ ᠶᠢᠨ ᠠᠵᠤ | ᠦᠢᠯᠡᠰ ᠤᠨ ᠠᠷᠠᠯᠵᠢᠶᠠᠴᠢᠨ ᠤᠷᠢᠬᠤ ᠰᠣᠷᠳᠠᠯᠴᠢᠯᠠᠭ᠎ᠠ ᠶᠢᠨ ᠬᠤᠷᠠᠯ ᠢ ᠡᠷᠭᠢᠯᠡᠵᠦ᠂ ᠪᠥᠬᠦ ᠵᠢᠯ ᠳᠤ ᠠᠷᠠᠯᠵᠢᠶᠠᠴᠢᠨ | ᠤᠷᠢᠬᠤ 57 ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠨᠡᠶᠢᠲᠡ 136 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠵᠦᠪᠳᠡᠯᠴᠡᠪᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 36 . | 8 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠠᠶᠢᠯᠢ ᠶᠢ 1 | . 2 ᠳ᠋ᠦᠩᠰᠢᠭᠤᠷ ᠲᠥᠭᠦᠷᠢᠭ ᠬᠠᠰᠤᠵᠤ ᠰᠦᠢᠳᠬᠡᠯ ᠢ ᠪᠠᠭᠤᠷᠠᠭᠤᠯᠪᠠ᠃ ᠪᠦᠬᠦ ᠬᠤᠰᠢᠭᠤᠨ ᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠶᠢ 216 ᠳ᠋ᠦᠩᠰᠢᠭᠤᠷ ᠲᠥᠭᠦᠷᠢᠭ | ᠪᠠ 170 ᠳ᠋ᠦᠩᠰᠢᠭᠤᠷ ᠲᠥᠭᠦᠷᠢᠭ ᠲᠤ ᠬᠦᠷᠭᠡᠵᠦ᠂ ᠲᠣᠰᠪᠣᠷᠢ 20 % ᠪᠠ 25 % ᠪᠠᠷ ᠨᠡᠮᠡᠭᠳᠡᠪᠡ᠃ | ᠡᠨᠡ ᠨᠢᠭᠡ ᠵᠢᠯ ᠳᠤ᠂ ᠪᠢᠳᠡ ᠳᠠᠪᠠᠭᠤᠯᠢᠭ ᠢᠶᠠᠨ ᠪᠠᠳᠠᠷᠠᠭᠤᠯᠵᠤ᠂ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠪᠠᠷ ᠴᠢᠷᠮᠠᠶᠢᠵᠤ᠂ ᠠᠵᠤ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠪᠠ᠃ ᠠᠵᠤ | ᠠᠬᠤᠶ ᠶᠢᠨ ᠶᠠᠰᠤ ᠴᠢᠨᠠᠷ ᠢ ᠰᠢᠯᠢᠳᠡᠭᠵᠢᠭᠦᠯᠵᠦ᠂ ᠪᠦᠬᠦ ᠵᠢᠯ ᠳᠤ ᠪᠡᠯᠡ ᠣᠷᠣᠭᠤᠯᠤᠯᠲᠠ ᠨᠢ 5000 ᠲᠦᠮᠡᠨ | ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ 19 ᠠᠵᠤ ᠦᠢᠯᠡᠳᠪᠦᠷᠢ ᠶᠢᠨ ᠲᠥᠷᠥᠯ ᠵᠦᠢᠯ ᠢ ᠬᠡᠷᠡᠭᠵᠢᠭᠦᠯᠵᠦ | ᠂ 33 . 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ︽ᠰᠢᠨ᠎ᠡ ᠡᠨᠧᠷᠭᠢ ᠶᠢ | ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠪᠥᠬᠦ ᠲᠠᠯ᠎ᠠ ᠪᠠᠷ ᠡᠬᠢᠯᠡᠭᠦᠯᠵᠦ᠂ ᠶᠡᠷᠦᠩᠬᠡᠶ ᠮᠠᠰᠢᠨ ᠴᠣᠭᠴᠠᠯᠠᠪᠤᠷᠢ ᠶᠢᠨ | ᠬᠡᠪᠴᠢᠶ᠎ᠡ ᠨᠢ 206 . 1 ᠲᠦᠮᠡᠨ ᠺᠢᠯᠣᠸᠠᠲ ᠤᠨ 5 ᠰᠢᠨ᠎ᠡ ᠡᠨᠧᠷᠭᠢ ᠶᠢᠨ ᠲᠥᠷᠥᠯ ᠵᠦᠢᠯ ᠢ ᠠᠵᠢᠯ | ᠡᠬᠢᠯᠠᠬᠦᠯᠵᠦ᠂ ᠳ᠋ᠠ ᠲᠠᠩ ᠤᠨ 20 ᠲᠦᠮᠡᠨ ᠬᠢᠯᠦᠸᠠᠲ᠂ ᠵᠥᠩ ᠭᠤᠸᠠᠩ ᠾᠧ ᠶᠢᠨ 10 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠤ ᠪᠦᠷᠢᠨ ᠪᠠᠭᠲᠠᠭᠠᠮᠵᠢ ᠲᠠᠢ ᠲᠤᠤᠷ ᠨᠡᠶᠢᠯᠡᠭᠦᠯᠦᠨ ᠴᠠᠬᠢᠯᠭᠠᠨ ᠭᠠᠷᠭᠠᠵᠤ᠂ ᠪᠥᠬᠦ | ᠬᠤᠲᠠ ᠳᠤ ᠬᠠᠮᠤᠭ ᠤᠷᠢᠳᠠᠪᠠᠷ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠶ ᠶᠢ ᠵᠠᠰᠠᠬᠤ ᠰᠢᠨ᠎ᠡ | ᠡᠨᠧᠷᠭᠢ ᠶᠢᠨ ᠰᠠᠭᠤᠷᠢᠨ ᠭᠠᠵᠠᠷ ᠤᠨ ᠪᠠᠷᠢᠮᠵᠢᠶᠠᠲᠤ ᠭᠠᠵᠠᠷ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ | ᠡᠬᠢᠯᠡᠭᠦᠯᠪᠡ᠃ ᠾᠧᠩ ᠳ᠋ᠦ᠋ ᠶᠢᠨ 5 ᠲᠦᠮᠡᠨ ᠲᠤᠨ ᠦᠬᠡᠷ ᠤᠨ ᠮᠢᠬ᠎ᠠ ᠶᠢ ᠨᠠᠷᠢᠯᠢᠭ ᠡᠳ᠋ᠰᠢᠭᠦᠯᠬᠦ᠂ ᠬᠤᠸᠠ | ᠤᠤ ᠭᠤᠸᠠᠩ ᠶᠤᠸᠠᠨ ᠣᠯᠠᠨ ᠲᠡᠮᠦᠷᠯᠢᠭ ᠤᠨ ᠠᠭᠤᠷᠬᠠᠢ᠂ ᠰᠢᠨ ᠸᠠᠩ ᠠᠭᠤᠷᠬᠠᠢ ᠶᠢᠨ ᠦᠢᠯᠡᠰ ᠤᠨ ᠴᠠᠶᠢᠷ | ᠲᠤᠭᠤᠯᠭ᠎ᠠ ᠶᠢ ᠰᠢᠯᠢᠬᠦ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠵᠦᠩ ᠯᠢ ᠲᠡᠭᠡᠳᠤ ᠰᠢᠨᠵᠢᠯᠡᠬᠦ | ᠤᠬᠠᠭᠠᠨ ᠤ ᠢᠨᠳᠢᠶᠠᠨ ᠪᠤᠭᠤᠳᠠᠢ᠂ ᠮᠢᠩ ᠶᠠᠩ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠤᠤᠢ | ᠴᠧᠩ ᠰᠢᠨ᠎ᠡ ᠡᠨᠧᠷᠬᠢ ᠶᠢᠨ ᠰᠠᠯᠬᠢᠨ ᠬᠦᠴᠦᠨ ᠤ ᠮᠠᠰᠢᠨ ᠤ ᠰᠤᠪᠤᠷᠭᠠᠨ ᠲᠦᠩᠰᠡ᠂ ᠶᠤᠸᠠᠨ ᠵᠢᠩ ᠣᠶᠤᠨᠴᠢ | ᠶᠡᠷᠦᠩᠬᠡᠢ ᠤᠭᠰᠠᠷᠠᠯᠲᠠ ᠶᠢᠨ ᠰᠠᠭᠤᠷᠢᠨ ᠭᠠᠵᠠᠷ᠂ ᠪᠥᠸᠧ ᠳ᠋ᠧ ᠸᠧᠢ ᠴᠢ ᠪᠦᠷᠬᠦᠭᠦᠯ ᠂ ᠷᠦᠢ ᠨᠧᠩ | ᠠᠭᠤᠷᠬᠠᠢ ᠶᠢᠨ ᠦᠢᠯᠡᠰ ᠤᠨ ᠴᠠᠶᠢᠷ ᠲᠤᠭᠤᠯᠭ᠎ᠠ ᠶᠢ ᠰᠢᠯᠢᠬᠦ ᠵᠡᠷᠭᠡ ᠲᠥᠷᠥᠯ ᠵᠦᠢᠯ ᠢ ᠪᠠᠶᠢᠭᠤᠯᠵᠦ ᠲᠠᠭᠤᠰᠬᠠᠭᠠᠳ | ᠠᠰᠢᠭᠯᠠᠯᠲᠠ ᠳᠤ ᠣᠷᠣᠭᠤᠯᠪᠠ᠃ ᠵᠥᠩ ᠯᠢᠶᠠᠩ ᠵᠢᠶᠠ ᠵᠢᠶᠠ ᠺᠠᠩ ᠵᠡᠷᠭᠡ 7 ᠠᠵᠤ ᠠᠬᠤᠶᠢᠯᠠᠯ ᠢ ᠲᠠᠰ | ᠳᠡᠪᠰᠢᠭᠦᠯᠦᠨ ᠨᠢᠭᠡᠳᠦᠯᠲᠡᠶ ᠲᠥᠯᠥᠪᠯᠡᠬᠦ᠂ ᠱᠤᠸᠠᠩ ᠴᠧᠩ ᠬᠦᠨᠳᠦ ᠠᠵᠤ ᠦᠢᠯᠡᠳᠪᠤᠷᠢ ᠵᠡᠷᠭᠡ 6 ᠠᠵᠤ | ᠠᠬᠤᠶᠢᠯᠠᠯ ᠤᠨ ᠳᠠᠬᠢᠨ ᠪᠠᠶᠢᠭᠤᠯᠣᠯᠳᠠ ᠶᠢ ᠪᠡᠶᠡᠯᠡᠭᠦᠯᠪᠡ᠃ 2 . 3 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ ᠨᠡᠭᠡᠭᠡᠨ ᠬᠥᠭᠵᠢᠭᠦᠯᠬᠦ ᠣᠷᠣᠨ ᠤ 5 ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ | 17 . 1 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠦᠢᠯᠡᠳᠪᠤᠷᠢ ᠶᠢᠨ ᠭᠡᠷ ᠢ ᠰᠢᠨ᠎ᠡ ᠪᠠᠷ | ᠪᠠᠶᠢᠭᠤᠯᠤᠨ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠶᠡᠷᠦᠩᠬᠡᠢ ᠥᠷᠲᠡᠭ 88 . 4 ᠳ᠋ᠦᠩᠰᠢᠭᠤᠷ | ᠲᠥᠭᠦᠷᠢᠭ᠂ ᠭᠠᠶᠢᠯᠢ ᠶᠢᠨ ᠣᠷᠣᠯᠭ᠎ᠠ 1 . 35 ᠳ᠋ᠦᠩᠰᠢᠭᠤᠷ ᠲᠥᠭᠦᠷᠢᠭ ᠲᠤ ᠬᠦᠷᠴᠦ᠂ ᠲᠣᠰᠪᠣᠷᠢ 38 % | ᠪᠠ 35 % ᠨᠡᠮᠡᠭᠳᠡᠪᠡ᠃ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠲᠦᠷᠭᠡᠨ ᠲᠠᠰ ᠳᠡᠪᠰᠢᠵᠦ᠂ | ᠬᠠᠪᠤᠷ ᠤᠨ ᠤᠯᠠᠷᠢᠯ ᠤᠨ ᠬᠦᠨᠳᠦ ᠨᠣᠴᠢᠲᠠᠶ ᠭᠠᠩ ᠬᠠᠭᠰᠠᠷᠠᠭᠠᠨ ᠢ ᠪᠦᠲᠦᠮᠵᠢᠲᠡᠶ ᠠᠷᠭᠠᠴᠠᠭᠠᠵᠤ᠂ ᠠᠮᠤ | ᠪᠤᠳᠠᠭᠠᠨ ᠤ ᠲᠠᠷᠢᠮᠠᠯ ᠤᠨ ᠲᠠᠯᠠᠪᠠᠶ 435 . 6 ᠲᠦᠮᠡᠨ ᠮᠥ ᠪᠠᠶᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ | 20 ᠲᠦᠮᠡᠨ ᠮᠥ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠨ ᠭᠠᠵᠠᠷ 5 . 5 ᠲᠦᠮᠡᠨ ᠮᠥ᠂ ᠭᠦᠨ | ᠵᠥᠭᠡᠯᠡᠷᠡᠭᠦᠯᠦᠭᠰᠡᠨ ᠲᠠᠷᠢᠶᠠᠨ ᠭᠠᠵᠠᠷ 12 ᠲᠦᠮᠡᠨ ᠮᠥ᠂ ᠠᠮᠤ ᠪᠤᠳᠠᠭᠠᠨ ᠤ ᠤᠨᠠᠯᠲᠠ ᠶᠢ 25 ᠳ᠋ᠦᠩᠰᠢᠭᠤᠷ | ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠶᠢ ᠠᠵᠤ | ᠦᠶᠢᠯᠡᠰᠵᠢᠭᠦᠯᠦᠨ ᠬᠡᠷᠡᠭᠯᠡᠬᠦ ᠲᠤᠷᠰᠢᠯᠲᠠ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠪᠦᠬᠦ ᠵᠢᠯ ᠳᠤ 26 | ᠲᠦᠮᠡᠨ ᠲᠣᠯᠣᠭᠠᠢ ᠮᠢᠬᠠᠨ ᠦᠬᠡᠷ᠂ 120 ᠲᠦᠮᠡᠨ ᠲᠣᠯᠣᠭᠠᠢ ᠮᠢᠬᠠᠨ ᠬᠤᠨᠢ᠂ 220 ᠲᠦᠮᠡᠨ ᠭᠠᠭ᠋ᠠᠢ ᠶᠢ | ᠪᠣᠷᠣᠯᠠᠭᠤᠯᠤᠨ ᠭᠠᠷᠭᠠᠵᠤ᠂ 4 ᠮᠠᠯ ᠵᠢᠭᠦᠷᠲᠡᠨ ᠤ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ᠂ 1ᠤᠯᠤᠰ ᠤᠨ ᠲᠠᠰ ᠤᠨ ᠭᠤᠤᠯᠳᠠᠯᠭᠠᠲᠠᠢ ᠦᠷ᠎ᠡ ᠪᠤᠶᠢᠵᠢᠭᠤᠯᠬᠤ ᠲᠠᠯᠠᠪᠠᠶ ᠶᠢ ᠭᠤᠶᠤᠴᠢᠯᠠᠨ | ᠮᠠᠳᠡᠬᠦᠯᠵᠤ᠂ ᠪᠦᠬᠦ ᠬᠤᠰᠢᠭᠤᠨ ᠤ ᠠᠩᠬᠠᠳᠠᠭᠴᠢ ᠠᠮᠢᠲᠠᠨ ᠢ ᠣᠨᠣᠰᠢᠯᠠᠨ ᠡᠮᠨᠡᠬᠦ ᠲᠥᠪ ᠵᠢᠴᠢ ᠰᠤᠷᠭᠠᠭᠤᠯᠢ | ᠣᠷᠣᠨ ᠨᠤᠲᠤᠭ ᠤᠨ ᠬᠠᠮᠲᠤᠷᠠᠭᠰᠠᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠪᠠ᠃ ᠴᠠᠭᠠᠨ ᠢᠳᠡᠭᠡ | ᠬᠠᠳᠠᠭᠠᠯᠠᠬᠤ ᠲᠥᠪ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠪᠠ᠂ ᠰᠢᠨ᠎ᠡ ᠬᠤᠷᠢᠶ᠎ᠠ ᠶᠢᠨ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠵᠥᠩ ᠯᠢᠶᠠᠩ ᠵᠢᠶᠠ ᠺᠠᠩ GGP ᠲᠠᠯᠠᠪᠤᠷ᠂ ᠶᠤᠸᠠᠨ ᠰᠢᠨ ᠶᠤᠸᠠᠨ ᠮᠠᠯᠵᠢᠯ ᠤᠨ ᠲᠠᠯᠠᠪᠠᠢ᠂ | ᠵᠥᠩ ᠰᠢᠨ ᠮᠠᠯ ᠤᠨ ᠠᠷᠠᠯᠵᠢᠶᠠᠨ ᠤ ᠲᠥᠪ ᠵᠡᠷᠭᠡ ᠲᠥᠷᠥᠯ ᠵᠦᠢᠯ ᠢ ᠪᠠᠶᠢᠭᠤᠯᠣᠨ ᠲᠠᠭᠤᠰᠬᠠᠭᠠᠳ | ᠠᠰᠢᠭᠯᠠᠯᠲᠠ ᠳᠤ ᠣᠷᠣᠭᠤᠯᠪᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ | ᠨᠡᠶᠢᠭᠡᠮᠯᠢᠭ ᠢ ᠪᠠᠶᠢᠭᠤᠯᠵᠤ᠂ 26 ᠮᠢᠬᠠᠨ ᠤ ᠦᠬᠡᠷ ᠨᠠᠶᠢᠳᠠᠨ ᠲᠡᠵᠢᠭᠡᠬᠦ ᠲᠥᠪ ᠂ 47 ᠲᠤᠰᠬᠠᠢ ᠬᠤᠷᠰᠢᠶᠠᠵᠢᠯ | ᠪᠠ ᠲᠡᠵᠢᠭᠡᠨ ᠦᠷᠡᠵᠢᠭᠦᠯᠬᠦ ᠲᠣᠮᠣ ᠡᠷᠦᠬᠡ ᠂ 252 ᠭᠡᠷ ᠪᠦᠯᠢ ᠶᠢᠨ ᠮᠠᠯᠵᠢᠯ ᠤᠨ ᠲᠠᠯᠠᠪᠠᠢ ᠂ 12 ᠮᠢᠬᠠᠨ ᠤ | ᠦᠬᠡᠷ ᠲᠡᠵᠢᠭᠡᠨ ᠦᠷᠡᠵᠢᠭᠦᠯᠬᠦ ᠲᠤᠰᠬᠠᠢ ᠲᠣᠰᠬᠤᠨ ᠢ ᠪᠠᠶᠢᠭᠤᠯᠪᠠ᠃ ᠪᠦᠬᠦ ᠬᠤᠰᠢᠭᠤᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠡᠳ᠋ᠰᠢᠭᠦᠯᠦᠭᠰᠡᠨ ᠨᠣᠷᠮ᠎ᠠ 75 % ᠳᠤ ᠬᠦᠷᠴᠦ᠂ ᠮᠠᠯ | ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ 87 % ᠳᠤ ᠬᠦᠷᠪᠡ᠃ ︽ | ᠣᠩᠨᠢᠭᠤᠳ ᠨᠠᠷᠢᠮᠤ︾ ᠨᠢ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ | ᠥᠩᠭᠡᠷᠡᠭᠡᠵᠦ᠂ ᠣᠩᠨᠢᠭᠤᠳ ᠬᠤᠰᠢᠭᠤ ᠨᠢ ᠪᠥᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠪᠣᠬᠢᠷᠲᠤᠯ ᠥᠬᠡᠶ ᠲᠠᠷᠢᠶᠠᠯᠠᠩ ᠤᠨ ᠬᠡᠷᠡᠭᠰᠡᠯ ᠤᠨ ᠲᠠᠰ ᠳᠡᠪᠰᠢᠭᠦᠯᠬᠦ ᠠᠵᠢᠯᠯᠠᠭ᠎ᠠ ᠶᠢᠨ ᠲᠤᠷᠰᠢᠯᠲᠠ ᠶᠢᠨ ᠬᠤᠰᠢᠭᠤ | ᠰᠢᠶᠠᠨ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠨᠢ ᠰᠢᠰᠢ ᠶᠢᠨ ᠦᠷ᠎ᠡ ᠦᠢᠯᠡᠳᠬᠦ ᠲᠣᠮᠣ ᠰᠢᠶᠠᠨ | ᠢᠶᠠᠷ ᠦᠨᠡᠯᠡᠭᠳᠡᠵᠦ ᠂ ︽ᠳᠤᠮᠳᠠᠳᠤ ᠤᠯᠤᠰ ᠤᠨ ᠰᠠᠭᠠᠭ ᠤᠨ ᠲᠥᠪ︾ ᠭᠡᠬᠦ ᠢᠷᠠᠭᠤ ᠠᠯᠳᠠᠷ ᠢ ᠭᠥᠷᠳᠡᠪᠡ᠃ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠵᠦ᠂ 8 ᠵᠤᠷᠪᠤᠰ ᠰᠣᠳᠣᠨ ᠵᠢᠭᠤᠯᠴᠢᠯᠠᠯ ᠤᠨ ᠱᠤᠭᠤᠮ ᠂ ᠬᠠᠰ ᠯᠣᠣ ᠡᠯᠡᠰᠦᠨ ᠨᠠᠭᠤᠷ ᠤᠨ ︽ᠡᠯᠡᠰᠦᠨ | ᠴᠦᠯ ᠤᠨ ᠪᠢᠴᠢᠬᠠᠨ ᠪᠠᠭᠠᠲᠤᠷ︾ ᠤᠨ ᠰᠠᠭᠤᠷᠢᠨ ᠭᠠᠵᠠᠷ᠂ ᠣᠯᠠᠨ ᠲᠦᠮᠡᠨ ᠤ ᠤᠷᠠᠯᠢᠭ ᠤᠨ ᠣᠷᠳᠣᠨ᠂ | ᠷᠠᠰᠢᠶᠠᠨ ᠤ ᠵᠢᠭᠤᠯᠴᠢᠯᠠᠯ ᠤᠨ ᠬᠤᠷᠰᠢᠶ᠎ᠠ ᠶᠢ ᠠᠰᠢᠭᠯᠠᠯᠲᠠ ᠳᠤ ᠣᠷᠣᠭᠤᠯᠪᠠ᠃ ︽ᠣᠩᠨᠢᠭᠤᠳ ᠬᠤᠷᠢᠮ︾ ᠤᠨ | ᠪᠠᠷᠢᠮᠲᠠᠲᠤ ᠹᠢᠯᠢᠮ ᠢ ᠰᠢᠩᠭᠡᠭᠡᠨ ᠲᠠᠭᠤᠰᠬᠠᠵᠦ᠂ ︽ᠨᠤᠭᠤᠨᠵᠠᠶᠠᠭ᠎ᠠ︾ ᠭᠡᠬᠦ ᠪᠣᠳᠠᠲᠤ ᠦᠵᠡᠮᠵᠢ ᠶᠢᠨ ᠵᠦᠴᠦᠭᠡ ᠨᠢ | ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠵᠢᠭᠤᠯᠴᠢᠯᠠᠯ ᠤᠨ ᠲᠣᠭᠯᠠᠯᠲᠠ ᠶᠢᠨ ᠰᠣᠳᠣᠨ ᠪᠦᠲᠦᠭᠡᠯ ᠢ | ᠭᠤᠤᠯᠳᠠᠯᠭ᠎ᠠ ᠲᠠᠢ ᠪᠣᠶᠢᠵᠢᠭᠤᠯᠬᠤ ᠨᠡᠷᠡᠰ ᠤᠨ ᠵᠢᠭᠰᠠᠭᠠᠯᠲᠠ ᠳᠤ ᠰᠣᠩᠭᠤᠭᠳᠠᠪᠠ᠃ ︽ᠪᠠᠭᠠᠴᠤᠳ ᠤᠨ ᠨᠠᠭᠠᠳᠤᠮ᠂ | ᠡᠯᠡᠰᠦᠨ ᠴᠥᠯ ᠤᠨ ᠪᠢᠴᠢᠬᠠᠨ ᠪᠠᠭᠠᠳᠣᠷ︾ ᠤᠨ ᠪᠥᠬᠦ ᠤᠯᠤᠰ ᠤᠨ ᠤᠷᠤᠯᠳᠤᠭᠠᠨ᠂ ᠡᠯᠡᠰᠦᠨ ᠴᠥᠯ ᠤᠨ ᠮᠠᠰᠢᠨ | ᠲᠡᠷᠭᠡᠨ ᠤ ᠬᠡᠭᠡᠷᠡᠯᠡᠬᠦ ᠤᠷᠤᠯᠳᠤᠭᠠᠨ᠂ ᠰᠧᠨᠳᠠᠨ ᠮᠣᠳᠣᠨ ᠤ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ᠂ | ᠪᠥᠬᠦ ᠠᠷᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠤᠯᠤᠰ ᠤᠨ ᠪᠠᠶᠠᠷ ᠢ ᠪᠡᠯᠭᠡᠯᠡᠬᠦ ᠳᠠᠭᠤᠤ ᠶᠢᠨ ᠴᠤᠭᠯᠠᠭᠠᠨ | ᠵᠡᠷᠭᠡ ᠰᠣᠶᠣᠯ ᠵᠢᠭᠤᠯᠴᠢᠯᠠᠯ ᠤᠨ ᠤᠷᠤᠯᠳᠤᠭᠠᠨ ᠢ ᠠᠮᠵᠢᠯᠲᠠ ᠲᠠᠢ ᠡᠷᠭᠢᠯᠡᠵᠦ᠂ ᠪᠥᠬᠦ ᠣᠷᠣᠨ ᠤ | ᠤᠯᠠᠭᠠᠨᠮᠥ᠋ᠴᠢᠷ ᠤᠨ ᠰᠠᠷ᠎ᠠ ᠵᠢᠴᠢ ᠰᠤᠷᠤᠯᠴᠠᠬᠤ ᠪᠦᠲᠦᠭᠡᠬᠦ ᠲᠣᠭᠯᠠᠬᠤ ᠶᠢᠨ ᠭᠤᠤᠯ ᠰᠡᠳᠦᠪᠲᠦ ᠬᠠᠷᠢᠭᠤ | ᠮᠡᠳᠡᠭᠦᠯᠦᠯᠲᠡ ᠶᠢᠨ ᠲᠣᠭᠯᠠᠯᠲᠠ ᠶᠢ ᠳᠠᠭᠠᠭᠠᠨ ᠡᠷᠭᠢᠯᠡᠪᠡ᠃ ᠪᠦᠬᠦ ᠵᠢᠯ ᠳᠤ ᠵᠤᠭᠠᠴᠠᠭᠰᠠᠳ ᠢ 253 ᠲᠦᠮᠡᠨ | ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 33 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠲᠣᠰᠪᠣᠷᠢ 65 . 4 % ᠪᠠ 57 . 1 % ᠨᠡᠮᠡᠭᠳᠡᠵᠡᠢ᠃ ᠭᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ᠂ | ᠰᠥᠨᠢ ᠶᠢᠨ ᠠᠵᠤ ᠠᠬᠤᠢ᠂ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠬᠠᠷᠠᠭᠠᠯᠵᠠᠬᠤ ᠵᠡᠷᠭᠡ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠡᠷᠡᠭᠯᠡᠭᠡ ᠶᠢ 3 . 8 ᠳ᠋ᠦᠩᠰᠢᠭᠤᠷ | ᠲᠥᠭᠦᠷᠢᠭ ᠳᠠᠶᠢᠴᠢᠯᠠᠪᠠ᠃ 12 ᠳᠡᠭᠡᠳᠦ ᠬᠢᠵᠠᠭᠠᠷ ᠤᠨ ᠨᠢᠭᠡᠳᠦᠯᠲᠠᠢ ᠣᠷᠣᠭᠤᠯᠣᠭᠰᠠᠨ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠪᠡ᠃ ︽ᠣᠩᠨᠢᠭᠤᠳ ᠤᠨ ᠰᠢᠯᠢᠳᠡᠭ | ᠪᠦᠲᠦᠭᠡᠭᠳᠡᠭᠦᠨ︾ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢ | ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠲᠡᠣᠭᠡᠨ | ᠬᠦᠰᠢᠭᠡ ᠶᠢ ᠨᠡᠭᠡᠭᠡᠪᠡ᠃ | ᠡᠨᠡ ᠨᠢᠭᠡ ᠵᠢᠯ ᠳᠤ᠂ ᠪᠢᠳᠡ ᠬᠠᠮᠠᠭᠠᠯᠠᠯᠲᠠ ᠶᠢ ᠠᠳᠬᠤᠬᠤ᠂ ᠵᠠᠰᠠᠯᠲᠠ ᠶᠢ ᠴᠢᠩᠭᠠᠳᠬᠠᠬᠤ ᠪᠠᠷ | ᠬᠦᠴᠦᠯᠡᠵᠦ᠂ ᠠᠮᠢ ᠠᠬᠤᠢ ᠣᠷᠴᠢᠨ ᠲᠣᠭᠤᠷᠢᠨ ᠰᠢᠨ᠎ᠡ ᠰᠠᠶᠢᠵᠢᠷᠠᠯᠲᠠ ᠲᠠᠢ ᠪᠣᠯᠪᠠ᠃ ᠪᠥᠬᠦ ᠬᠤᠲᠠ ᠳᠤ ᠡᠩ | ᠲᠡᠷᠢᠭᠦᠨ ᠳᠤ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠲᠡᠶᠢᠨ ᠤ ︽ᠠᠩᠬᠠᠨ ᠤ ᠫᠤᠤ︾ ᠶᠢ ᠲᠠᠯᠪᠢᠵᠤ᠂ | ᠪᠥᠬᠦ ᠣᠷᠣᠨ ᠤ ᠠᠩᠬᠠᠳᠠᠭᠴᠢ ︽ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠡᠯᠡᠰᠦᠷᠬᠡᠭᠵᠢᠯ ᠢ | ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠲᠥᠷᠥᠯ ᠵᠦᠢᠯ ᠢ ᠬᠡᠷᠡᠭᠵᠢᠭᠦᠯᠪᠡ᠂ ᠪᠦᠬᠦ ᠵᠢᠯ ᠳᠤ 27 ᠲᠦᠮᠡᠨ ᠮᠥ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠦ᠂ 10 . 6 ᠲᠦᠮᠡᠨ ᠮᠥ ᠣᠶ ᠰᠢᠭᠤᠶ ᠡᠪᠡᠰᠦ ᠪᠡᠯᠴᠢᠭᠡᠷ ᠤᠨ | ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠂ ᠳᠤᠮᠳᠠᠳᠤ ᠤᠯᠤᠰ ᠤᠨ ᠰᠧᠨᠳᠠᠨ ᠮᠣᠳᠣᠨ ᠤ ᠠᠮᠢ | ᠠᠬᠤᠶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠢ ᠪᠠᠶᠢᠭᠤᠯᠤᠨ ᠳᠠᠭᠤᠰᠬᠠᠵᠤ᠂ ᠭᠤᠷᠪᠠᠳᠤᠭᠠᠷ | ᠬᠤᠭᠤᠴᠠᠭᠠᠨ ᠤ ᠶᠡᠭᠡ ᠳᠤᠮᠳᠠ ᠠᠽᠢᠶ᠎ᠠ ᠶᠢᠨ ᠭᠠᠵᠠᠷ ᠣᠷᠣᠨ ᠤ ᠣᠶ ᠰᠢᠭᠤᠶ ᠶᠢᠨ ᠶᠠᠮᠤᠨ ᠤ ᠰᠠᠶᠢᠳ ᠤᠨ | ᠲᠠᠰ ᠤᠨ ᠬᠤᠷᠠᠯ ᠤᠨ ᠲᠥᠯᠥᠭᠡᠯᠡᠭᠴᠢᠳ ᠤᠨ ᠪᠦᠯᠬᠦᠮ ᠤᠨ ᠪᠠᠶᠢᠴᠠᠭᠠᠨ ᠰᠤᠳᠤᠯᠬᠤ ᠠᠵᠢᠯᠯᠠᠭ᠎ᠠ ᠶᠢ ᠳᠠᠭᠠᠭᠠᠨ | ᠡᠷᠭᠢᠯᠡᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠬᠠᠷᠢᠭᠤ | ᠲᠤᠰᠬᠠᠭᠰᠠᠨ ᠠᠰᠠᠭᠤᠳᠠᠯ ᠢ ᠲᠦᠷᠭᠡᠳᠬᠡᠨ ᠴᠡᠭᠴᠡᠯᠡᠨ ᠰᠠᠶᠢᠵᠢᠷᠠᠭᠤᠯᠵᠤ᠂ ᠰᠢᠩ ᠶᠠᠩ ᠢᠯᠴᠢ ᠶᠢᠨ ᠬᠦᠴᠦᠨ ᠤ | ᠨᠡᠭᠦᠷᠡᠰᠦ ᠰᠢᠲᠠᠭᠠᠬᠤ ᠭᠦᠸᠧᠯᠦ ᠶᠢᠨ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠡᠬᠢᠯᠡᠭᠦᠯᠵᠦ᠂ | ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ᠂ ᠽᠢ ᠴᠧᠩ ᠠᠮᠢᠳᠤᠷᠠᠯ ᠤᠨ ᠬᠤᠭ | ᠨᠣᠪᠰᠢ ᠰᠢᠢᠳᠪᠤᠷᠢᠯᠡᠬᠦ ᠦᠢᠯᠡᠳᠪᠤᠷᠢ ᠶᠢᠨ ᠭᠤᠤᠯ ᠴᠣᠭᠴᠠ ᠶᠢᠨ ᠠᠵᠢᠯ ᠢ ᠳᠠᠭᠤᠰᠬᠠᠪᠠ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ᠂ ᠣᠢ ᠰᠢᠭᠤᠢ ᠶᠢᠨ ᠳᠠᠷᠤᠭ᠎ᠠ ᠶᠢᠨ ᠳᠦᠷᠢᠮ ᠢ ᠭᠦᠨᠵᠡᠭᠡᠢ | ᠨᠠᠶᠢᠳᠠᠪᠤᠷᠢᠵᠢᠭᠤᠯᠵᠤ᠂ ᠭᠤᠣᠯ ᠢᠶᠠᠷ ᠭᠤᠣᠯ ᠮᠥᠷᠡᠨ ᠢ ᠲᠡᠵᠢᠭᠡᠬᠦ᠂ ᠣᠢ ᠰᠢᠭᠤᠢ ᠨᠤᠲᠤᠭ ᠪᠡᠯᠴᠢᠭᠡᠷ ᠤᠨ ᠬᠠᠤᠯᠢ | ᠬᠡᠷᠡᠭᠵᠢᠭᠦᠯᠬᠦ ᠰᠢᠰᠲ᠋ᠧᠮ ᠢ ᠳᠠᠬᠢᠨ ᠴᠣᠭᠴᠠᠯᠠᠬᠤ ᠵᠡᠷᠭᠡ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ | ᠰᠢᠷᠠᠮᠥ᠋ᠷᠡᠨ ᠭᠤᠤᠯ ᠤᠨ ᠬᠠᠤᠯᠢ ᠠᠴᠠ ᠵᠥᠷᠢᠴᠡᠨ ᠭᠤᠤᠯ ᠤᠨ ᠵᠠᠮ ᠢ ᠡᠵᠡᠯᠡᠭᠰᠡᠨ ᠦᠢᠯᠡ ᠠᠵᠢᠯᠯᠠᠭ᠎ᠠ ᠶᠢ | ᠬᠦᠴᠦᠲᠡᠶ ᠴᠡᠭᠴᠡᠯᠡᠨ ᠵᠠᠰᠠᠵᠤ᠂ 105 ᠭᠤᠤᠯ ᠤᠨ ᠬᠠᠰᠢᠯᠭ᠎ᠠ᠂ 1 . 2 ᠲᠦᠮᠡᠨ ᠮᠧᠲᠷ ᠢ ᠴᠡᠪᠡᠷᠯᠡᠨ ᠠᠷᠢᠯᠭᠠᠪᠠ | ᠃ ᠣᠩᠨᠢᠭᠤᠳ ᠬᠤᠰᠢᠭᠤ ᠨᠢ ᠪᠦᠬᠦ ᠤᠯᠤᠰ ᠤᠨ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ | ᠪᠠᠷᠢᠮᠵᠢᠶ᠎ᠡ ᠳᠤ ᠬᠦᠷᠦᠭᠰᠡᠨ ᠬᠤᠰᠢᠭᠤ ᠪᠠᠷ ᠲᠤᠭᠲᠠᠭᠠᠭᠳᠠᠪᠠ | | |