| | ᠡᠨᠡ ᠨᠢᠭᠡ ᠵᠢᠯ ᠳᠤ᠂ ᠪᠢᠳᠡ ᠳᠤᠲᠠᠭᠤᠳᠠᠯ ᠢᠶᠠᠨ ᠨᠥᠬᠦᠪᠥᠷᠢᠯᠡᠵᠦ᠂ ᠵᠣᠬᠢᠴᠠᠭᠤᠯᠭ᠎ᠠ ᠶᠢ | ᠠᠬᠢᠭᠤᠯᠬᠤ ᠪᠠᠷ ᠴᠢᠷᠮᠠᠶᠢᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠰᠢᠨ᠎ᠡ ᠳᠦᠷᠰᠦ ᠪᠠᠶᠢᠳᠠᠯ | ᠢᠯᠡᠷᠡᠪᠡ᠃ ︽ᠪᠣᠷᠣᠬᠤᠲᠠ ᠶᠢᠨ ᠬᠤᠶᠢᠲᠤ ᠬᠡᠰᠡᠭ ᠤᠨ ᠲᠣᠭᠤᠷᠢᠭ ᠤᠨ ᠲᠥᠯᠥᠪᠵᠢᠭᠦᠯᠪᠡ︾ ᠶᠢ ᠨᠠᠶᠢᠷᠠᠭᠤᠯᠤᠨ | ᠳᠠᠭᠤᠰᠬᠠᠵᠤ᠂ ᠰᠢᠷᠠᠮᠥ᠋ᠷᠡᠨ ᠵᠡᠭᠡᠯᠢ ᠶᠢᠨ ᠨᠢᠭᠡᠳᠦᠭᠡᠷ ᠬᠤᠭᠤᠴᠠᠭ᠎ᠠ᠂ ᠰᠢᠨᠬᠤᠸᠠ ᠵᠡᠭᠡᠯᠢ ᠶᠢᠨ ᠥᠭᠡᠷᠡᠴᠢᠯᠡᠯᠲᠡ | ᠵᠡᠷᠭᠡ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠵᠦ᠂ ᠴᠢᠦᠸᠠᠨ ᠨᠢᠩ ᠵᠠᠮ ᠤᠨ | ᠥᠭᠡᠷᠡᠴᠢᠯᠡᠯᠲᠡ᠂ ᠢᠦᠢ ᠯᠦᠩ ᠵᠠᠮ ᠤᠨ ᠪᠠᠷᠠᠭᠤᠨᠳᠠᠬᠢ ᠰᠠᠭᠤᠷᠢ ᠢᠵᠢ ᠪᠦᠷᠢᠳᠦᠭᠦᠯᠬᠦ ᠵᠡᠷᠭᠡ ᠲᠥᠷᠦᠯ ᠵᠦᠢᠯ ᠤᠨ | ᠪᠦᠲᠦᠭᠡᠨ ᠪᠠᠢᠭᠤᠯᠤᠯᠲᠠ ᠶᠢ ᠲᠦᠷᠭᠡᠳᠬᠡᠪᠡ᠃ ᠪᠢᠨ ᠾᠧ C ᠲᠣᠭᠤᠷᠢᠭ ᠤᠨ ᠬᠤᠶᠠᠳᠤᠭᠠᠷ ᠬᠤᠭᠤᠴᠠᠭ᠎ᠠ᠂ ᠶᠠ | ᠳᠠᠩ ᠢᠦᠢ ᠰᠠᠭᠤᠭᠠᠯᠢ ᠲᠣᠭᠤᠷᠢᠭ ᠤᠨ ᠪᠠᠷᠢᠯᠭ᠎ᠠ ᠳᠠᠭᠤᠰᠴᠤ ᠡᠬᠢᠯᠡᠨ ᠬᠤᠳᠠᠯᠳᠣᠪᠠ᠃ ᠱᠦᠢ ᠠᠨ ᠴᠦᠨ | ᠴᠧᠩ ᠶᠢᠨ ᠭᠤᠷᠪᠠᠳᠤᠭᠠᠷ ᠬᠤᠭᠤᠴᠠᠭ᠎ᠠ᠂ ᠪᠧᠢ ᠳ᠋ᠡ ᠮᠢᠶᠣᠣ ᠣᠷᠣᠨ ᠰᠠᠭᠤᠴᠠ ᠶᠢᠨ ᠲᠣᠭᠤᠷᠢᠭ ᠢ ᠡᠬᠢᠯᠡᠨ | ᠪᠠᠶᠢᠭᠤᠯᠵᠤ᠂ 39 ᠬᠠᠭᠤᠴᠢᠨ ᠰᠠᠭᠤᠭᠠᠯᠢ ᠲᠣᠭᠤᠷᠢᠭ ᠶᠢ ᠥᠭᠡᠷᠡᠴᠢᠯᠡᠨ ᠵᠠᠰᠠᠬᠤ ᠶᠢ ᠠᠬᠢᠭᠤᠯᠪᠠ᠃ 4 ᠰᠠᠭᠤᠷᠢ | ᠨᠡᠶᠢᠲᠡ ᠶᠢᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 5 ᠵᠤᠷᠪᠤᠰ ᠵᠡᠭᠡᠯᠢ ᠭᠤᠳᠤᠮᠵᠢ ᠶᠢ ᠵᠠᠰᠠᠵᠤ᠂ | 1703 ᠨᠡᠶᠢᠲᠡ ᠶᠢᠨ ᠲᠡᠷᠭᠡᠨ ᠵᠣᠭᠰᠣᠭᠠᠯ ᠢ ᠰᠢᠨ᠎ᠡ ᠪᠠᠷ ᠨᠡᠮᠡᠭᠳᠡᠭᠦᠯᠵᠦ᠂ 7 . 6 ᠺᠢᠯᠤᠮᠧᠲᠷ ᠡᠯ᠎ᠡ | ᠲᠥᠷᠥᠯ ᠤᠨ ᠬᠤᠭᠤᠯᠠᠢ ᠲᠣᠣᠷ ᠢ ᠰᠢᠨᠡᠳᠬᠡᠨ ᠵᠠᠰᠠᠪᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ | ᠬᠤᠲᠠ ᠶᠢᠨ ᠳᠠᠬᠢᠨ ᠬᠢᠨᠠᠯᠲᠠ ᠶᠢ ᠤᠷᠤᠭᠰᠢᠲᠠᠶ ᠥᠩᠭᠡᠷᠡᠭᠡᠵᠦ᠂ ᠭᠤᠳᠠᠭᠠᠷ ᠬᠥᠩ ᠪᠠᠯᠭᠠᠰᠤ ᠤᠯᠤᠰ ᠤᠨ ᠡᠷᠡᠭᠦᠯ | ᠬᠠᠮᠠᠭᠠᠯᠠᠯ ᠤᠨ ᠰᠢᠶᠠᠩ ᠪᠠᠯᠭᠠᠰᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ 3 . 2 ᠳ᠋ᠦᠩᠰᠢᠭᠤᠷ | ᠲᠥᠭᠦᠷᠢᠭ ᠤᠨ ᠡᠯ᠎ᠡ ᠲᠥᠷᠥᠯ ᠤᠨ ᠵᠣᠯᠭᠠᠭᠤᠯᠬᠤ ᠪᠡᠯᠡ ᠮᠥᠩᠭᠦ ᠣᠷᠣᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ 96 ᠲᠥᠷᠦᠯ ᠵᠦᠢᠯ ᠢ ᠬᠡᠷᠡᠭᠵᠢᠭᠦᠯᠵᠦ᠂ 3500 ᠡᠷᠦᠬᠡ ᠶᠢᠨ ᠵᠣᠷᠯᠣᠩ ᠢ | ᠥᠭᠡᠷᠡᠴᠢᠯᠡᠨ ᠪᠠᠶᠢᠭᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ ᠠᠵᠤ ᠠᠬᠤᠶᠢᠯᠠᠯ ᠤᠨ | ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠷᠡᠭᠯᠡᠭᠡ ᠪᠠᠷ ᠬᠠᠪᠰᠤᠷᠤᠨ | ᠲᠡᠳᠬᠦᠬᠦ ᠶᠢ 10 . 4 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠮᠤᠵᠢ ᠶᠢᠨ ᠵᠠᠮ 304 ᠱᠤᠭᠤᠮ ᠤᠨ | ᠳ᠋ᠠᠰᠢᠩ ᠠᠴᠠ ᠬᠠᠢᠯᠠᠰᠤ ᠬᠦᠷᠬᠦ ᠬᠡᠰᠡᠭ ᠨᠢ ᠪᠦᠬᠦ ᠱᠤᠭᠤᠮ ᠢᠶᠠᠷ ᠨᠡᠪᠲᠡᠷᠡᠵᠦ᠂ S 28 ᠪᠣᠷᠣᠬᠤᠲᠠ ᠠᠴᠠ ᠴᠢᠪᠠᠭ᠎ᠠ | ᠬᠦᠷᠬᠦ ᠲᠦᠷᠭᠡᠨ ᠵᠠᠮ᠂ ᠮᠤᠵᠢ ᠶᠢᠨ ᠵᠠᠮ 210 ᠱᠤᠭᠤᠮ᠂ ᠤᠯᠠᠭᠠᠨᠬᠠᠳᠠ ᠳ᠋ᠠᠪᠠᠨ ᠪᠠᠶᠠᠨᠬᠤᠸᠠ ᠬᠦᠷᠬᠦ ᠲᠡᠮᠦᠷ | ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠭᠡᠷᠡᠴᠢᠯᠡᠯᠲᠡ ᠵᠡᠷᠭᠡ ᠲᠥᠷᠦᠯ ᠵᠦᠢᠯ ᠢ ᠱᠠᠯᠠᠪᠳᠠᠨ ᠠᠬᠢᠭᠤᠯᠵᠤ᠂ | ᠪᠤᠷᠤᠬᠤᠲᠠ ᠠᠴᠠ ᠪᠠᠶᠠᠨᠳᠤᠬᠤᠢ ᠬᠦᠷᠬᠦ ᠵᠠᠰᠠᠮᠠᠯ ᠵᠠᠮ ᠨᠢ ︽ᠪᠦᠬᠦ ᠤᠯᠤᠰ ᠤᠨ ᠠᠷᠪᠠᠨ ᠶᠡᠭᠡ ᠬᠠᠮᠤᠭ ᠤᠨ ᠭᠤᠶᠤ | ᠬᠥᠳᠡᠭᠡ ᠲᠣᠰᠬᠤᠨ ᠤ ᠵᠠᠰᠠᠮᠠᠯ ᠵᠠᠮ︾ ᠢᠶᠠᠷ ᠭᠤᠶᠤᠴᠢᠯᠠᠨ ᠮᠡᠳᠡᠭᠦᠯᠪᠡ᠃ ᠪᠠ ᠨᠠᠢ ᠹᠦ᠋ ᠶᠢᠨ 500 | ᠺᠢᠯᠤᠸᠤᠯᠲ ᠤᠨ ᠴᠠᠬᠢᠯᠭᠠᠨ ᠬᠦᠷᠭᠡᠬᠦ ᠱᠤᠭᠤᠮ᠂ ᠰᠢᠷᠠᠮᠥ᠋ᠷᠡᠨ ᠤ 220 ᠺᠢᠯᠤᠸᠤᠯᠲ ᠤᠨ ᠴᠠᠬᠢᠯᠭᠠᠨ ᠬᠦᠷᠭᠡᠬᠦ | ᠬᠤᠪᠢᠰᠬᠠᠬᠤ ᠱᠤᠭᠤᠮ᠂ ᠰᠢ ᠴᠠᠩ — ᠽᠢ ᠴᠧᠩ ᠤᠨ 220 ᠺᠢᠯᠤᠸᠤᠯᠲ ᠤᠨ ᠱᠤᠭᠤᠮ᠂ ᠬᠤᠶᠢᠲᠤ ᠲᠡᠭᠦᠷᠭᠡ | ᠵᠡᠷᠭᠡ 66 ᠺᠢᠯᠤᠸᠤᠯᠲ ᠤᠨ ᠴᠠᠬᠢᠯᠭᠠᠨ ᠬᠦᠷᠭᠡᠬᠦ ᠦᠷᠳᠡᠭᠡ ᠶᠢ ᠥᠭᠡᠷᠡᠴᠢᠯᠡᠬᠦ 3 ᠢᠨᠵᠧᠨᠧᠷᠢᠩ ᠢ ᠡᠮᠬᠢ | ᠵᠢᠷᠤᠮ ᠲᠠᠢ ᠪᠠᠷ ᠬᠡᠷᠡᠭᠵᠢᠭᠦᠯᠪᠡ᠃ ᠴᠦᠨᠳᠦᠪ ᠤᠨ ᠭᠤᠣᠯ ᠤᠨ ᠤᠰᠤᠨ ᠤ ᠣᠷᠴᠢᠨ ᠠᠬᠤᠢ ᠶᠢ ᠶᠡᠷᠦᠩᠬᠡᠶᠢᠯᠡᠨ | ᠵᠠᠰᠠᠬᠤ᠂ ᠰᠢᠷᠠᠮᠥ᠋ᠷᠡᠨ ᠭᠤᠣᠯ ᠤᠨ ᠦᠶᠡᠷ ᠢ ᠰᠡᠷᠭᠡᠶᠢᠯᠡᠬᠦ ᠵᠠᠰᠠᠯᠲᠠ᠂ ᠳ᠋ᠠ ᠰᠢᠩ ᠤᠰᠤᠯᠠᠯᠲᠠ ᠶᠢᠨ ᠣᠷᠣᠨ ᠢ | ᠦᠷᠭᠦᠯᠵᠢᠯᠡᠨ ᠢᠵᠢ ᠪᠦᠷᠢᠳᠦᠭᠦᠯᠬᠦ ᠵᠢᠴᠢ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠢᠨᠵᠧᠨᠧᠷᠢᠩ ᠢ ᠯᠠᠪᠳᠠᠭᠤᠨ | ᠪᠠᠲᠤᠲᠠᠢ ᠠᠬᠢᠭᠤᠯᠪᠠ᠃ 5 G ᠰᠠᠭᠤᠷᠢ ᠥᠷᠲᠡᠭᠡ 221 ᠶᠢ ᠰᠢᠨ᠎ᠡ ᠪᠠᠷ ᠪᠠᠶᠢᠭᠤᠯᠪᠠ᠃ | ᠡᠨᠡ ᠨᠢᠭᠡ ᠵᠢᠯ ᠳᠤ᠂ ᠪᠢᠳᠡ ᠬᠤᠷᠢᠭ᠎ᠠ ᠱᠤᠭᠤᠮ ᠢ ᠰᠠᠬᠢᠵᠤ᠂ ᠠᠷᠠᠳ ᠳᠤ ᠠᠰᠢᠭ ᠬᠦᠷᠲᠡᠭᠡᠬᠦ ᠪᠠᠷ | ᠴᠢᠷᠮᠠᠶᠢᠵᠤ᠂ ᠨᠡᠶᠢᠭᠡᠮ ᠤᠨ ᠦᠢᠯᠡᠰ ᠰᠢᠨ᠎ᠡ ᠳᠡᠭᠲᠡᠷ ᠲᠤ ᠭᠠᠷᠪᠠ᠃ ᠪᠥᠬᠦ ᠵᠢᠯ ᠤᠨ ᠠᠷᠠᠳ ᠤᠨ ᠠᠮᠢᠳᠤᠷᠠᠯ ᠤᠨ | ᠵᠠᠷᠤᠯᠭ᠎ᠠ 42 . 5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20 % ᠪᠠᠷ | ᠨᠡᠮᠡᠭᠳᠡᠪᠡ᠃ ᠪᠣᠷᠣᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠵᠢᠴᠢ ᠬᠤᠭᠤᠯᠠᠨ | ᠭᠡᠷ᠂ ᠳ᠋ᠠ ᠰᠢᠩ ᠪᠠᠭ᠎ᠠ ᠰᠤᠷᠭᠠᠭᠤᠯᠢ ᠶᠢᠨ ᠪᠠᠢᠷᠢ ᠶᠢᠨ ᠠᠰᠠᠷ᠂ ᠬᠠᠶᠢᠯᠠᠰᠤ ᠬᠡᠦᠬᠡᠳ ᠤᠨ ᠴᠡᠴᠡᠷᠯᠢᠭ ᠵᠡᠷᠭᠡ 17 | ᠰᠤᠷᠭᠠᠨ ᠬᠥᠮᠦᠵᠢᠯ ᠤᠨ ᠲᠥᠷᠦᠯ ᠵᠦᠢᠯ ᠤᠨ ᠪᠠᠷᠢᠯᠭ᠎ᠠ ᠳᠠᠭᠤᠰᠴᠤ᠂ 15 ᠮᠠᠯᠵᠢᠬᠤ ᠲᠠᠷᠢᠶᠠᠯᠠᠬᠤ ᠣᠷᠣᠨ ᠤ | ᠰᠤᠷᠭᠠᠭᠤᠯᠢ ᠶᠢᠨ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠰᠤᠷᠭᠠᠨ | ᠬᠥᠮᠦᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠪᠣᠷᠣᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠪᠠ | ᠪᠣᠷᠣᠬᠤᠲᠠ ᠶᠢᠨ ᠳᠣᠯᠣᠳᠤᠭᠠᠷ ᠪᠠᠭ᠎ᠠ ᠰᠤᠷᠭᠠᠭᠤᠯᠢ ᠶᠢ ᠨᠡᠶᠢᠯᠡᠭᠦᠯᠬᠦ ᠶᠢ ᠪᠡᠶᠡᠯᠡᠭᠦᠯᠪᠡ᠂ 30 ᠬᠥᠮᠦᠨ ᠠᠴᠠ | ᠳᠣᠭᠤᠭᠰᠢᠬᠢ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠢ 7 ᠬᠠᠰᠤᠵᠤ ᠨᠡᠶᠢᠯᠡᠭᠦᠯᠪᠡ᠃ ᠪᠦᠬᠦ | ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠢ ᠠᠮᠵᠢᠯᠲᠠ ᠲᠠᠢ | ᠪᠠᠶᠢᠭᠤᠯᠪᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠡᠪᠡᠳᠴᠢᠯᠡᠬᠦ ᠠᠴᠠ ᠡᠮᠦᠨ᠎ᠡ ᠰᠡᠷᠭᠡᠶᠢᠯᠡᠨ | ᠵᠠᠰᠠᠬᠤ ᠲᠥᠪ᠂ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠨ ᠵᠠᠰᠠᠬᠤ ᠲᠥᠪ ᠵᠡᠷᠭᠡ ᠲᠥᠷᠥᠯ | ᠵᠦᠢᠯ ᠨᠢ ᠪᠦᠬᠦᠨ ᠢᠶᠠᠷ ᠢᠶᠠᠨ ᠪᠠᠷᠢᠯᠭ᠎ᠠ ᠳᠠᠭᠤᠰᠴᠤ᠂ ᠽᠢ ᠴᠧᠩ ᠨᠡᠶᠢᠭᠡᠮ ᠲᠣᠭᠤᠷᠢᠭ ᠤᠨ ᠡᠮᠨᠡᠨ ᠰᠣᠪᠢᠯᠠᠬᠤ | ᠦᠢᠯᠡᠴᠢᠯᠡᠬᠡᠨ ᠤ ᠲᠥᠪ ᠢ ᠲᠦᠷᠭᠡᠳᠬᠡᠨ ᠠᠬᠢᠭᠤᠯᠵᠤ᠂ ᠴᠢᠶᠤᠤ ᠲᠸᠤ ᠡᠷᠡᠭᠦᠯ ᠬᠠᠮᠠᠭᠠᠯᠠᠯ ᠤᠨ ᠬᠤᠷᠢᠶ᠎ᠠ ᠬᠢᠭᠡᠳ | ᠤᠯᠠᠭᠠᠨᠬᠠᠳᠠ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠨᠢᠭᠲᠠᠷᠬᠠᠰᠠᠨ ᠬᠡᠯᠪᠡᠷᠢ ᠶᠢᠨ | ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠢᠭ ᠤᠨ ᠠᠵᠢᠯ ᠨᠢ ᠢᠯᠡᠳᠲᠡ ᠦᠷ᠎ᠡ ᠪᠦᠲᠦᠮᠵᠢ | ᠣᠯᠵᠤ᠂ ᠪᠥᠬᠦ ᠬᠤᠰᠢᠭᠤᠨ ᠤ ᠠᠩᠬᠠᠳᠠᠭᠴᠢ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠪᠣᠯᠬᠤ | ᠮᠧᠩ ᠺᠠᠩ ᠮᠣᠩᠭᠤᠯ ᠡᠮᠨᠡᠯᠭᠡ ᠶᠢᠨ ᠬᠤᠷᠢᠶ᠎ᠠ ᠨᠢ ᠡᠮᠴᠢᠯᠡᠭᠡ ᠬᠢᠵᠦ ᠡᠬᠢᠯᠡᠪᠡ᠃ ᠨᠠᠰᠤᠲᠠᠶᠢᠴᠤᠳ ᠢ ᠠᠰᠠᠷᠠᠨ | ᠰᠤᠪᠢᠯᠠᠬᠤ ᠬᠦᠷᠢᠶᠡᠯᠡᠩ᠂ ᠪᠸᠢ ᠱᠠᠨ ᠨᠡᠶᠢᠲᠡ ᠶᠢᠨ ᠣᠩᠭᠤᠨ ᠤ ᠴᠢᠨᠳᠠᠷ ᠤᠨ ᠲᠠᠩᠬᠢᠮ ᠢ ᠪᠠᠶᠢᠭᠤᠯᠵᠤ ᠳᠠᠭᠤᠰᠬᠠᠨ᠂ | 7 ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ 42 | ᠲᠣᠰᠬᠤᠨ ᠤ ᠱᠠᠲᠤᠨ ᠤ ᠨᠠᠰᠣᠳᠠᠨ ᠢ ᠠᠰᠠᠷᠠᠬᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ | ᠨᠠᠰᠤᠲᠠᠶᠢᠴᠤᠳ ᠤᠨ ᠭᠡᠷ ᠪᠦᠯᠢ ᠶᠢᠨ 1013 ᠡᠷᠦᠬᠡ ᠳᠤ ᠨᠠᠰᠤᠵᠢᠯ ᠤᠨ ᠠᠰᠠᠷᠠᠮᠵᠢᠲᠤ ᠥᠭᠡᠷᠡᠴᠢᠯᠡᠯᠲᠡ ᠬᠢᠪᠡ᠃ | ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠢ ᠬᠤᠲᠠ ᠶᠢᠨ ᠲᠡᠰ ᠤᠨ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠪᠠᠷ ᠳᠡᠪᠰᠢᠭᠦᠯᠪᠡ᠃ ᠬᠤᠰᠢᠭᠤᠨ ᠤ ᠲᠡᠰ ᠤᠨ ᠰᠤᠯᠠ | ᠠᠵᠢᠯᠯᠠᠭᠴᠢ ᠶᠢᠨ ᠵᠠᠬ᠎ᠠ ᠳᠡᠯᠭᠡᠭᠦᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠦᠬᠦ ᠵᠢᠯ ᠳᠤ ᠰᠢᠨ᠎ᠡ ᠪᠠᠷ | 3111 ᠬᠥᠮᠦᠨ ᠳᠤ ᠠᠵᠢᠯ ᠣᠯᠭᠤᠵᠤ᠂ 6 . 3 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ | ᠣᠯᠭᠤᠪᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠨᠤᠭᠤᠳ ᠢ | ᠲᠣᠭᠲᠠᠭᠠᠨ ᠨᠡᠶᠢᠲᠡᠯᠡᠵᠦ᠂ 401 ᠨᠡᠷ᠎ᠡ ᠡᠯ᠎ᠡ ᠲᠦᠷᠦᠯ ᠤᠨ ᠴᠢᠳᠠᠪᠤᠷᠢᠲᠠᠨ ᠢ ᠡᠯᠰᠡᠨ ᠠᠪᠴᠢᠷᠠᠵᠠᠢ᠃ ᠡᠯ᠎ᠡ | ᠲᠥᠷᠥᠯ ᠤᠨ ᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠶᠢ 11 . 4 ᠳ᠋ᠦᠩᠰᠢᠭᠤᠷ ᠲᠥᠭᠦᠷᠢᠭ ᠲᠠᠷᠬᠠᠭᠠᠪᠠ᠃ | | ᠡᠨᠡ ᠨᠢᠭᠡ ᠵᠢᠯ ᠳᠤ᠂ ᠪᠢᠳᠠ ᠥᠭᠡᠷᠡᠴᠢᠯᠡᠯᠲᠡ ᠶᠢ ᠠᠳᠬᠤᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ | ᠂ ᠠᠵᠤ ᠠᠬᠤᠢ ᠨᠡᠶᠢᠭᠡᠮ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠢ ᠰᠢᠯᠢᠳᠡᠭᠵᠢᠭᠦᠯᠬᠦ︾ | ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠢᠭᠡ ᠤᠴᠢᠷ ᠢ ᠨᠢᠭᠡ ᠤᠳᠠᠭ᠎ᠠ ᠳᠤ ᠬᠦᠢᠴᠡᠳᠬᠡᠬᠦ᠂ | ᠣᠷᠢᠳᠴᠢᠯᠡᠨ ᠪᠣᠯᠵᠣᠵᠦ ᠬᠤᠶᠢᠰᠢᠯᠠᠭᠤᠯᠤᠨ ᠬᠦᠢᠴᠡᠳᠬᠡᠬᠦ ᠂ ᠬᠠᠪᠰᠤᠷᠤᠨ ᠬᠦᠢᠴᠡᠳᠬᠡᠬᠦ ᠣᠷᠣᠯᠠᠨ | ᠬᠦᠢᠴᠡᠳᠬᠡᠬᠦ᠂ ᠪᠥᠬᠦ ᠣᠷᠣᠨ ᠳᠤ ᠨᠡᠶᠢᠳᠡᠮ ᠬᠦᠢᠴᠡᠳᠬᠡᠬᠦ ᠵᠡᠷᠭᠡ ᠠᠵᠢᠯ ᠢᠯᠡᠳᠲᠡ ᠦᠷ᠎ᠡ ᠪᠦᠲᠦᠮᠵᠢ ᠣᠯᠵᠤ᠂ ︽ | ᠨᠢᠭᠡ ᠯᠠ ᠤᠳᠠᠭ᠎ᠠ ᠳᠤ ᠬᠦᠢᠴᠡᠳᠬᠡᠬᠦ︾ ᠶᠢ ᠪᠦᠷᠢᠨ ᠪᠦᠷᠬᠦᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠦᠨᠳᠦᠰᠦᠨ ᠱᠠᠲᠤ᠂ ᠬᠦᠷᠢᠶᠡᠯᠡᠩ ᠲᠣᠭᠤᠷᠢᠭ ᠳᠠᠰᠢ ᠤᠷᠲᠤᠳᠬᠠᠬᠤ ᠶᠢ ᠯᠠᠪᠳᠠᠭᠤᠨ ᠢᠶᠠᠷ ᠠᠬᠢᠭᠤᠯᠵᠤ᠂ ᠰᠤᠮᠤ | ᠰᠢᠶᠠᠩ ᠪᠠᠯᠭᠠᠰᠤ ᠶᠢᠨ 90 ᠵᠦᠢᠯ᠂ ᠨᠡᠭᠡᠭᠡᠯᠲᠡ ᠶᠢᠨ ᠲᠣᠭᠤᠷᠢᠭ ᠤᠨ 103 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠢ ︽ᠣᠶᠢᠷ᠎ᠠ ᠬᠠᠪᠢ ᠳᠤᠨᠢ ᠬᠦᠢᠴᠡᠳᠬᠡᠬᠦ︾ ᠶᠢ ᠪᠡᠶᠡᠯᠡᠭᠦᠯᠪᠡ᠃ ︽ᠱᠠᠲᠤ | ᠬᠤᠪᠢᠶᠠᠨ ᠪᠠᠷᠢᠯᠭ᠎ᠠ ᠪᠠᠷᠢᠬᠤ ᠵᠥᠪᠰᠢᠶᠡᠷᠡᠯ︾᠂ ︽ᠭᠠᠭᠴᠠ ᠰᠠᠭᠤᠷᠢ ᠪᠠᠷ ᠰᠢᠯᠭᠠᠨ ᠠᠪᠬᠤ︾᠂ ︽ᠰᠢᠯᠭᠠᠨ | ᠪᠠᠶᠢᠴᠠᠭᠠᠬᠤ ᠶᠢ ᠨᠢᠭᠡᠳᠭᠡᠬᠦ︾ ᠵᠡᠷᠭᠡ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠵᠠᠭᠪᠤᠷ ᠲᠤ ᠰᠢᠨ᠎ᠡ ᠶᠢ ᠡᠭᠦᠳᠦᠨ | ᠬᠡᠷᠡᠭᠵᠢᠬᠦᠯᠪᠡ᠃ 12345 ᠬᠠᠯᠠᠮᠰᠢᠯ ᠤᠲᠠᠰᠤ ᠶᠢᠨ ︽ᠲᠠᠪᠤᠨ ᠨᠣᠷᠮ᠎ᠠ︾ ᠪᠥᠬᠦ ᠬᠤᠲᠠ ᠶᠢᠨ ᠲᠡᠷᠢᠭᠦᠨ ᠤ | ᠡᠩᠨᠡᠭᠡᠨ ᠳᠤ ᠣᠷᠣᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠵᠤ᠂ ᠬᠤᠰᠢᠭᠤᠨ ᠳᠤ ᠬᠠᠷᠢᠶᠠᠯᠠᠭᠳᠠᠬᠤ 4 ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠠᠰᠢᠭ ᠣᠯᠵᠠᠪᠤᠷᠢ ᠶᠢ 1054 | ᠲᠦᠮᠡᠨ ᠲᠥᠭᠦᠷᠢᠭ ᠠᠴᠠ ᠳᠡᠭᠡᠭᠰᠢ ᠲᠤᠰᠢᠶᠠᠵᠤ᠂ ᠪᠥᠬᠦ ᠣᠷᠣᠨ ᠤ ᠠᠩᠬᠠᠳᠠᠭᠴᠢ ᠪᠠᠯᠠ ᠲᠣᠬᠢᠷᠠᠭᠤᠯᠭ᠎ᠠ ᠶᠢᠨ | ᠬᠡᠪᠴᠢᠶ᠎ᠡ ᠪᠠᠷ ᠬᠠᠮᠤᠭ ᠤᠨ ᠶᠡᠭᠡ ︽ ᠦᠯᠡᠳᠡᠭᠡᠯ ᠬᠥᠷᠥᠩᠭᠡ ᠶᠢ ᠴᠢᠯᠥᠭᠡᠲᠡᠶ ᠬᠦᠢᠯᠭᠡᠭᠡᠭᠦ︾ ᠲᠥᠷᠥᠯ ᠵᠦᠢᠯ ᠢ | ᠠᠮᠵᠢᠯᠲᠠ ᠲᠠᠢ ᠭᠤᠶᠤᠴᠢᠯᠠᠨ ᠮᠡᠳᠡᠭᠦᠯᠵᠦ ᠬᠡᠷᠡᠭᠵᠢᠭᠦᠯᠦᠨ᠂ 7 . 9 ᠳ᠋ᠦᠩᠰᠢᠭᠤᠷ ᠲᠥᠭᠦᠷᠢᠭ ᠤᠨ | ᠲᠠᠷᠢᠶᠠᠯᠠᠩ ᠤᠨ ᠪᠠᠩᠬᠢ ᠶᠢᠨ ᠵᠢᠭᠡᠯᠡᠯᠭᠡ ᠶᠢ ᠲᠡᠮᠡᠴᠡᠨᠤᠯᠪᠠ᠃ ᠮᠠᠯᠵᠢᠬᠤ ᠲᠠᠷᠢᠶᠠᠯᠠᠬᠤ ᠣᠷᠣᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ | 30 ᠲᠦᠮᠡᠨ ᠮᠤ᠋ ᠪᠡᠶᠡᠯᠡᠭᠦᠯᠵᠦ᠂ 44 ᠭᠠᠴᠠᠭ᠎ᠠ ᠲᠣᠰᠬᠤᠨ ᠳᠤ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢ ᠥᠷᠨᠢᠭᠦᠯᠦᠨ᠂ ︽ᠭᠤᠷᠪᠠ ᠶᠢ ᠨᠢᠭᠡ ᠴᠣᠭᠴᠠᠵᠢᠭᠤᠯᠬᠤ︾ ᠲᠠᠷᠢᠶᠠᠯᠠᠩ ᠳᠤ ᠦᠢᠯᠡᠴᠢᠯᠡᠬᠦ 10 | ᠺᠣᠮᠫᠠᠨᠢ ᠶᠢ ᠪᠣᠳᠠᠲᠠᠢ ᠪᠠᠷ ᠠᠵᠢᠯᠯᠠᠭᠤᠯᠵᠤ᠂ ᠪᠥᠬᠦ ᠣᠷᠣᠨ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠬᠠᠶ ᠶᠢᠨ ᠭᠠᠵᠠᠷ ᠤᠨ ᠬᠤᠷᠠᠯ ᠢ ᠴᠥᠮ ᠣᠩᠨᠢᠭᠤᠳ ᠬᠤᠰᠢᠭᠤᠨ ᠳᠤ | ᠬᠤᠷᠠᠯᠳᠤᠭᠤᠯᠪᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠵᠤ᠂ | ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ 309 ᠮᠥ ᠭᠠᠵᠠᠷ ᠰᠢᠷᠣᠶ᠂ 468 ᠮᠥ ᠰᠤᠯᠠ ᠪᠠᠶᠢᠭ᠎ᠠ ᠭᠠᠵᠠᠷ | ᠰᠢᠷᠣᠶ ᠶᠢ ᠰᠢᠢᠳᠪᠤᠷᠢᠯᠡᠵᠤ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠬᠤ ᠶᠢ ᠪᠡᠶᠡᠯᠡᠭᠦᠯᠪᠡ᠃ | | ᠡᠨᠡ ᠨᠢᠭᠡ ᠵᠢᠯ ᠳᠤ ᠪᠢᠳᠡ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ᠂ | ᠠᠮᠤᠷ ᠲᠦᠪᠰᠢᠨ ᠤ ᠶᠡᠭᠡ ᠲᠠᠯ᠎ᠠ ᠶᠢ ᠰᠢᠨ᠎ᠡ ᠪᠠᠷ ᠪᠠᠬᠢᠵᠢᠭᠦᠯᠬᠦ ᠪᠠᠷ ᠬᠦᠴᠦᠯᠡᠨ ᠴᠢᠷᠮᠠᠶᠢᠪᠠ᠃ 9 ᠠᠮᠤᠷ | ᠲᠦᠪᠰᠢᠨ ᠤ ᠲᠤᠰᠬᠠᠶ ᠮᠡᠷᠭᠡᠵᠢᠯ ᠤᠨ ᠵᠥᠪᠯᠡᠯ ᠢ ᠪᠠᠶᠢᠭᠤᠯᠵᠤ᠂ ᠢᠯᠡᠴᠢᠯᠡᠨ ᠮᠡᠳᠡᠬᠦᠯᠦᠭᠰᠡᠳ ᠢ ᠱᠠᠩᠨᠠᠬᠤ᠂ | ᠰᠡᠷᠡᠮᠵᠢᠯᠡᠭᠦᠯᠵᠦ ᠪᠣᠯᠵᠣᠨ ᠶᠠᠷᠢᠯᠴᠠᠬᠤ ᠵᠡᠷᠭᠡ ᠲᠦᠷᠢᠮ ᠲᠣᠭᠲᠠᠴᠠ ᠶᠢ ᠲᠤᠭᠲᠠᠭᠠᠵᠤ᠂ ᠠᠮᠤᠷ ᠲᠦᠪᠰᠢᠨ ᠤ ᠳᠠᠯᠳᠠ | ᠬᠡᠮ ᠢ ᠨᠡᠶᠢᠲᠡ 2465 ᠵᠤᠷᠪᠤᠰ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠵᠠᠬᠢᠳᠠᠯ | ᠰᠣᠷᠪᠣᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠬᠡᠪ ᠤᠨ ᠪᠤᠰᠤ ᠪᠠᠷ | ᠳᠡᠭᠡᠭᠰᠢ ᠰᠤᠷᠪᠤᠯᠵᠢᠯᠠᠬᠤ ᠠᠵᠢᠯᠯᠠᠭ᠎ᠠ ᠶᠢ ᠬᠦᠴᠦᠲᠡᠢ ᠴᠡᠭᠴᠡᠯᠡᠨ ᠵᠠᠰᠠᠵᠤ᠂ ᠲᠥᠪ ᠤᠨ ᠵᠠᠬᠢᠳᠠᠯ ᠰᠣᠷᠪᠣᠯᠵᠢᠯᠠᠭ᠎ᠠ ᠶᠢ | ᠬᠤᠯᠪᠣᠭᠠᠯᠠᠨ ᠰᠢᠢᠳᠪᠦᠷᠢᠯᠡᠭᠰᠡᠨ᠂ ᠥᠪᠡᠷᠲᠡᠭᠡᠨ ᠵᠠᠰᠠᠬᠤ ᠣᠷᠣᠨ ᠠᠴᠠ ᠲᠤᠰᠢᠶᠠᠨ ᠰᠢᠢᠳᠪᠦᠷᠢᠯᠡᠭᠦᠯᠦᠭᠰᠡᠨ 54 | ᠵᠠᠬᠢᠳᠠᠯᠰᠣᠷᠪᠣᠯᠵᠢᠯᠠᠭᠠ ᠶᠢᠨ ᠵᠦᠢᠯᠡᠰ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ︽ᠭᠤᠷᠪᠠ ᠶᠢ ᠪᠠᠶᠢᠴᠠᠭᠠᠵᠤ | ᠨᠢᠭᠡ ᠶᠢ ᠬᠢᠵᠠᠭᠠᠷᠯᠠᠬᠤ︾ ᠶᠢ ᠲᠤᠰᠬᠠᠢ ᠲᠦᠷᠦᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠲᠥᠷᠥᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ︽ᠮᠡᠬᠡᠯᠡᠯ ᠢ ᠡᠰᠡᠷᠭᠦᠴᠡᠬᠦ | APP︾ ᠶᠢ ᠪᠠᠭᠤᠯᠭᠠᠭᠰᠠᠨ ᠠᠵᠢᠯ ᠤᠨ ᠦᠷ᠎ᠡ ᠪᠦᠲᠦᠮᠵᠢ ᠢᠯᠡᠷᠬᠡᠢ᠂ ᠴᠠᠬᠢᠯᠭᠠᠨ ᠬᠤᠯᠪᠣᠭᠠᠨ ᠤ ᠮᠡᠬᠡᠯᠡᠯ ᠤᠨ | ᠬᠡᠷᠡᠭ ᠠᠳᠠᠯᠢ ᠬᠤᠭᠤᠴᠠᠭᠠᠨ ᠤ ᠬᠢ ᠠᠴᠠ 42 . 7 % ᠪᠠᠷ ᠪᠠᠭᠤᠷᠠᠵᠤ᠂ ᠬᠤᠬᠢᠷᠠᠯ ᠤᠨ ᠵᠣᠭᠤᠰ ᠤᠨ ᠲᠤᠭ᠎ᠠ ᠨᠢ | ᠠᠳᠠᠯᠢ ᠬᠤᠭᠤᠴᠠᠭᠠᠨ ᠤ ᠬᠢ ᠠᠴᠠ 50 % ᠪᠠᠷ ᠪᠠᠭᠤᠷᠠᠪᠠ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ | ᠥᠭᠡᠷᠡᠴᠢᠯᠡᠯᠲᠡ ᠶᠢᠨ ᠲᠤᠬᠠᠶ ᠶᠢᠨ ᠭᠠᠵᠠᠷ ᠤᠨ ᠬᠤᠷᠠᠯ ᠢ ᠳᠠᠭᠠᠭᠠᠨ ᠡᠷᠬᠢᠯᠡᠪᠠ᠃ ᠬᠤᠰᠢᠭᠤ ᠰᠣᠮᠣ ᠰᠢᠶᠠᠩ | ᠭᠠᠴᠠᠭ᠎ᠠ ᠭᠤᠷᠪᠠᠨ ᠱᠠᠲᠤᠨ ᠤ ᠦᠨᠳᠦᠰᠦᠲᠡᠨ ᠤ ᠠᠵᠢᠯ ᠤᠨ ᠲᠣᠭᠲᠠᠯᠴᠠᠭ᠎ᠠ ᠶᠢ ᠪᠦᠷᠢᠨ ᠪᠣᠯᠭᠠᠨ | ᠲᠡᠭᠦᠯᠳᠡᠷᠵᠢᠭᠦᠯᠵᠦ᠂ ᠰᠡᠴᠡᠨᠳᠠᠯᠠ ᠭᠠᠴᠠᠭ᠎ᠠ ᠨᠢ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠶᠢᠰᠦᠳᠦᠭᠡᠷ ᠪᠦᠯᠦᠭ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂ ᠬᠤᠪᠢᠰᠬᠠᠯ ᠤᠨ ᠲᠡᠣᠭᠡᠳᠦ ᠪᠢᠴᠢᠭ ᠤᠨ | ᠦᠵᠡᠰᠬᠦᠯᠡᠩ ᠤᠨ ᠣᠷᠳᠣᠨ ᠨᠢ ᠤᠯᠠᠭᠠᠨᠬᠠᠳᠠ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢᠶᠠᠷ | ᠰᠣᠩᠭᠤᠭᠳᠠᠪᠠ᠃ ᠢᠳᠡᠭᠡᠨ ᠤ ᠵᠦᠢᠯ᠂ ᠡᠮ ᠤᠨ ᠵᠦᠢᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠂ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠵᠡᠷᠭᠡ ᠤᠯᠠᠨ ᠨᠡᠶᠢᠲᠡ ᠶᠢᠨ | ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ | | |