ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ‌‍ᠶᠢᠨ ᠵᠥᠪᠯᠡᠯ 2024 ᠣᠨ ᠤ  ᠠᠩᠬᠠᠳᠤᠭᠠᠷ ᠤᠳᠠᠭ᠎ᠠ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/2/22
       2 ᠰᠠᠷ᠎ᠠ ᠶᠢᠨ 20 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠲᠥᠷᠥᠯ ᠵᠦᠢᠯ ᠤᠨ  ᠵᠢᠷᠤᠭ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠵᠤ ᠪᠠᠲᠤᠯᠠᠪᠠ᠃       ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠯᠦᠪᠵᠢᠭᠦᠯᠭᠡ ᠶᠢᠨ ᠲᠤᠬᠠᠢ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢᠨ ᠬᠥᠭᠵᠢᠯᠲᠡ ᠶᠢ  ᠰᠠᠶᠢᠲᠤᠷ ᠬᠥᠲᠥᠯᠥᠨ ᠵᠢᠯᠤᠭᠤᠳᠬᠤ ᠬᠡᠷᠡᠭᠲᠡᠢ᠃ ᠭᠠᠵᠠᠷ ᠰᠢᠷᠣᠢ ᠶᠢᠨ ᠬᠠᠩᠭᠠᠯᠭ᠎ᠠ ᠶᠢ ᠴᠢᠩᠭ᠎ᠠ ᠠᠳᠬᠤᠵᠤ᠂ ︽ᠶᠡᠷᠦᠩᠬᠡᠢ ᠬᠡᠮᠵᠢᠶ᠎ᠡ ᠶᠢ ᠴᠢᠩᠭ᠎ᠠ ᠬᠠᠮᠢᠶᠠᠷᠴᠤ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ  ᠬᠢᠵᠠᠭᠠᠷᠯᠠᠨ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠵᠤ᠂ ᠠᠷᠪᠢᠲᠠᠢ ᠡᠷᠴᠢᠮᠯᠢᠭ ᠪᠠᠶᠢᠯᠭᠠᠬᠤ︾ ᠵᠠᠷᠴᠢᠮ ᠢ ᠴᠢᠩᠭ᠎ᠠ ᠵᠢᠷᠤᠮᠯᠠᠨ᠂ ᠡᠯ᠎ᠡ ᠲᠥᠷᠥᠯ ᠤᠨ ᠲᠥᠷᠥᠯ ᠵᠦᠢᠯ ᠢ ᠬᠠᠤᠯᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠵᠦ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠢᠷᠡᠭᠡᠳᠦᠢ ᠶᠢᠨ ᠬᠤᠳᠠ ᠶᠢᠨ ᠬᠥᠭᠵᠢᠯᠲᠡ ᠶᠢᠨ ᠪᠠᠶᠢᠳᠠᠯ ᠳᠤ ᠴᠢᠭᠯᠡᠭᠦᠯᠥᠨ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠠᠵᠤ ᠦᠢᠯᠡᠰ ᠤᠨ ᠬᠥᠭᠵᠢᠯᠲᠡ ᠪᠠ ᠴᠢᠬᠤᠯᠠ ᠶᠡᠭᠡ ᠲᠦᠷᠦᠯ  ᠵᠦᠢᠯ ᠤᠨ ᠪᠦᠲᠦᠭᠡᠨ ᠪᠠᠶᠢᠭᠤᠯᠤᠯᠲᠠ  ᠳᠤ ᠭᠦᠢᠴᠡᠳ ᠣᠷᠣᠨ ᠵᠠᠢ ᠶᠢᠨ ᠪᠠᠲᠤᠯᠠᠭ᠎ᠠ ᠬᠠᠩᠭᠠᠨ᠂ ᠬᠤᠳᠠ ᠪᠠᠯᠭᠠᠰᠤ ᠶᠢ ᠬᠦᠮᠦᠨ ᠠᠷᠠᠳ ᠣᠷᠣᠰᠢᠨ ᠰᠠᠭᠤᠬᠤ ᠳᠤ ᠨᠡᠩ ᠢᠯᠡᠭᠦᠦ ᠲᠣᠬᠢᠷᠠᠮᠵᠢᠲᠠᠢ ᠪᠣᠯᠭᠠᠵᠤ᠂ ᠠᠷᠠᠳ ᠤᠯᠠᠨ ᠤ ᠵᠣᠯ  ᠵᠢᠷᠭᠠᠯᠳᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃       ᠰᠦᠨ ᠮᠢᠩ ᠲᠤᠤ᠂ ᠯᠢᠨ ᠬᠤ᠋᠂ ᠳ᠋ᠤᠪᠳᠤᠨᠰᠠᠩᠬᠡ᠂ ᠴᠧᠨ ᠰᠦ ᠮᠧᠢ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠢ᠃
 
ᠢᠷᠡᠯᠲᠡ᠄ ᠤᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号